ᠴᠢᠳᠠᠪᠤᠷᠢᠳᠠᠨ ᠢ ᠴᠢᠬᠤᠯᠠᠴᠢᠯᠠᠨ ᠬᠦᠮᠦᠵᠢᠭᠦᠯᠬᠦ ᠪᠤᠯ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ | ᠶᠢᠨ ᠰᠠᠭᠤᠷᠢ ᠮᠦᠨ᠃ ᠤᠶᠢᠷ᠎ᠠ ᠶᠢᠨ ᠵᠢᠯ ᠠᠴᠠ᠂ ᠲᠦᠪ ᠤᠨ ᠡᠳ᠋ ᠤᠨ ᠵᠠᠰᠠᠭ ᠤᠨ ᠬᠦᠴᠦᠳᠡᠢ ᠲᠡᠮᠵᠢᠯᠭᠡ | ᠲᠤᠤᠷ᠎ᠠ᠂ ᠮᠠᠨ ᠤ ᠤᠯᠤᠰ ᠦᠨᠳᠦᠷ ᠬᠡᠪ ᠪᠤᠯᠪᠠᠰᠤᠷᠠᠯ ᠲᠠᠢ ᠲᠠᠷᠢᠶᠠᠴᠢᠨ ᠢ ᠶᠡᠬᠡᠪᠡᠷ ᠬᠦᠮᠦᠵᠢᠭᠦᠯᠵᠦ᠂ ᠬᠦᠳᠡᠭᠡ | ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠬᠦᠴᠦᠳᠡᠢ ᠲᠤᠯᠭᠠᠭᠤᠷᠢᠯᠠᠯ | ᠬᠠᠩᠭᠠᠵᠦ ᠪᠠᠶᠢᠨ᠎ᠠ᠃ | ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ ᠢᠶᠠᠨ ᠬᠢᠬᠦ | ᠶᠢᠨ ᠬᠠᠮᠳᠦ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠ ᠤᠳᠤ ᠦᠶ᠎ᠡ ᠶᠢᠨ ᠲᠠᠷᠢᠶᠠᠯᠠᠩ ᠮᠠᠯ ᠠᠵᠦ | ᠠᠬᠤᠢ ᠶᠢᠨ ᠬᠦᠭᠵᠢᠯᠳᠡ ᠶᠢᠨ ᠴᠢᠳᠠᠪᠤᠷᠢᠳᠠᠨ ᠤ ᠬᠡᠷᠡᠭᠴᠡᠭᠡ ᠶᠢ ᠬᠠᠩᠭᠠᠬᠤ ᠶᠢᠨ ᠲᠦᠯᠦᠭᠡ᠂ ᠬᠤᠰᠢᠭᠤᠨ ᠤ | ᠲᠠᠷᠢᠶᠠᠯᠠᠩ ᠮᠠᠯ ᠠᠵᠦ ᠠᠬᠤᠢ ᠶᠢᠨ ᠲᠤᠪᠴᠢᠶ᠎ᠠ ᠲᠠᠷᠢᠶᠠᠯᠠᠩ ᠤᠨ ᠮᠠᠰᠢᠨᠴᠢ ᠶᠢ ᠵᠤᠬᠢᠶᠠᠨ ᠪᠠᠶᠢᠭᠤᠯᠵᠦ᠂ ᠲᠠᠷᠢᠶᠠᠯᠠᠩ | ᠤᠨ ᠮᠠᠰᠢᠨᠴᠢ ᠶᠢᠨ ᠲᠤᠰᠬᠠᠢ ᠰᠡᠳᠦᠪᠳᠦ ᠪᠤᠯᠪᠠᠰᠤᠷᠠᠭᠤᠯᠤᠯ ᠢ ᠦᠷᠨᠢᠬᠦᠯᠬᠦ ᠶᠢᠨ ᠬᠠᠮᠳᠦ ᠲᠠᠷᠢᠶᠠᠯᠠᠩ ᠤᠨ ᠮᠠᠰᠢᠨ ᠤ | ᠵᠢᠯᠤᠭᠤᠴᠢ ᠶᠢᠨ ᠦᠨᠡᠮᠡᠯ ᠤᠨ ᠰᠢᠯᠭᠠᠯᠳᠠ ᠲᠤᠬᠢᠷᠠᠭᠤᠯᠵᠦ᠂ ᠲᠠᠷᠢᠶᠠᠯᠠᠩ ᠤᠨ ᠮᠠᠰᠢᠨ ᠤ ᠬᠡᠷᠡᠭᠯᠯᠡᠳᠡ ᠶᠢᠨ | ᠠᠶᠤᠯᠭᠦᠢ ᠦᠢᠯᠡᠳᠪᠦᠷᠢᠯᠡᠯ ᠢ ᠪᠠᠳᠤᠯᠠᠵᠦ ᠪᠠᠶᠢᠨ᠎ᠠ᠃ | | | | | | ᠲᠤᠰ ᠣᠳᠠᠭᠠᠨ ᠤ ᠪᠤᠯᠪᠠᠰᠤᠷᠠᠯ ᠭᠤᠷᠪᠠᠨ ᠡᠳᠦᠷ ᠶᠠᠪᠤᠭᠳᠠᠵᠦ᠂ ᠤᠨᠤᠯ ᠪᠤᠯᠤᠨ ᠪᠤᠳᠠᠳᠠᠢ ᠦᠢᠯᠡᠳᠦᠯᠭᠡ ᠶᠢ | ᠤᠶᠠᠯᠳᠤᠭᠤᠯᠤᠨ᠂ ᠤᠯᠠᠨ ᠤ ᠱᠠᠭᠠᠷᠳᠠᠯᠭ᠎ᠠ ᠶᠢ ᠦᠨᠳᠦᠰᠦᠯᠡᠨ᠂ ᠲᠠᠷᠢᠶᠠᠯᠠᠩ ᠤᠨ ᠮᠠᠰᠢᠨ ᠤ ᠠᠶᠤᠯ ᠦᠭᠡᠢ | ᠠᠵᠢᠯᠯᠠᠬᠤ ᠵᠢᠴᠢ ᠨᠡᠶᠢᠭᠡᠮᠴᠢᠯᠡᠭᠰᠡᠨ ᠦᠢᠯᠡᠴᠢᠯᠡᠭᠡᠨ ᠤ ᠮᠡᠳᠡᠯᠭᠡ ᠪᠠᠷ ᠭᠤᠤᠯ ᠠᠭᠤᠯᠭ᠎ᠠ ᠪᠤᠯᠭᠠᠵᠦ᠂ ᠮᠠᠯᠴᠢᠨ | ᠲᠠᠷᠢᠶᠠᠴᠢᠨ ᠤ ᠲᠠᠷᠢᠶᠠᠯᠠᠩ ᠦᠢᠯᠡᠳᠪᠦᠷᠢᠯᠡᠯ ᠤᠨ ᠲᠤᠬᠠᠢ ᠬᠦᠭᠵᠢᠯᠳᠡ ᠶᠢᠨ ᠤᠶᠢᠯᠠᠭᠠᠭᠳᠠᠬᠤᠨ ᠢ ᠬᠤᠪᠢᠷᠠᠭᠤᠯᠬᠤ᠂ | ᠤᠨᠤᠯ ᠤᠨ ᠮᠡᠳᠡᠯᠭᠡ ᠶᠢ ᠲᠡᠭᠡᠭᠰᠢᠯᠡᠭᠦᠯᠬᠦ᠂ ᠦᠢᠯᠡᠳᠪᠦᠷᠢᠯᠡᠯ ᠤᠨ ᠤᠷ᠎ᠠ ᠴᠢᠳᠠᠪᠤᠷᠢ ᠪᠠ ᠨᠡᠶᠢᠭᠡᠮ ᠤᠨ | ᠦᠢᠯᠡᠴᠢᠯᠡᠭᠡᠨ ᠤ ᠴᠢᠳᠠᠪᠤᠷᠢ ᠶᠢ ᠲᠡᠭᠡᠭᠰᠢᠯᠡᠭᠦᠯᠬᠦ ᠶᠢ ᠵᠤᠷᠢᠵᠦ᠂ ᠲᠠᠷᠢᠶᠠᠯᠠᠩ ᠮᠠᠯ ᠠᠵᠦ ᠠᠬᠤᠢ ᠶᠢᠨ ᠬᠦᠭᠵᠢᠯᠳᠡ | ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠵᠤᠭᠰᠤᠴᠠ ᠪᠠᠷ ᠮᠠᠯᠴᠢᠨ ᠲᠠᠷᠢᠶᠠᠴᠢᠨ ᠤ ᠲᠤᠰᠬᠠᠢ ᠮᠡᠷᠭᠡᠵᠢᠯ ᠤᠨ ᠤᠷ᠎ᠠ | ᠴᠢᠳᠠᠪᠤᠷᠢ ᠪᠠ ᠡᠵᠡᠩᠨᠡᠯᠳᠡ ᠶᠢᠨ ᠴᠢᠳᠠᠪᠤᠷᠢ ᠶᠢ ᠲᠡᠭᠡᠭᠰᠢᠯᠡᠭᠦᠯᠦᠨ᠂ ᠲᠠᠷᠢᠶᠠᠯᠠᠩ ᠤᠨ ᠮᠡᠷᠭᠡᠵᠢᠯ ᠲᠠᠢ᠂ ᠡᠵᠡᠩᠨᠡᠯᠳᠡ | ᠬᠢᠬᠦ ᠳᠡᠭᠡᠨ ᠴᠢᠳᠠᠮᠠᠭᠠᠢ ᠤᠳᠤ ᠦᠶ᠎ᠡ ᠶᠢᠨ ᠲᠠᠷᠢᠶᠠᠯᠠᠩ ᠮᠠᠯ ᠠᠵᠦ ᠠᠬᠤᠢ ᠶᠢᠨ ᠬᠦᠭᠵᠢᠯᠳᠡ ᠶᠢᠨ ᠲᠠᠭᠠᠭᠤᠯᠤᠭᠴᠢ | ᠴᠢᠳᠠᠪᠤᠷᠢᠳᠠᠨ ᠢ ᠬᠦᠮᠦᠵᠢᠭᠦᠯᠬᠦ ᠪᠠᠷ ᠬᠠᠷᠠᠯᠳᠠ ᠪᠤᠯᠭᠠᠭᠰᠠᠨ ᠦᠨᠳᠦᠷ ᠬᠡᠪ ᠪᠤᠯᠪᠠᠰᠤᠷᠠᠯ ᠲᠠᠢ ᠮᠠᠯᠴᠢᠨ ᠲᠠᠷᠢᠶᠠᠴᠢᠨ | ᠢ ᠬᠦᠮᠦᠵᠢᠭᠦᠯᠵᠦ ᠪᠤᠢ᠃ | | | | | | | | |