ᠲᠤᠯᠠᠭᠠᠨ ᠭᠡᠷ ᠨᠡᠶᠢᠭᠡᠮ ᠲᠤᠭᠤᠷᠢᠭ ᠤᠨ ᠬᠢᠨ ᠨᠡᠶᠢᠳᠡ ᠶᠢᠨ ᠠᠰᠠᠷᠠᠮᠵᠢ ᠶᠢᠨ ᠦᠰᠦ ᠵᠠᠰᠠᠬᠤ ᠰᠠᠶᠢᠨ ᠲᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠤᠬᠢᠶᠠᠨ ᠪᠠᠶᠢᠭᠤᠯᠵᠦ ᠦᠷᠨᠢᠭᠦᠯᠪᠡ
ᠨᠡᠶᠢᠲᠡᠯᠡᠭᠰᠡᠨ ᠴᠠᠭ᠄
2023/2/21
      2 ᠰᠠᠷ᠎ᠠ ᠶᠢᠨ21 ᠤ ᠡᠳᠦᠷ ᠤᠨ ᠦᠳᠡ ᠶᠢᠨ ᠡᠮᠦᠨ᠎ᠡ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ  ᠤ ᠲᠤᠯᠠᠭᠠᠨ ᠭᠡᠷ ᠨᠡᠶᠢᠭᠡᠮ ᠲᠤᠭᠤᠷᠢᠭ ᠤᠨ ᠬᠢᠨ ᠨᠡᠶᠢᠭᠡᠮ ᠲᠤᠭᠤᠷᠢᠭ ᠤᠨ ᠬᠦᠳᠡᠯᠭᠡᠭᠡᠨ ᠤ ᠦᠷᠦᠭᠡ ᠳᠤ ᠨᠡᠶᠢᠳᠡ  ᠶᠢᠨ ᠠᠰᠠᠷᠠᠮᠵᠢ ᠶᠢᠨ ᠦᠰᠦ ᠵᠠᠰᠠᠬᠤ ᠰᠠᠶᠢᠨ ᠲᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠵᠦ᠂ ᠬᠠᠷᠢᠶᠠᠳᠦ ᠤᠷᠤᠨ ᠤ ᠪᠠᠨ ᠭᠠᠭᠴᠠᠭᠠᠷ ᠰᠠᠭᠤᠭ᠎ᠠ ᠨᠠᠰᠤᠳᠠᠨ ᠪᠠ ᠬᠦᠳᠡᠯᠵᠦ ᠪᠠᠷᠢᠬᠤ ᠳᠤ ᠪᠠᠨ ᠲᠦᠭᠦᠮ ᠦᠭᠡᠢ ᠨᠠᠳᠤᠳᠠᠶᠢᠴᠤᠤᠯ ᠳᠤ ᠰᠠᠨ ᠲᠤᠷ᠎ᠠ ᠶᠢᠨ ᠦᠢᠯᠡᠴᠢᠯᠡᠭᠡ ᠬᠠᠩᠭᠠᠭᠰᠠᠨ ᠪᠠᠶᠢᠨ᠎ᠠ᠃      ᠰᠠᠶᠢᠨ ᠲᠤᠷ᠎ᠠ ᠶᠢᠨ ᠠᠵᠢᠯᠳᠠᠳ ᠨᠠᠰᠤᠳᠠᠶᠢᠴᠤᠳ ᠲᠤ ᠦᠰᠦ ᠶᠢ ᠨᠢ ᠵᠠᠰᠠᠵᠦ ᠦᠭᠬᠦ ᠶᠢᠨ ᠲᠠᠭᠠᠥ ᠵᠤᠭᠤᠭᠳᠠᠨ ᠶᠠᠷᠢᠯᠴᠠᠵᠦ᠂ ᠲᠤᠬᠠᠢ ᠶᠢᠨ ᠲᠠᠯᠠᠪᠤᠷ ᠲᠤ ᠬᠠᠯᠠᠭᠤᠨ ᠪᠦᠭᠡᠳ ᠪᠠᠶᠠᠷ ᠬᠦᠷ ᠲᠠᠢ ᠠᠭᠤᠷ ᠠᠮᠢᠰᠬᠤᠯ ᠪᠢᠯᠠᠬᠠᠵᠦ ᠪᠠᠶᠢᠯ᠎ᠠ᠃      ᠡᠨᠡ ᠤᠳᠠᠭ᠎ᠠ ᠶᠢᠨ ᠠᠵᠢᠯᠯᠠᠭ᠎ᠠ ᠳᠤ᠂ ᠲᠤᠯᠠᠭᠠᠨ ᠭᠡᠷ ᠨᠡᠶᠢᠭᠡᠮ ᠲᠤᠭᠤᠷᠢᠭ ᠤᠨ ᠬᠢᠨ ᠰᠠᠭᠤᠭᠠᠯᠢ ᠠᠷᠠᠳ  ᠤᠨ ᠪᠤᠳᠠᠳᠦ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠵᠦ᠂ ︽ᠪᠢ ᠤᠯᠠᠨ ᠲᠦᠮᠡᠨ ᠳᠤ ᠪᠤᠳᠠᠳᠠᠢ ᠠᠵᠢᠯ ᠬᠢᠵᠦ ᠦᠭᠬᠦ︾ ᠰᠠᠶᠢᠨ ᠲᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠵᠤᠷᠢᠭ ᠰᠠᠨᠠᠭ᠎ᠠ ᠳᠤ ᠰᠠᠭᠤᠷᠢᠯᠠᠨ᠂ ᠬᠠᠷᠢᠶᠠᠳᠦ ᠤᠷᠤᠨ ᠤ ᠪᠠᠨ ᠨᠠᠰᠤᠳᠠᠶᠢᠴᠤᠳ ᠲᠤ ᠰᠦᠢᠳᠭᠡᠯ ᠬᠤᠷᠢᠶᠠᠬᠤ ᠦᠭᠡᠢ ᠪᠠᠷ ᠦᠰᠦ ᠶᠢ ᠨᠢ ᠵᠠᠰᠠᠵᠦ ᠦᠭᠭᠦᠨ᠂ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠲᠤ ᠲᠤᠳᠤᠨᠤ ᠪᠦᠭᠡᠳ ᠲᠦᠭᠦᠮ ᠲᠦᠳᠡ ᠪᠤᠳᠠᠳᠠᠢ ᠦᠢᠯᠡᠴᠢᠯᠡᠭᠡ ᠬᠠᠩᠭᠠᠵᠦ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号