ᠠᠳᠤᠭᠤᠨ ᠤ ᠠᠵᠦ ᠦᠢᠯᠡᠰ ᠤᠨ ᠤᠷ᠎ᠠ ᠴᠢᠳᠠᠪᠤᠷᠢ ᠶᠢᠨ ᠪᠤᠯᠪᠠᠰᠤᠷᠠᠯ ᠦᠷᠨᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/2/21
      ᠮᠠᠨ ᠤ ᠬᠤᠰᠢᠭᠤᠨ ᠤ ᠠᠳᠤᠭᠤᠨ ᠤ ᠠᠵᠦ ᠦᠢᠯᠡᠰ ᠤᠨ ᠲᠦᠷᠭᠷᠨ ᠬᠦᠭᠵᠢᠯᠳᠡ ᠶᠢ ᠠᠬᠢᠭᠤᠯᠵᠦ᠂ ᠠᠵᠢᠯ ᠡᠷᠬᠢᠯᠡᠭᠰᠡᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠲᠡᠭᠡᠭᠰᠢᠯᠡᠯᠳᠡ ᠶᠢ ᠴᠢᠩᠭᠠᠳᠬᠠᠬᠤ ᠶᠢᠨ ᠲᠦᠯᠦᠭᠡ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠵᠢᠯ ᠤᠯᠤᠯᠳᠠ ᠶᠢᠨ ᠦᠢᠯᠡᠴᠢᠯᠡᠭᠡᠨ ᠤ ᠲᠦᠪ ᠤᠶᠢᠷᠷ᠎ᠠ  ᠶᠢᠨ ᠬᠤᠭᠤᠴᠠᠭᠠᠨ ᠳᠤ ᠠᠳᠤᠭᠤᠨ ᠤ ᠠᠵᠦ ᠦᠢᠯᠡᠰ ᠤᠨ ᠤᠷ᠎ᠠ ᠴᠢᠳᠠᠪᠤᠷᠢ ᠶᠢᠨ ᠪᠤᠯᠪᠠᠰᠤᠷᠠᠭᠤᠯᠤᠯ ᠦᠷᠨᠢᠭᠦᠯᠬᠦ  ᠪᠠᠷ ᠪᠤᠢ᠃      ᠨᠢᠭᠡ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠯ ᠳᠤ ᠤᠷᠤᠯᠴᠠᠬᠤ ᠬᠦᠮᠦᠰ ᠤᠨ ᠨᠦᠬᠦᠴᠡᠯ᠄ ᠬᠠᠥᠯᠢ ᠪᠠᠷ ᠲᠤᠭᠳᠠᠭᠠᠭᠰᠠᠨ ᠬᠦᠳᠡᠯᠮᠦᠷᠢᠯᠡᠬᠦ ᠨᠠᠰᠤ ︵ᠡᠷᠡᠭᠳᠡᠢ16  —60 ᠪᠦᠬᠦᠯᠢ ᠨᠠᠰᠤ᠂ ᠡᠮᠡᠭᠳᠡᠢ16 —50 ᠪᠦᠬᠦᠯᠢ ᠨᠠᠰᠤ︶ ᠶᠢᠨ ᠬᠡᠪᠴᠢᠶᠡᠨ ᠳᠤ ᠬᠦᠳᠡᠯᠮᠦᠷᠢᠯᠡᠬᠦ ᠴᠢᠳᠠᠪᠤᠷᠢ ᠲᠠᠢ ᠮᠦᠷᠳᠡᠭᠡᠨ ᠪᠤᠯᠪᠠᠰᠤᠷᠠᠭᠤᠯᠤᠯ ᠬᠦᠷᠳᠡᠬᠦ ᠬᠦᠰᠡᠯ ᠲᠠᠢ ᠪᠦᠭᠡᠳ ᠠᠵᠢᠯ ᠠᠯᠳᠠᠭᠰᠠᠨ ᠢᠶᠠᠷ ᠲᠠᠩᠰᠠᠯᠠᠭᠤᠯᠤᠭᠰᠠᠨ ᠬᠦᠮᠦᠰ᠃      ᠬᠤᠶᠠᠷ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠯ ᠳᠤ ᠤᠷᠤᠯᠴᠠᠬᠤ ᠬᠦᠮᠦᠰ ᠤᠨ ᠬᠡᠪᠴᠢᠶ᠎ᠡ ᠳᠤ ᠲᠤᠤᠷᠠᠬᠢ ᠵᠦᠢᠯᠡᠰ ᠪᠠᠭᠳᠠᠨ᠎ᠠ᠄ ᠪᠤᠯᠪᠠᠰᠤᠷᠠᠭᠤᠯᠤᠯ ᠬᠦᠷᠳᠡᠬᠦ ᠬᠦᠰᠡᠯ ᠲᠠᠢ ᠪᠠ ᠪᠤᠯᠪᠠᠰᠤᠷᠠᠯ ᠤᠨ ᠬᠡᠷᠡᠭᠴᠡᠭᠡ ᠲᠠᠢ ᠬᠤᠳᠠ ᠬᠦᠳᠡᠭᠡ ᠶᠢᠨ ᠡᠯ᠎ᠡ ᠲᠦᠷᠦᠯ ᠤᠨ ᠬᠦᠳᠡᠯᠮᠦᠷᠢᠴᠢᠳ ᠲᠤ ᠬᠠᠨᠳᠤᠭᠤᠯᠤᠨ᠂ ᠬᠤᠳᠠ ᠬᠦᠳᠡᠭᠡ ᠳᠤ ᠪᠠᠶᠢᠭ᠎ᠠ ᠠᠩᠬ᠎ᠠ ᠵᠡᠷᠭᠡ ᠶᠢᠨ ᠪᠠ ᠦᠨᠳᠦᠷ ᠵᠡᠷᠭᠡ ᠶᠢᠨ ᠲᠤᠮᠳᠠᠳᠦ ᠰᠤᠷᠭᠠᠭᠤᠯᠢ ᠲᠡᠭᠦᠰᠦᠭᠰᠡᠳ᠂ ᠮᠠᠯᠵᠢᠬᠤ ᠲᠠᠷᠢᠶᠠᠯᠠᠬᠤ ᠤᠷᠤᠨ᠂ ᠬᠤᠳᠠ ᠪᠠᠯᠭᠠᠰᠤ ᠶᠢᠨ ᠲᠠᠩᠰᠠᠯᠠᠭᠤᠯᠤᠭᠰᠠᠨ ᠠᠵᠢᠯ ᠠᠯᠳᠠᠭᠰᠠᠳ᠂ ᠴᠡᠷᠢᠭ ᠠᠴᠠ ᠬᠠᠯᠠᠭᠳᠠᠭᠰᠠᠳ᠂ ᠠᠵᠢᠯ ᠤᠨ ᠪᠠᠶᠢᠷᠢ ᠠᠴᠠ ᠪᠠᠨ ᠪᠠᠭᠤᠵᠦ ᠠᠵᠢᠯ ᠤᠯᠤᠭᠰᠠᠳ ᠵᠡᠷᠭᠡ ᠬᠦᠮᠦᠰ ᠲᠤ ᠭᠤᠤᠯᠳᠠᠯᠭ᠎ᠠ  ᠲᠠᠢ ᠪᠠᠷ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠯ ᠦᠷᠨᠢᠭᠦᠯᠦᠨ᠎ᠡ᠃      ᠭᠤᠷᠪᠠ᠂ ᠪᠤᠯᠪᠠᠰᠤᠷᠠᠭᠤᠯᠬᠤ ᠠᠭᠤᠯᠭ᠎ᠠ᠄ ᠮᠤᠩᠭᠤᠯ ᠮᠤᠷᠢᠨ ᠤ ᠬᠡᠷᠡᠭᠰᠡᠯ ᠢ ᠦᠢᠯᠡᠳᠬᠦ᠂ ᠮᠤᠷᠢ ᠨᠤᠮᠤᠳᠬᠤᠬᠠᠬᠤ᠂ ᠮᠤᠷᠢᠨ ᠤ ᠮᠡᠷᠭᠡᠵᠢᠯ ᠤᠨ ᠪᠤᠯᠪᠠᠰᠤᠷᠠᠯ ᠬᠢᠬᠦ ᠵᠡᠷᠭᠡ ᠪᠤᠢ᠃      ᠲᠦᠷᠪᠡ᠂ ᠨᠡᠷ᠎ᠡ ᠮᠡᠳᠡᠭᠦᠯᠬᠦ ᠭᠠᠵᠠᠷ ᠵᠢᠴᠢ ᠨᠡᠷ᠎ᠡ ᠮᠡᠳᠡᠭᠦᠯᠬᠦ ᠠᠷᠭ᠎ᠠ ᠮᠠᠶ᠋ᠢᠭ      ︵1︶ ᠨᠡᠷ᠎ᠡ ᠮᠡᠳᠡᠭᠦᠯᠬᠦ ᠭᠠᠵᠠᠷ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠵᠢᠯ ᠤᠯᠭᠤᠯᠳᠠ  ᠶᠢᠨ ᠦᠢᠯᠡᠴᠢᠯᠡᠭᠡᠨ ᠤ ᠲᠦᠪ ᠤᠨ ᠬᠤᠶᠠᠳᠤᠭᠠᠷ ᠲᠠᠪᠬᠤᠷᠭ᠎ᠠ ᠶᠢᠨ201 ᠠᠯᠪᠠᠨ ᠭᠡᠷ      ︵2︶ ᠬᠠᠷᠢᠯᠴᠠᠬᠤ ᠣᠳᠠᠰᠤ᠄8326599      ︵3︶ ᠰᠢᠥᠳᠠᠨ ᠬᠠᠶ᠋ᠢᠭ᠄dmqjyfwj123@163.com      (4) ᠣᠳᠠᠰᠤ ᠪᠠᠷ ᠪᠤᠶᠤ ᠲᠤᠬᠠᠢ ᠶᠢᠨ ᠭᠠᠵᠠᠷ ᠲᠤᠨᠢ ᠬᠦᠷᠴᠦ ᠨᠡᠷ᠎ᠡ ᠮᠡᠳᠡᠭᠦᠯᠵᠦ ᠪᠤᠯᠤᠨ᠎ᠠ᠂ ᠵᠦᠪᠬᠡᠨ ᠤᠪᠤᠭ ᠨᠡᠷ᠎ᠡ᠂ ᠬᠠᠷᠢᠯᠴᠠᠬᠤ ᠤᠳᠠᠰᠤ᠂ ᠪᠤᠯᠪᠠᠰᠤᠷᠠᠯ ᠤᠨ ᠲᠤᠰᠬᠠᠢ ᠮᠡᠷᠭᠡᠵᠢ᠊ ‍ᠯ ᠤᠨ ᠬᠠᠩᠭᠠᠪᠠᠯ ᠪᠤᠯᠴᠢᠬᠠᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号