ᠴᠠᠭ ᠦᠶ᠎ᠡ ᠶᠢᠨ ᠬᠦᠭᠵᠢᠯᠳᠡ᠂ ᠬᠤᠳᠠ ᠬᠦᠳᠡᠭᠡᠨ ᠤ ᠠᠮᠢᠳᠤᠷᠠᠯ ᠤᠨ ᠵᠦᠷᠢᠶ᠎ᠡ ᠵᠡᠷᠭᠡ ᠠᠴᠠ ᠪᠤᠯᠵᠦ᠂ ᠠᠪᠤ | ᠲᠡᠭᠡᠳᠦ ᠶᠢᠨ ᠨᠤᠳᠤᠭ ᠤᠰᠤᠨ ᠳᠤ ᠪᠠᠨ ᠮᠠᠯᠴᠢᠨ ᠵᠠᠶᠠᠭ᠎ᠠ ᠪᠠᠨ ᠲᠡᠭᠡᠳᠦᠯᠡᠵᠦ᠂ ᠠᠮᠢᠳᠤᠷᠠᠵᠦ ᠰᠠᠭᠤᠨ᠎ᠠ ᠭᠡᠳᠡᠭ | ᠠᠯᠢ ᠪᠤᠯᠭᠠᠨ ᠵᠠᠯᠠᠭᠤᠴᠤᠳ ᠤᠨ ᠠᠮᠠᠷᠬᠠᠨ ᠠᠪᠳᠠᠭ ᠰᠤᠩᠭᠤᠯᠳᠠ ᠪᠢᠰᠢ ᠪᠤᠯᠤᠭᠰᠠᠨ ᠭᠡᠯᠳᠡᠢ᠃ ᠪᠠᠶᠠᠠᠬᠤᠸᠠ | ᠪᠠᠯᠭᠠᠰᠤᠨ ᠤ ᠵᠢᠪᠬᠤᠯᠠᠩᠳᠦ ᠭᠠᠴᠠᠭᠠᠨ ᠤ ᠮᠠᠯᠴᠢᠨ ᠴᠤᠭᠰᠦ᠋ᠯᠳᠡ ᠰᠡᠴᠡᠩᠭᠤᠸ᠎ᠠ ᠬᠤᠶᠠᠭᠤᠯᠠ ᠪᠠᠨ2010 ᠤᠨ | ᠳᠤ ᠬᠠᠨᠢ ᠶᠢᠨ ᠵᠠᠶᠠᠭ᠎ᠠ ᠬᠤᠯᠪᠤᠵᠦ᠂ ᠠᠶᠢᠯ ᠡᠷᠦᠬᠡ ᠲᠤᠯᠤᠭᠠᠶᠢᠯᠠᠵᠦ ᠡᠬᠢᠯᠡᠭᠰᠡᠨ ᠴᠠᠭ ᠠᠴᠠ ᠪᠠᠨ ᠠᠳᠡ ᠲᠡᠨᠳᠡ | ᠬᠦᠯᠦᠰᠦᠨ ᠠᠵᠢᠯ ᠬᠢᠵᠦ ᠠᠮᠢ ᠵᠠᠭᠤᠬᠤ ᠶᠢᠨ ᠤᠷᠤᠨ ᠳᠤ ᠬᠦᠳᠡᠭᠡ ᠨᠤᠳᠤᠭ ᠲᠤ ᠪᠠᠨ ᠬᠠᠷᠢᠵᠦ᠂ ᠮᠠᠯᠴᠢᠨ | ᠤᠳᠤᠮ ᠢᠶᠠᠨ ᠵᠠᠯᠭᠠᠮᠵᠢᠯᠠᠵᠦ᠂ ᠠᠮᠢᠳᠤᠷᠠᠯ ᠤᠳᠤᠷᠢᠳᠤᠯᠭ᠎ᠠ ᠪᠠᠨ ᠦᠭᠡᠳᠡ ᠨᠢ ᠲᠠᠳᠠᠶ᠎ᠠ ᠬᠡᠮᠡᠬᠦ ᠪᠤᠳᠤᠯ ᠢᠶᠠᠷ2011 | ᠤᠨ ᠳᠤ ᠦᠪᠡᠷ ᠤᠨ ᠬᠠᠭᠤᠴᠢᠨ ᠠᠪᠦᠯᠵᠢᠶᠡᠨ ᠳᠤ ᠪᠠᠨ ᠢᠷᠡᠵᠦ ᠮᠠᠯ ᠢᠶᠠᠨ ᠮᠠᠯᠵᠢᠵᠦ ᠡᠬᠢᠯᠡᠭᠰᠡᠨ ᠪᠠᠶᠢᠨ᠎ᠠ᠃ | ᠴᠦᠬᠡᠪᠦᠷᠢ ᠮᠠᠯ ᠲᠠᠢ ᠮᠠᠯᠵᠢᠬᠤ ᠠᠮᠢᠳᠤᠷᠠᠯ ᠢᠶᠠᠨ ᠡᠬᠢᠯᠡᠭᠦᠯᠦᠭᠰᠡᠨ ᠲᠡᠷᠡ ᠬᠤᠶᠠᠷ ᠶᠠᠮᠠᠷ ᠮᠠᠯ ᠤᠨ ᠦᠷᠳᠡᠭ | ᠦᠨ᠎ᠡ ᠨᠢ ᠬᠢᠮᠳᠠ ᠪᠠᠶᠢᠪᠠᠯ ᠲᠡᠭᠦᠨ ᠢ ᠨᠢ ᠬᠤᠳᠠᠯᠳᠤᠵᠦ ᠠᠪᠤᠨ ᠮᠠᠯᠵᠢᠠᠠᠰᠠᠭᠠᠷ ᠪᠠᠶᠢᠵᠦ᠂ ᠤᠳᠤ ᠪᠤᠯᠬᠤ ᠳᠤ | ᠵᠠᠭᠤᠭᠠᠳ ᠠᠳᠤᠭᠤ᠂ ᠵᠠᠭᠤᠭᠠᠳ ᠦᠬᠡᠷ ᠲᠠᠢ ᠪᠤᠯᠵᠠᠢ᠃ ᠲᠦᠷᠦ ᠶᠢᠨ ᠪᠤᠳᠤᠯᠭ᠎ᠠ ᠶᠢᠨ ᠵᠢᠭᠠᠪᠤᠷᠢ ᠪᠠᠷ ᠴᠦᠬᠡᠨ | ᠲᠤᠭᠠᠨ ᠤ ᠰᠢᠯᠢᠳᠡᠭ ᠡᠭᠦᠯᠳᠡᠷ ᠤᠨ ᠮᠠᠯ ᠤᠷᠤᠭᠤᠯᠤᠨ ᠬᠤᠷᠢᠵᠦ ᠲᠡᠵᠢᠭᠡᠬᠦ᠂ ᠪᠡᠯᠴᠢᠭᠡᠷᠯᠡᠭᠦᠯᠦᠨ ᠮᠠᠯᠵᠢᠬᠤ ᠶᠢ | ᠤᠶᠠᠯᠳᠤᠭᠤᠯᠤᠨ ᠮᠠᠯᠵᠢᠵᠦ᠂ ᠠᠰᠢᠭ ᠤᠷᠤᠯᠭ᠎ᠠ ᠪᠠᠨ ᠨᠡᠮᠡᠭᠳᠡᠭᠦᠯᠬᠦ ᠶᠢᠨ ᠲᠦᠯᠦᠭᠡ ᠨᠢᠳᠤᠨᠤᠨ50 ᠭᠠᠷᠤᠢ ᠲᠦᠮᠡᠨ | ᠲᠦᠭᠦᠷᠢᠭ ᠤᠨ ᠪᠡᠯᠡ ᠮᠦᠩᠭᠦ ᠤᠷᠤᠭᠤᠯᠵᠦ᠂208 ᠲᠡᠭᠰᠢ ᠲᠦᠷᠪᠡᠯᠵᠢᠨ ᠮᠧᠲᠷ ᠤᠨ ᠭᠡᠷ ᠪᠠᠶᠢᠰᠢᠩ᠂ ᠮᠢᠩᠭ᠎ᠠ | ᠭᠠᠷᠤᠢ ᠲᠡᠭᠰᠢ ᠲᠦᠷᠪᠡᠯᠵᠢᠨ ᠮᠧᠲᠷ ᠤᠨ ᠪᠦᠷᠢᠨ ᠢᠵᠢ ᠬᠠᠰᠢᠶ᠎ᠠ ᠰᠠᠷᠠᠪᠴᠢ ᠪᠠᠷᠢᠭᠰᠠᠨ ᠪᠠᠶᠢᠨ᠎ᠠ᠃ | | | | | | ᠮᠠᠯᠴᠢᠨ ᠬᠦᠮᠦᠨ ᠤ ᠬᠤᠪᠢ ᠳᠤ ᠡᠩ ᠲᠡᠷᠢᠭᠦᠨ ᠳᠤ ᠮᠠᠯ ᠤᠨ ᠬᠠᠰᠢᠶ᠎ᠠ ᠰᠠᠷᠠᠪᠴᠢ ᠰᠠᠭᠤᠷᠢ ᠲᠦᠬᠦᠭᠡᠷᠦᠮᠵᠢ | ᠰᠠᠶᠢᠨ ᠪᠠᠶᠢᠬᠤ ᠤᠴᠢᠷ ᠲᠠᠢ ᠪᠤᠯᠬᠤᠷ᠂ ᠴᠤᠭᠰᠦ᠋ᠯᠳᠡ ᠰᠡᠴᠡᠩᠭᠤᠸ᠎ᠠ ᠬᠤᠶᠠᠷ ᠮᠠᠨᠢ ᠦᠬᠡᠷ ᠮᠠᠯ ᠬᠤᠷᠢᠬᠤ᠂ | ᠲᠡᠵᠢᠭᠡᠯ ᠡᠪᠡᠰᠦ ᠬᠤᠷᠢᠶᠠᠬᠤ ᠫᠧᠩ ᠰᠠᠷᠠᠪᠴᠢ᠂ ᠮᠠᠯ ᠡᠮᠨᠡᠯᠭᠡ ᠶᠢᠨ ᠲᠦᠬᠦᠭᠡᠷᠦᠮᠵᠢ ᠵᠡᠷᠭᠡ ᠶᠢ ᠶᠠᠭᠤᠨ ᠤ ᠡᠮᠦᠨ᠎ᠡ | ᠨᠠᠷᠠᠯᠢᠭ ᠵᠤᠬᠢᠴᠠᠭᠤᠯᠤᠨ ᠨᠦᠳᠦᠭᠡᠨ ᠪᠠᠶᠢᠭᠤᠯᠵᠠᠢ᠃ ᠦᠪᠡᠷᠰᠡᠳ ᠤᠨ ᠰᠠᠭᠤᠬᠤ ᠰᠢᠨ᠎ᠡ ᠤᠷᠤᠨ ᠰᠠᠭᠤᠴᠠ ᠪᠠᠨ | ᠬᠤᠳᠠ ᠪᠠᠯᠭᠠᠰᠤᠨ ᠤ ᠠᠰᠠᠷ ᠲᠠᠭᠳᠦ ᠠᠴᠠ ᠲᠤᠳᠠᠭᠤ ᠦᠭᠡᠢ ᠲᠤᠬᠢᠯᠢᠭ ᠰᠠᠶᠢᠬᠠᠨ ᠵᠤᠬᠢᠴᠠᠭᠤᠯᠬᠤ ᠶᠢᠨ ᠲᠤᠰᠠᠳᠠ | ᠲᠡᠷᠡ ᠬᠤᠶᠠᠷ ᠲᠤᠤᠷ ᠰᠦᠯᠵᠢᠶ᠎ᠡ ᠠᠰᠢᠭᠯᠠᠬᠤ ᠪᠤᠶᠤ ᠨᠤᠳᠤᠭ ᠤᠰᠤᠨ ᠤ ᠬᠦᠮᠦᠰ ᠤᠨ ᠰᠢᠨ᠎ᠡ ᠣᠷᠣᠨ ᠰᠠᠭᠤᠴᠠ | ᠶᠢ ᠲᠤᠭᠤᠷᠢᠨ ᠦᠵᠡᠵᠦ ᠲᠤᠷᠰᠢᠯᠭ᠎ᠠ ᠬᠤᠷᠠᠮᠳᠤᠭᠤᠯᠤᠨ᠂ ᠦᠨᠦ ᠵᠤᠨ ᠬᠡᠭᠦ ᠳᠤ ᠰᠢᠨ᠎ᠡ ᠤᠷᠤᠨ ᠰᠠᠭᠤᠴᠠ ᠳᠤ | ᠪᠠᠨ ᠤᠷᠤᠬᠤ ᠪᠠᠷ ᠲᠦᠯᠦᠪᠯᠡᠵᠦ ᠪᠤᠢ᠃ | | | | | | | | | | | | ᠡᠳᠡᠨ ᠤ ᠡᠨᠡᠬᠦ ᠰᠢᠨ᠎ᠡ ᠪᠠᠷ ᠪᠦᠳᠦᠭᠡᠨ ᠪᠠᠶᠢᠭᠤᠯᠤᠭᠰᠠᠨ ᠤᠷᠤᠨ ᠰᠠᠭᠤᠴᠠ ᠪᠠ ᠮᠠᠯ ᠤᠨ ᠬᠠᠰᠢᠶ᠎ᠠ | ᠰᠠᠷᠠᠪᠴᠢ ᠨᠢ2022 ᠤᠨ ᠤ ᠪᠤᠭᠤᠳᠤ ᠬᠤᠳᠠ ᠶᠢᠨ ᠬᠤᠳᠠ ᠶᠢᠨ ᠲᠡᠰ ᠤᠨ ᠵᠢᠱᠢᠶ᠎ᠡ ᠦᠵᠡᠭᠦᠯᠬᠦ ᠭᠡᠷ ᠪᠦᠯᠢ ᠶᠢᠨ | ᠮᠠᠯᠵᠢᠯ ᠤᠨ ᠲᠠᠯᠠᠪᠠᠢ ᠶᠢᠨ ᠬᠢᠷᠢ ᠲᠦᠪᠰᠢᠨ ᠳᠤ ᠬᠦᠷᠴᠦ᠂ ᠵᠢᠱᠢᠶ᠎ᠡ ᠦᠵᠡᠭᠦᠯᠬᠦ ᠭᠡᠷ ᠪᠦᠯᠢ ᠶᠢᠨ ᠮᠠᠯᠵᠢᠯ ᠤᠨ | ᠲᠠᠯᠠᠪᠠᠢ ᠪᠠᠷ ᠦᠯᠡᠯᠡᠭᠳᠡᠭᠰᠡᠨ ᠪᠠᠶᠢᠨ᠎ᠠ᠃ | ᠡᠶᠢᠨᠬᠦ ᠴᠤᠭᠰᠦ᠋ᠯᠳᠡ ᠰᠡᠴᠡᠩᠭᠤᠸ᠎ᠠ ᠬᠤᠶᠠᠷ ᠮᠢᠨᠢ ᠤᠬᠠᠭᠠᠨ ᠰᠠᠮᠪᠠᠭ᠎ᠠ᠂ ᠵᠤᠷᠢᠭ ᠵᠤᠯᠪᠤᠭ᠎ᠠ ᠪᠠ ᠤᠶᠢᠭ᠎ᠠ ᠦᠭᠡᠢ | ᠬᠦᠳᠡᠯᠮᠦᠷᠢ ᠳᠤ ᠪᠠᠨ ᠲᠦᠰᠢᠭᠯᠡᠨ᠂ ᠠᠮᠢᠳᠤᠷᠠᠯ ᠠᠬᠤᠢ ᠪᠠᠨ ᠦᠭᠡᠳᠡ ᠨᠢ ᠲᠠᠳᠠᠵᠦ᠂ ᠰᠢᠨ᠎ᠡ ᠴᠠᠭ ᠤᠨ ᠵᠠᠯᠠᠭᠤ | ᠮᠠᠯᠴᠢᠨ ᠤ ᠭᠡᠷᠡᠯ ᠭᠢᠯᠪᠠᠭ᠎ᠠ ᠪᠠᠨ ᠰᠠᠴᠤᠷᠠᠭᠤᠯᠤᠨ᠂ ᠨᠤᠳᠤᠭ ᠣᠰᠣᠨ ᠤ ᠪᠠᠨ ᠬᠦᠮᠦᠨ ᠵᠤᠨ ᠳᠤ ᠱᠠᠭᠰᠢᠭᠳᠠᠵᠦ | ᠶᠠᠪᠤᠨ᠎ᠠ᠃ | | | | | | |