ᠦᠷᠭᠡᠨ ᠤᠯᠠᠨ ᠮᠠᠯᠴᠢᠨ ᠲᠠᠷᠢᠶᠠᠴᠢᠨ ᠳᠤ ᠢᠯᠡᠭᠡᠬᠦ ᠵᠠᠬᠢᠳᠠᠯ
ᠨᠡᠶᠢᠲᠡᠯᠡᠭᠰᠡᠨ ᠴᠠᠭ᠄
2023/2/24
      ᠣᠳᠣᠬᠠᠨ ᠳᠤ ᠶᠠᠭ ᠡᠪᠦᠯ ᠬᠠᠪᠤᠷ ᠤᠨ ᠤᠯᠠᠷᠢᠯ ᠤᠨ ᠰᠢᠯᠵᠢᠯᠳᠡ ᠪᠤᠯᠵᠦ᠂ ᠠᠭᠠᠷ ᠤᠨ ᠲᠤᠯᠠᠭᠠᠨ ᠠᠭᠠᠵᠢᠮ  ᠢᠶᠠᠷ ᠲᠡᠭᠡᠭᠰᠢᠯᠡᠵᠦ᠂ ᠡᠳᠦᠷ ᠰᠦᠨᠢ ᠶᠢᠨ ᠲᠤᠯᠠᠭᠠᠨ ᠤ ᠵᠦᠷᠢᠶ᠎ᠡ ᠶᠡᠬᠡᠰᠴᠦ᠂ ᠤᠷᠴᠢᠨ ᠲᠤᠭᠤᠷᠢᠨ ᠳᠠᠬᠢ ᠡᠪᠡᠳᠴᠢᠨ ᠡᠭᠦᠰᠭᠡᠭᠴᠢ ᠮᠢᠺᠷᠤᠪ ᠶᠡᠭᠡ ᠪᠠᠷ ᠦᠷᠡᠵᠢᠵᠦ ᠪᠤᠢ᠃ ᠡᠨᠡ ᠵᠢᠯ ᠤᠨ ᠠᠭᠤᠷ ᠠᠮᠢᠰᠬᠤᠯ ᠤᠨ ᠬᠡᠪ ᠤᠨ ᠪᠤᠰᠤ ᠪᠠ ᠪᠦᠬᠦ ᠬᠤᠰᠢᠭᠤᠨ ᠤ ᠮᠠᠯ ᠵᠢᠭᠦᠷᠳᠡᠨ ᠢ ᠲᠡᠵᠢᠭᠡᠨ ᠦᠷᠡᠵᠢᠭᠦᠯᠬᠦ ᠬᠡᠮᠵᠢᠶ᠎ᠡ ᠶᠡᠭᠡ᠂ ᠮᠠᠯ ᠵᠢᠭᠦᠷᠳᠡᠨ ᠢ ᠠᠷᠠᠯᠵᠢᠶᠠᠯᠠᠬᠤ᠂ ᠰᠢᠯᠵᠢᠭᠦᠯᠦᠨ ᠵᠦᠭᠡᠭᠡᠪᠦᠷᠢᠯᠡᠬᠦ ᠶᠠᠪᠤᠳᠠᠯ ᠤᠯᠠᠰᠢᠷᠠᠭᠰᠠᠨ ᠵᠡᠷᠭᠡ ᠪᠤᠳᠠᠳᠦ ᠪᠠᠶᠢᠳᠠᠯ᠂ ᠪᠠᠰᠠ ᠰᠢᠪᠠᠭᠤ ᠮᠡᠳᠦ ᠶᠢᠨ ᠬᠡᠬᠡᠷ᠎ᠡ ᠶᠢᠨ ᠵᠢᠭᠦᠷᠳᠡᠨ ᠠᠮᠢᠳᠠᠨ ᠤ ᠨᠡᠭᠦᠳᠡᠯᠯᠡᠬᠦ᠂ ᠲᠦᠯ ᠲᠤᠰᠬᠤ ᠵᠠᠩᠭᠢᠯᠭ᠎ᠠ ᠶᠢᠨ ᠬᠤᠭᠤᠴᠠᠭᠠᠨ ᠳᠤ ᠪᠠᠶᠢᠭ᠎ᠠ ᠵᠡᠷᠭᠡ ᠠᠴᠠ ᠪᠤᠯᠵᠦ᠂ ᠲᠡᠵᠢᠭᠡᠨ ᠠᠷᠠᠴᠢᠯᠠᠵᠦ ᠬᠠᠮᠢᠶᠠᠷᠤᠭᠰᠠᠨ ᠨᠢ ᠮᠠᠭᠤ ᠪᠠ ᠠᠮᠢᠳᠤ ᠪᠤᠳᠠᠰ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠪᠤᠳᠠᠳᠠᠶᠢᠵᠢᠭᠤᠯᠤᠭᠰᠠᠨ ᠦᠭᠡᠢ ᠪᠠᠶᠢᠳᠠᠯ ᠳᠤ᠂ ᠰᠢᠯᠦᠬᠡᠢ ᠡᠪᠡᠳᠴᠢᠨ᠂ ᠪᠷᠦ᠋ᠼᠧᠯ ᠡᠪᠡᠳᠴᠢᠨ᠂ ᠠᠹᠷᠢᠺᠡ ᠲᠢᠪ ᠤᠨ ᠭᠠᠭ᠋ᠠᠢ ᠶᠢᠨ ᠬᠢᠵᠢᠭ᠂ ᠵᠢᠭᠦᠷᠳᠡᠨ ᠤ ᠬᠠᠯᠳᠠᠪᠤᠷᠢᠳᠦ ᠲᠠᠭᠰᠢᠭᠤᠷ ᠵᠡᠷᠭᠡ ᠠᠮᠢᠳᠠᠨ ᠤ ᠬᠢᠵᠢᠭ ᠡᠪᠡᠳᠴᠢᠨ ᠠᠮᠠᠷᠬᠠᠨ ᠡᠭᠦᠰᠬᠦ ᠬᠤᠭᠤᠴᠠᠭᠠᠨ ᠳᠤ᠂ ᠮᠠᠯ ᠵᠢᠭᠦᠷᠳᠡᠨ ᠢ ᠲᠡᠵᠢᠭᠡᠨ ᠦᠷᠡᠵᠢᠭᠦᠯᠬᠦ ᠠᠵᠢᠯ ᠡᠷᠬᠢᠯᠡᠵᠦ ᠪᠠᠶᠢᠭ᠎ᠠ ᠦᠷᠭᠡᠨ ᠤᠯᠠᠨ ᠮᠠᠯᠴᠢᠨ ᠲᠠᠷᠢᠶᠠᠴᠢᠳ ᠬᠠᠪᠤᠷ ᠤᠨ ᠤᠯᠠᠷᠢᠯ  ᠤᠨ ᠲᠡᠵᠢᠭᠡᠨ ᠦᠷᠡᠵᠢᠭᠦᠯᠬᠦ ᠶᠠᠪᠤᠴᠠ ᠳᠤ ᠲᠤᠤᠷᠠᠬᠢ ᠬᠡᠳᠦᠨ ᠵᠦᠢᠯ ᠢ ᠠᠩᠬᠠᠷᠪᠠᠯ ᠵᠤᠬᠢᠨ᠎ᠠ᠄      ᠨᠢᠭᠡ᠂ ᠮᠠᠯ ᠤᠨᠤᠭ᠎ᠠ ᠶᠢᠨ ᠭᠠᠳᠠᠨ᠎ᠠ ᠠᠴᠠ ᠢᠷᠡᠭᠰᠡᠨ ᠬᠢᠵᠢᠭ ᠤᠨ ᠡᠬᠢ ᠰᠤᠷᠪᠤᠯᠵᠢ ᠶᠢ ᠰᠡᠷᠭᠡᠶᠢᠯᠡᠬᠦ ᠠᠵᠢᠯ  ᠢ ᠰᠠᠶᠢᠳᠤᠷ ᠬᠢᠨ᠎ᠡ᠂ ᠬᠠᠪᠤᠷ ᠤᠨ ᠤᠯᠠᠷᠢᠯ ᠪᠤᠯ ᠮᠠᠯ ᠤᠨ ᠬᠢᠵᠢᠭ ᠡᠪᠡᠳᠴᠢᠨ ᠳᠤ ᠠᠮᠠᠷᠬᠠᠨ ᠨᠡᠷᠪᠡᠭᠳᠡᠬᠦ ᠤᠯᠠᠷᠢᠯ ᠮᠦᠨ᠂ ᠢᠯᠡᠩᠭᠤᠶ᠎ᠠ ︽ᠬᠠᠪᠤᠷ ᠤᠨ ᠠᠭᠤᠷ︾ ᠤᠨ ᠤᠷᠢᠳ ᠬᠤᠵᠢᠳ ᠢᠶᠠᠷ᠂ ᠵᠢᠭᠦᠷᠳᠡᠨ᠂ ᠭᠠᠭ᠋ᠠᠢ᠂ ᠦᠬᠡᠷ᠂ ᠬᠤᠨᠢ ᠢᠮᠠᠭ᠎ᠠ ᠵᠡᠷᠭᠡ ᠨᠢᠯᠬ᠎ᠠ ᠪᠠᠭ᠎ᠠ ᠵᠢᠭᠦᠷᠳᠡᠨ ᠠᠮᠢᠳᠠᠨ ᠳᠤ ᠲᠦᠪᠯᠡᠷᠡᠩᠭᠦᠢ ᠦᠯᠦ ᠬᠠᠯᠳᠠᠭᠠᠬᠤ ᠠᠵᠢᠯ ᠬᠢᠭᠡ ᠦᠭᠡᠢ᠂ ᠵᠢᠭᠦᠷᠳᠡᠨ ᠤ ᠬᠠᠯᠳᠠᠪᠤᠷᠢᠳᠦ ᠲᠠᠭᠰᠢᠭᠤᠷ᠂ ᠪᠷᠦ᠋ᠼᠧᠯ ᠡᠪᠡᠳᠴᠢᠨ᠂ ᠰᠢᠯᠦᠭᠡᠢ ᠡᠪᠡᠳᠴᠢᠨ ᠵᠡᠷᠭᠡ ᠬᠦᠨᠳᠦ ᠶᠡᠭᠡ ᠠᠮᠢᠳᠠᠨ ᠤ ᠬᠢᠵᠢᠭ ᠤᠨ ᠪᠠᠶᠢᠳᠠᠯ ᠡᠭᠦᠰᠬᠦ ᠶᠢ ᠠᠩᠬᠠᠷᠬᠤ ᠬᠡᠷᠡᠭᠳᠡᠢ᠂ ᠢᠯᠠᠩᠭᠤᠶ᠎ᠠ ᠭᠠᠳᠠᠷ ᠤᠷᠤᠨ ᠠᠴᠠ ᠮᠠᠯ ᠤᠨᠤᠭ᠎ᠠ ᠶᠢ ᠰᠢᠯᠵᠢᠭᠦᠯᠦᠨ ᠤᠷᠤᠭᠤᠯᠬᠤ ᠳᠤ ᠲᠡᠷ᠎ᠡ ᠲᠠᠷᠤᠢ ᠳᠤᠨᠢ ᠮᠠᠯ ᠤᠨ ᠸᠠᠺᠼᠢᠨ ᠢ ᠲᠠᠷᠢᠬᠤ ᠶᠢᠨ ᠬᠠᠮᠳᠦ ᠠᠷᠢᠭᠤᠳᠬᠠᠨ ᠲᠤᠰᠭᠠᠷᠯᠠᠬᠤ ᠠᠵᠢᠯ ᠢ ᠰᠠᠶᠢᠳᠤᠷ ᠬᠢᠬᠦ ᠬᠡᠷᠡᠭᠳᠡᠢ᠂ ᠪᠠᠰᠠ ᠨᠡᠭᠦᠳᠡᠯ ᠤᠨ ᠰᠢᠪᠠᠭᠤ ᠶᠢᠨ ᠨᠡᠭᠦᠳᠡᠯᠯᠡᠬᠦ ᠵᠠᠮ ᠳᠠᠭᠠᠨ ᠵᠢᠭᠦᠷᠳᠡᠨ ᠤ ᠬᠠᠯᠳᠠᠪᠤᠷᠢᠳᠦ ᠲᠠᠭᠰᠢᠭᠤᠷ ᠵᠡᠷᠭᠡ ᠠᠮᠢᠳᠠᠨ ᠤ ᠬᠢᠵᠢᠭ ᠡᠪᠡᠳᠴᠢᠨ ᠢ ᠡᠭᠦᠰᠭᠡᠬᠦ ᠶᠢ ᠠᠩᠬᠠᠷᠴᠦ᠂ ᠬᠡᠪ ᠤᠨ ᠪᠤᠰᠤ ᠪᠠᠶᠢᠳᠠᠯ ᠢ ᠤᠯᠵᠦ ᠮᠡᠳᠡᠪᠡᠯ ᠴᠠᠭ ᠲᠤᠬᠠᠢ ᠳᠤᠨᠢ ᠰᠦᠯᠵᠢᠶᠡᠨ ᠤᠨ ᠠᠵᠢᠯᠳᠠᠨ ᠪᠠ ᠲᠤᠬᠠᠢ ᠶᠢᠨ ᠭᠠᠵᠠᠷ ᠤᠨ ᠮᠠᠯ ᠠᠵᠦ ᠠᠬᠤᠢ ᠮᠠᠯ ᠡᠮᠨᠡᠯᠭᠡ ᠶᠢᠨ ᠦᠷᠳᠡᠭᠡ ᠳᠤ ᠮᠡᠳᠡᠭᠦᠯᠬᠦ ᠬᠡᠷᠡᠭᠳᠡᠢ᠃      ᠬᠤᠶᠠᠷ᠂ ᠮᠠᠯ ᠵᠢᠭᠦᠷᠳᠡᠨ ᠳᠤ ᠬᠠᠪᠤᠷ ᠤᠨ ᠤᠯᠠᠷᠢᠯ ᠤᠨ ᠲᠦᠪᠯᠡᠷᠡᠩᠭᠦᠢ ᠦᠯᠦ ᠬᠠᠯᠳᠠᠭᠠᠵᠦ ᠠᠵᠢᠯ ᠢ ᠰᠠᠶᠢᠳᠤᠷ ᠬᠢᠵᠦ᠂ ᠬᠠᠪᠤᠷ ᠤᠨ ᠤᠯᠠᠷᠢᠯ ᠤᠨ ᠠᠭᠠᠷ ᠤᠨ ᠲᠤᠯᠠᠭᠠᠨ ᠲᠡᠭᠡᠭᠰᠢᠯᠡᠵᠦ ᠤᠷᠴᠢᠨ ᠲᠤᠭᠤᠷᠢᠨ ᠳᠠᠬᠢ ᠡᠪᠡᠳᠴᠢᠨ ᠡᠭᠦᠰᠭᠡᠭᠴᠢ ᠮᠢᠺᠷᠤᠪ ᠲᠠᠰᠤᠷᠠᠯᠳᠠ ᠦᠭᠡᠢ ᠦᠷᠡᠵᠢᠵᠦ᠂ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠬᠠᠮᠤᠭ ᠤᠨ ᠲᠦᠭᠦᠮ ᠠᠷᠭ᠎ᠠ ᠬᠡᠮᠵᠢᠶ᠎ᠡ ᠪᠤᠯᠤᠨ᠎ᠠ᠂3 ᠳ᠋ᠤᠭᠠᠷ ᠰᠠᠷ᠎ᠠ ᠶᠢᠨ ᠲᠤᠮᠳᠠᠴᠢ ᠪᠠᠷ᠂ ᠮᠠᠨ ᠤ ᠲᠤᠪᠴᠢᠶ᠎ᠠ ᠠᠴᠠ ᠠᠮᠢᠳᠠᠨ ᠤ ᠬᠦᠨᠳᠦ ᠶᠡᠭᠡ ᠬᠢᠵᠢᠭ ᠡᠪᠡᠳᠴᠢᠨ ᠤ ᠬᠠᠪᠤᠷ ᠤᠨ ᠤᠯᠠᠷᠢᠯ ᠤᠨ ᠲᠦᠪᠯᠡᠷᠡᠩᠭᠦᠢ ᠦᠯᠦ ᠬᠠᠯᠳᠠᠭᠠᠬᠤ ᠠᠵᠢᠯ ᠢ ᠵᠤᠬᠢᠶᠠᠨ ᠪᠠᠶᠢᠭᠤᠯᠤᠨ᠎ᠠ᠂ ᠲᠡᠵᠢᠭᠡᠨ ᠦᠷᠡᠵᠢᠭᠦᠯᠬᠦ ᠲᠠᠯᠠᠪᠠᠢ ᠡᠷᠦᠬᠡ ᠨᠢ ᠲᠠᠷᠢᠶᠠᠯᠠᠩ ᠮᠠᠯ ᠠᠵᠦ ᠠᠬᠤᠢ ᠶᠢᠨ ᠲᠤᠪᠴᠢᠶ᠎ᠠ᠂ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠤ ᠠᠷᠠᠳ ᠤᠨ ᠵᠦᠪᠯᠡᠯ᠂ ᠦᠨᠳᠦᠰᠦᠨ ᠱᠠᠳᠣᠨ ᠤ ᠬᠢᠵᠢᠭ ᠢ ᠰᠡᠷᠭᠡᠶᠢᠯᠡᠬᠦ ᠠᠵᠢᠯᠳᠠᠳ ᠲᠠᠢ ᠬᠠᠮᠵᠢᠯᠴᠠᠨ ᠬᠠᠪᠤᠷ ᠤᠨ ᠤᠯᠠᠷᠢᠯ ᠤᠨ ᠲᠦᠪᠯᠡᠷᠡᠩᠭᠦᠢ ᠦᠯᠦ ᠬᠠᠯᠳᠠᠭᠠᠬᠤ ᠠᠵᠢᠯ ᠢ ᠰᠠᠶᠢᠳᠤᠷ ᠬᠢᠵᠦ᠂ ᠦᠯᠦ ᠬᠠᠯᠳᠠᠭᠠᠬᠤ ᠢᠵᠢᠯᠢ ᠪᠦᠳᠦᠮᠵᠢᠳᠡᠢ ᠪᠤᠳᠠᠳᠠᠶᠢᠵᠢᠬᠤ ᠶᠢ ᠪᠠᠳᠤᠯᠠᠬᠤ ᠬᠡᠷᠡᠭᠳᠡᠢ᠃      ᠭᠤᠷᠪᠠ᠂ ᠤᠨᠤᠪᠴᠢᠳᠠᠢ ᠪᠠᠷ ᠰᠡᠷᠭᠡᠶᠢᠯᠡᠨ ᠵᠠᠰᠠᠬᠤ ᠶᠢ ᠪᠡᠶᠡᠯᠡᠬᠦᠯᠵᠦ᠂ ᠬᠠᠪᠤᠷ ᠤᠨ ᠡᠬᠢ ᠪᠠᠷ ᠭᠡᠨᠡᠳᠳᠡ ᠲᠤᠯᠠᠭᠠᠷᠠᠵᠦ᠂ ᠠᠭᠤᠷ ᠠᠮᠢᠰᠬᠤᠯ ᠬᠤᠪᠢᠷᠠᠯᠳᠠ ᠶᠡᠬᠡᠳᠡᠢ ᠪᠤᠯᠵᠦ᠂ ᠮᠠᠯ ᠤᠨᠤᠭ᠎ᠠ ᠠᠭᠤᠷ ᠠᠮᠢᠰᠬᠤᠯ ᠤᠨ ᠬᠡᠨᠡᠳᠳᠡ  ᠶᠢᠨ ᠬᠤᠪᠢᠷᠠᠯᠳᠠ ᠠᠴᠠ ᠪᠤᠯᠵᠦ ᠠᠮᠠᠷᠬᠠᠨ ᠬᠢᠮᠤᠷᠠᠭ᠎ᠠ ᠳᠤ ᠨᠡᠷᠪᠡᠭᠳᠡᠨ᠎ᠡ᠃ ᠲᠡᠶᠢᠮᠤ ᠠᠴᠠ ᠡᠮᠴᠢᠯᠡᠭᠡᠨ ᠤ ᠲᠤᠭᠤᠷᠢᠨ ᠪᠠᠶᠢᠴᠠᠭᠠᠬᠤ ᠤᠳᠠᠭ᠎ᠠ ᠶᠢ ᠨᠡᠮᠡᠭᠳᠡᠭᠦᠯᠵᠦ᠂ ᠭᠤᠤᠯᠳᠠᠭᠤ ᠮᠠᠯ ᠤᠨᠤᠭ᠎ᠠ ᠶᠢᠨ ᠢᠳᠡᠰᠢᠯᠡᠬᠦ᠂ ᠤᠰᠤ ᠤᠮᠳᠠ ᠶᠢᠨ ᠨᠡᠮᠡᠭᠳᠡᠭᠰᠡᠨ ᠪᠠᠭᠠᠰᠤᠭᠰᠠᠨ ᠡᠰᠡᠬᠦ ᠶᠢ ᠠᠵᠢᠭᠯᠠᠨ᠎ᠠ᠃ ᠠᠮᠢᠰᠬᠤᠯ ᠤᠨ ᠲᠠᠪᠳᠠᠮᠵᠢ᠂ ᠠᠮᠢᠰᠬᠤᠯ ᠤᠨ ᠬᠡᠯᠪᠡᠷᠢ ᠨᠢ ᠬᠤᠪᠢᠷᠠᠯᠳᠠ ᠭᠠᠷᠤᠭᠰᠠᠨ ᠡᠰᠡᠬᠦ᠂ ᠬᠠᠨᠢᠶᠠᠬᠤ᠂ ᠨᠠᠶᠢᠳᠠᠭᠠᠬᠤ ᠡᠰᠡᠬᠦ ᠪᠡᠶ᠎ᠡ ᠶᠢᠨ ᠲᠤᠯᠠᠭᠠᠨ ᠨᠢ ᠬᠡᠪ ᠤᠨ ᠪᠡᠶᠢᠬᠤ ᠡᠰᠡᠬᠦ ᠨᠢᠳᠦ᠂ ᠬᠠᠮᠠᠷ ᠲᠤ ᠰᠢᠭᠦᠷᠡᠳᠡᠰᠦ᠂ ᠢᠳᠡᠭᠡᠳᠦ ᠰᠢᠩᠭᠡᠨ ᠪᠠᠶᠢᠬᠤ ᠡᠰᠡᠬᠦ ᠴᠢᠬᠢ᠂ ᠲᠦᠷᠪᠡᠨ ᠮᠦᠴᠢ ᠶᠢᠨ ᠠᠷᠠᠰᠤ ᠨᠢ ᠦᠩᠭᠡ ᠶᠢᠨ ᠬᠤᠪᠢᠷᠠᠯᠳᠠ ᠲᠠᠢ ᠡᠰᠡᠬᠦ᠂ ᠬᠠᠪᠤᠳᠠᠷ ᠲᠠᠢ ᠡᠰᠡᠬᠦ ᠵᠢᠴᠢ ᠪᠠᠭᠠᠬᠤ᠂ ᠰᠢᠭᠡᠬᠦ ᠬᠡᠪ ᠤᠨ ᠪᠤᠰᠤ ᠪᠠᠶᠢᠳᠠᠯ ᠲᠠᠢ ᠡᠰᠡᠬᠦ ᠶᠢ ᠠᠬᠢᠭᠯᠠᠨ᠎ᠠ᠃ ᠡᠪᠡᠳᠴᠢᠨ ᠲᠠᠢ ᠮᠠᠯ ᠢ ᠣᠯᠵᠦ ᠮᠡᠳᠡᠪᠡᠯ᠂ ᠡᠪᠡᠳᠴᠢᠨ ᠲᠠᠢ ᠮᠠᠯ ᠢ ᠲᠠᠷᠤᠶᠢᠬᠠᠨ ᠲᠤᠰᠭᠠᠷᠯᠠᠬᠤ ᠬᠠᠰᠢᠶᠠᠨ ᠳᠤ ᠰᠢᠯᠵᠢᠭᠦᠯᠦᠨ ᠤᠷᠤᠭᠤᠯᠵᠦ᠂ ᠲᠤᠰᠭᠠᠷ ᠨᠢ ᠲᠡᠵᠢᠭᠡᠨ ᠠᠷᠠᠴᠢᠯᠠᠬᠤ ᠬᠡᠷᠡᠭᠳᠡᠢ᠃      ᠲᠦᠷᠪᠡ᠂ ᠠᠹᠷᠢᠺᠡ ᠲᠢᠪ ᠤᠨ ᠭᠠᠭ᠋ᠠᠢ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠳᠤᠷ ᠬᠢᠬᠦ ᠪᠤᠯ ᠭᠠᠭ᠋ᠠᠢ ᠲᠡᠵᠢᠭᠡᠨ ᠦᠷᠡᠵᠢᠭᠦᠯᠬᠦ ᠲᠠᠯᠠᠪᠠᠢ ︵ᠡᠷᠦᠬᠡ︶ ᠶᠢᠨ ᠭᠦᠢᠴᠡᠳᠭᠡᠪᠠᠰᠦ ᠵᠤᠬᠢᠬᠤ ᠡᠭᠦᠷᠭᠡ ᠬᠠᠷᠢᠭᠤᠴᠠᠯᠭ᠎ᠠ ᠶᠤᠮ᠃ ᠤᠬᠢᠶᠠᠳᠠᠰᠤ ᠪᠠᠷ ᠭᠠᠭ᠋ᠠᠢ ᠲᠡᠵᠢᠭᠡᠬᠦ ᠶᠢ ᠴᠢᠩᠭ᠎ᠠ ᠴᠠᠭᠠᠵᠠᠯᠠᠨ᠎ᠠ᠂ ᠬᠤᠭᠤᠯᠠᠨ ᠭᠡᠷ᠂ ᠬᠤᠭᠤᠯᠠᠨ ᠲᠠᠩᠬᠢᠮ ᠵᠡᠷᠭᠡ ᠭᠠᠵᠠᠷ ᠤᠨ ᠤᠬᠢᠶᠠᠳᠠᠰᠤ ᠪᠠᠷ ᠭᠠᠭ᠋ᠠᠢ ᠲᠡᠵᠢᠭᠡᠬᠦ ᠦᠭᠡᠢ᠂ ᠦᠪᠡᠷ ᠤᠨ ᠭᠡᠷ ᠤᠨ ᠤᠬᠢᠶᠠᠳᠠᠰᠤ ᠪᠠᠷ ᠭᠠᠭ᠋ᠠᠢ ᠲᠡᠵᠢᠭᠡᠬᠦ ᠦᠭᠡᠢ᠃ ᠵᠦᠪᠰᠢᠶᠡᠷᠡᠯ ᠦᠭᠡᠢ ᠪᠠᠷ ᠭᠠᠳᠠᠷ ᠮᠤᠵᠢ ᠠᠴᠠ ᠲᠤᠷᠤᠢ ᠶᠢᠨ ᠡᠭᠦᠯᠳᠡᠷ ᠤᠨ ᠭᠠᠭ᠋ᠠᠢ ᠶᠢ ᠰᠢᠯᠵᠢᠭᠦᠯᠦᠨ ᠤᠷᠤᠭᠤᠯᠬᠤ ᠶᠢ ᠴᠠᠭᠠᠵᠠᠯᠠᠨ᠎ᠠ᠃ ︽ᠸᠡᠶᠢᠴᠲ᠂ ᠲᠤᠤ ᠪᠤᠤ︾ ᠵᠡᠷᠭᠡ ᠰᠦᠯᠵᠢᠶᠡᠨ ᠤ ᠲᠠᠪᠴᠠᠩ ᠢᠶᠠᠷ ᠲᠠᠮᠵᠢᠨ ᠢᠷᠡᠯᠳᠡ ᠨᠢ ᠲᠤᠳᠤᠷᠬᠠᠢ ᠦᠭᠡᠢ᠂ ᠬᠢᠵᠢᠭ ᠤᠨ ᠪᠠᠶᠢᠴᠠᠭᠠᠯᠳᠠ ᠳᠤ ᠬᠢᠷᠢ ᠲᠡᠩᠴᠡᠭᠰᠡᠨ ᠭᠡᠷᠡᠴᠢ ᠦᠭᠡᠢ᠂ ᠠᠹᠷᠢᠺᠡ ᠲᠢᠪ ᠤᠨ ᠭᠠᠭ᠋ᠠᠢ ᠶᠢᠨ ᠬᠢᠵᠢᠭ ᠤᠨ ᠪᠠᠶᠢᠴᠠᠭᠠᠯᠳᠠ ᠶᠢᠨ ᠮᠡᠳᠡᠭᠦᠯᠦᠯᠳᠡ ᠦᠭᠡᠢ᠂ ᠴᠢᠬᠢᠨ ᠲᠡᠮᠳᠡᠭ ᠦᠭᠡᠢ ᠭᠠᠭ᠋ᠠᠢ ᠶᠢ ᠬᠤᠳᠠᠯᠳᠤᠨ ᠠᠪᠬᠤ ᠶᠢ ᠴᠢᠩᠭ᠎ᠠ ᠴᠠᠭᠠᠵᠠᠯᠠᠨ᠎ᠠ᠃ ᠲᠠᠩᠰᠠᠯᠠᠭᠤᠯᠤᠭᠠᠳᠤᠢ ᠲᠡᠷᠭᠡ ᠬᠦᠰᠭᠡ ᠪᠠᠷ ᠭᠠᠭ᠋ᠠᠢ ᠲᠡᠭᠡᠭᠡᠪᠦᠷᠢᠯᠡᠬᠦ ᠶᠢ ᠴᠢᠩᠭ᠎ᠠ ᠴᠠᠭᠠᠵᠠᠯᠠᠨ᠎ᠠ᠃ ᠬᠡᠷᠡᠰᠭᠡ ᠨᠦᠬᠦᠭᠰᠡᠨ ᠭᠠᠭ᠋ᠠᠢ ᠳᠤ ᠡᠷᠬᠡᠪᠰᠢ ︽ᠠᠮᠢᠳᠠᠨ ᠤ ᠬᠢᠵᠢᠭ ᠤᠨ ᠪᠠᠶᠢᠴᠠᠭᠠᠯᠳᠠ ᠳᠤ ᠬᠢᠷᠢ ᠲᠡᠩᠴᠡᠭᠰᠡᠨ ᠭᠡᠷᠡᠴᠢ︾ ᠶᠢ ᠪᠦᠷᠢᠳᠦᠭᠦᠯᠵᠦ᠂ ᠴᠢᠬᠢᠨ ᠤ ᠲᠡᠮᠳᠡᠭ ᠵᠡᠬᠦᠬᠦ ᠬᠡᠷᠡᠭᠳᠡᠢ ᠪᠦᠭᠡᠳ ᠭᠠᠭ᠋ᠠᠢ ᠶᠢᠨ ᠲᠤᠭ᠎ᠠ ᠬᠡᠮᠵᠢᠶ᠎ᠡ᠂ ᠴᠢᠬᠢᠨ ᠤ ᠲᠡᠮᠳᠡᠭ  ᠤᠨ ᠨᠤᠮᠧᠷ᠂ ᠵᠤᠷᠢᠭᠰᠠᠨ ᠭᠠᠵᠠᠷ ᠨᠢ ᠬᠢᠵᠢᠭ ᠤᠨ ᠪᠠᠶᠢᠴᠠᠭᠠᠯᠳᠠ ᠶᠢᠨ ᠬᠡᠷᠡᠴᠢ ᠲᠠᠢ᠂ ᠨᠢᠭᠡᠳᠦᠯᠳᠡᠢ ᠪᠠᠶᠢᠬᠤ ᠬᠡᠷᠡᠭᠳᠡᠢ᠃ ᠭᠠᠭ᠋ᠠᠢ ᠶᠢ ᠲᠡᠭᠡᠭᠡᠪᠦᠷᠢᠯᠡᠨ ᠬᠦᠷᠭᠡᠭᠰᠡᠨ ᠤ ᠲᠠᠷᠠᠭ᠎ᠠ ᠲᠤᠬᠠᠢ ᠶᠢᠨ ᠭᠠᠵᠠᠷ ᠲᠤᠨᠢ ᠲᠡᠵᠢᠭᠡᠨ ᠠᠷᠠᠴᠢᠯᠠᠵᠦ ᠂ ᠲᠠᠯᠠᠪᠠᠢ ᠰᠢᠯᠵᠢᠭᠦᠯᠬᠦ ᠦᠭᠡᠢ ᠰᠦᠷᠦᠭ ᠬᠤᠪᠢᠶᠠᠬᠤ ᠦᠭᠡᠢ᠂ ᠬᠡᠪ ᠤᠨ ᠪᠤᠰᠤ ᠪᠠᠶᠢᠳᠠᠯ ᠢ ᠤᠯᠵᠦ ᠮᠡᠳᠡᠪᠡᠯ ᠴᠠᠭ ᠲᠤᠬᠠᠢ ᠳᠤᠨᠢ ᠰᠦᠯᠵᠢᠶᠡᠨ ᠤ ᠠᠵᠢᠯᠳᠠᠨ ᠪᠠ ᠲᠤᠬᠠᠢ ᠶᠢᠨ ᠭᠠᠵᠠᠷ ᠤᠨ ᠮᠠᠯ ᠠᠵᠦ ᠠᠬᠤᠢ ᠮᠠᠯ ᠡᠮᠨᠡᠯᠭᠡ ᠶᠢᠨ ᠦᠷᠳᠡᠭᠡ ᠳᠤ ᠮᠡᠳᠡᠭᠦᠯᠬᠦ ᠬᠡᠷᠡᠭᠳᠡᠢ᠃      ᠲᠠᠪᠤ᠂ ᠠᠷᠠᠴᠢᠯᠠᠵᠦ ᠲᠡᠵᠢᠭᠡᠬᠦ ᠠᠵᠢᠯ ᠢ ᠰᠠᠶᠢᠳᠤᠷ ᠬᠢᠬᠦ ᠬᠡᠷᠡᠭᠳᠡᠢ᠃ ᠲᠡᠵᠢᠭᠡᠯ ᠪᠤᠷᠳᠤᠭᠠᠨ ᠤ ᠨᠠᠶᠢᠷᠠᠯᠭ᠎ᠠ  ᠳᠤ ᠡᠨᠧᠷᠬᠢ ᠶᠢᠨ ᠲᠡᠵᠢᠭᠡᠯ ᠪᠤᠷᠳᠤᠭ᠎ᠠ ᠨᠡᠮᠡᠵᠦ᠂ ᠨᠡᠶᠢᠯᠡᠮᠡᠯ ᠸᠢᠲ᠋ᠠᠮᠢᠨ᠂ ᠠᠮᠢ ᠬᠦᠴᠢᠯ᠂ ᠨᠡᠶᠢᠯᠡᠮᠡᠯ ᠢᠰᠭᠡᠭᠦᠷ ᠵᠡᠷᠭᠡ ᠪᠤᠳᠠᠰ ᠢ ᠵᠤᠬᠢᠬᠤ ᠬᠡᠮᠵᠢᠶ᠎ᠡ ᠪᠠᠷ ᠨᠡᠮᠡᠨ᠎ᠡ᠃ ᠬᠦᠬᠦᠬᠦᠯᠳᠦ ᠲᠦᠯ ᠤᠨ ᠢᠶᠠᠨ ᠲᠡᠵᠢᠭᠡᠺ ᠢ ᠠᠩᠬᠠᠷᠴᠦ᠂ ᠤᠭᠤᠷᠠᠭ ᠰᠦ ᠶᠢ ᠨᠢ ᠰᠠᠶᠢᠨ ᠢᠳᠡᠭᠦᠯᠵᠦ᠂ ᠰᠦ ᠨᠢ ᠵᠤᠭᠰᠤᠬᠤ ᠠᠴᠠ ᠡᠮᠦᠨ᠎ᠡ ᠤᠷᠢᠳᠴᠢᠯᠠᠨ ᠪᠤᠷᠳᠤᠭ᠎ᠠ ᠨᠦᠬᠦᠪᠦᠷᠢᠯᠡᠵᠦ᠂ ᠲᠡᠵᠢᠭᠡᠯ ᠪᠤᠷᠳᠤᠭ᠎ᠠ ᠶᠢᠨ ᠬᠡᠮᠵᠢᠶ᠎ᠡ ᠨᠢ ᠠᠭᠠᠵᠢᠮ ᠢᠶᠠᠷ ᠨᠡᠮᠡᠭᠳᠡᠭᠦᠯᠬᠦ ᠶᠢ ᠠᠩᠬᠠᠷᠤᠨ᠎ᠠ᠃ ᠰᠦ ᠨᠢ ᠵᠤᠭᠰᠤᠭᠰᠠᠨ ᠤ ᠲᠠᠷᠠᠭ᠎ᠠ ᠲᠡᠵᠢᠭᠡᠯ ᠪᠤᠷᠳᠤᠭ᠎ᠠ ᠪᠠᠨ ᠭᠡᠨᠡᠳᠳᠡ ᠪᠠᠷ ᠰᠤᠯᠢᠵᠦ ᠪᠤᠯᠬᠤ ᠦᠬᠡᠢ᠂ ᠦᠨᠳᠦᠷ ᠤᠭᠤᠷᠠᠭ᠂ ᠦᠨᠳᠦᠷ ᠨᠡᠭᠦᠷᠡᠰᠦ ᠤᠰᠤᠨ ᠤ ᠨᠢᠭᠡᠳᠪᠦᠷᠢ ᠲᠠᠢ ᠲᠡᠵᠢᠭᠡᠯ ᠪᠤᠷᠳᠤᠭ᠎ᠠ ᠲᠡᠵᠢᠭᠡᠬᠦ ᠶᠢ ᠬᠢᠵᠠᠭᠠᠷᠯᠠᠵᠦ᠂ ᠬᠤᠨᠤᠭ ᠤᠨ ᠲᠡᠵᠢᠭᠡᠯ ᠲᠤᠳᠤᠷᠠᠬᠢ ᠰᠢᠬᠢᠷᠯᠢᠭ ᠡᠳ᠋ ᠤᠨ ᠠᠭᠤᠯᠤᠭᠳᠠᠴᠠ ᠶᠢ ᠨᠡᠮᠡᠭᠳᠡᠭᠦᠯᠦᠨ᠎ᠡ᠃      ᠵᠢᠷᠭᠤᠭ᠎ᠠ᠂ ᠲᠤᠭᠳᠠᠮᠠᠯ ᠬᠤᠭᠤᠴᠠᠭ᠎ᠠ ᠲᠠᠢ ᠪᠠᠷ ᠠᠷᠢᠭᠤᠳᠬᠠᠬᠤ ᠠᠵᠢᠯ ᠢ ᠰᠠᠶᠢᠳᠤᠷ ᠬᠢᠨ᠎ᠡ᠃ ᠭᠠᠷᠴᠠᠭ ᠪᠦᠷᠢ ᠲᠡᠵᠢᠭᠡᠨ ᠦᠷᠡᠵᠢᠭᠦᠯᠬᠦ ᠲᠠᠯᠠᠪᠠᠢ ᠶᠢᠨ ᠡᠷᠬᠢᠨ ᠲᠤᠭᠤᠷᠢᠨ ᠤ ᠵᠠᠮ᠂ ᠤᠷᠴᠢᠨ ᠲᠤᠭᠤᠷᠢᠨ ᠢ2 ᠠᠴᠠ3 ᠣᠳᠠᠭ᠎ᠠ ᠠᠷᠢᠭᠤᠳᠬᠠᠨ᠎ᠠ᠃ ᠤᠰᠤ ᠠᠷᠢᠭᠤᠳᠬᠠᠬᠤ ᠲᠦᠭᠦᠭᠡᠷᠦᠮᠵᠢ ᠤᠭᠰᠠᠷᠠᠭᠰᠠᠨ ᠦᠭᠡᠢ ᠭᠠᠭ᠋ᠠᠢ ᠶᠢᠨ ᠲᠠᠯᠠᠪᠠᠢ  ᠳᠤ᠂ ᠤᠤᠭᠤᠬᠤ ᠣᠰᠤᠨ ᠳᠠᠭᠠᠨ ᠴᠠᠶᠢᠷᠠᠭᠤᠯᠬᠤ ᠨᠤᠨᠳᠠᠭ ᠪᠤᠶᠤ ᠨᠠᠲᠷᠢ ᠵᠡᠷᠭᠡ ᠠᠷᠢᠭᠤᠳᠬᠠᠭᠴᠢ ᠡᠳ᠋ ᠢ ᠨᠡᠮᠡᠵᠦ ᠠᠷᠢᠭᠤᠳᠬᠠᠨ᠂ ᠲᠤᠭᠳᠠᠮᠠᠺ ᠬᠤᠭᠤᠴᠠᠭ᠎ᠠ ᠲᠠᠢ ᠪᠠᠷ ᠤᠰᠤ ᠤᠤᠭᠤᠬᠤ ᠰᠠᠪᠠ ᠪᠤᠶᠤ ᠤᠰᠤᠨ ᠤ ᠰᠠᠪᠠ ᠶᠢ ᠠᠷᠢᠭᠤᠳᠬᠠᠨ᠎ᠠ᠃ ᠡᠪᠡᠳᠴᠢᠨ ᠢᠶᠠᠷ ᠦᠬᠦᠭᠰᠡᠨ ᠭᠠᠭ᠋ᠠᠢ ᠶᠢ ᠴᠤᠭᠯᠠᠭᠤᠯᠬᠤ᠂ ᠵᠦᠭᠡᠭᠡᠪᠦᠷᠢᠯᠡᠬᠦ᠂ ᠰᠢᠢᠳᠪᠦᠷᠢᠯᠡᠬᠦ ᠪᠠᠭᠠᠵᠢ ᠬᠡᠷᠡᠭᠰᠡᠯ ᠢ ᠴᠠᠭ ᠲᠤᠬᠠᠢ ᠳᠤᠨᠢ ᠤᠬᠢᠶᠠᠨ ᠴᠡᠪᠡᠷᠯᠡᠵᠦ᠂ ᠠᠷᠢᠭᠤᠳᠬᠠᠨ᠎ᠠ᠃ ᠠᠷᠢᠭᠤᠳᠬᠠᠬᠤ ᠠᠴᠠ ᠪᠠᠨ ᠡᠮᠦᠨ᠎ᠡ ᠠᠷᠢᠭᠤᠨ ᠴᠡᠪᠡᠷ ᠤᠨ ᠠᠵᠢᠯ ᠢ ᠰᠠᠶᠢᠳᠤᠷ ᠬᠢᠵᠦ᠂ ᠭᠬᠢᠷ ᠪᠤᠷᠳᠠᠭ ᠢ ᠠᠷᠢᠯᠭᠠᠨ᠂ ᠠᠷᠢᠭᠤᠳᠬᠠᠯ ᠤᠨ ᠦᠷ᠎ᠡ ᠳ᠋ᠦᠩ ᠢ ᠨᠦᠯᠦᠭᠡᠯᠡᠬᠦ ᠠᠴᠠ ᠰᠡᠷᠭᠡᠶᠢᠯᠡᠬᠦ ᠬᠡᠷᠡᠭᠳᠡᠢ᠃ ᠲᠤᠯᠠᠭᠠᠨ ᠤ ᠬᠡᠮᠵᠢᠶ᠎ᠡ ᠲᠤᠤᠷ᠎ᠠ ᠦᠶ᠎ᠡ ᠳᠤ᠂ ᠠᠷᠢᠭᠤᠳᠬᠠᠬᠤ ᠴᠠᠭ ᠢ ᠤᠷᠳᠤᠳᠬᠠᠬᠤ᠂ ᠠᠷᠢᠭᠤᠳᠬᠠᠬᠤ ᠦᠳᠭᠡᠴᠡ ᠪᠠ ᠲᠠᠪᠳᠠᠮᠵᠢ ᠶᠢ ᠨᠡᠮᠡᠭᠳᠡᠭᠦᠯᠬᠦ᠂ ᠲᠤᠤᠷ᠎ᠠ ᠲᠤᠯᠠᠭᠠᠨ ᠳᠤ ᠠᠷᠢᠭᠤᠳᠬᠠᠬᠤ ᠡᠳ᠋ ᠢ ᠬᠡᠷᠡᠭᠯᠡᠬᠦ ᠵᠡᠷᠭᠡ ᠠᠷᠭ᠎ᠠ ᠪᠠᠷ ᠠᠷᠢᠭᠤᠳᠬᠠᠬᠤ ᠦᠷ᠎ᠡ ᠳ᠋ᠦᠩ ᠢ ᠪᠠᠳᠤᠯᠠᠨ᠎ᠠ᠃      ᠲᠤᠯᠤᠭ᠎ᠠ᠂ ᠡᠪᠡᠰᠦ ᠪᠤᠷᠳᠤᠭ᠎ᠠ ᠶᠢᠨ ᠨᠦᠬᠡᠬᠡᠴᠡᠯᠳᠡ ᠶᠢ ᠰᠠᠶᠢᠳᠤᠷ ᠬᠢᠬᠦ ᠬᠡᠷᠡᠭᠳᠡᠢ᠃ ᠦᠬᠡᠷ ᠬᠤᠨᠢᠨ ᠤ ᠲᠡᠵᠢᠭᠡᠵᠦ ᠪᠠᠶᠢᠭ᠎ᠠ ᠬᠡᠮᠵᠢᠶ᠎ᠡ᠂ ᠠᠷᠠᠴᠢᠯᠠᠨ ᠲᠡᠵᠢᠭᠡᠬᠦ ᠦᠶᠡᠯᠡᠯ ᠤᠨ ᠬᠤᠭᠤᠴᠠᠭ᠎ᠠ ᠵᠢᠴᠢ ᠡᠳᠦᠷ ᠤᠨ ᠢᠳᠡᠰᠢᠯᠡᠬᠦ ᠬᠡᠮᠵᠢᠶ᠎ᠡ ᠶᠢᠨ ᠪᠠᠶᠢᠳᠠᠯ ᠢ ᠦᠨᠳᠦᠰᠦᠯᠡᠨ᠂ ᠲᠠᠷᠠᠭᠠᠴᠢ ᠶᠢᠨ ᠱᠠᠳᠤᠨ ᠤ ᠡᠨᠧᠷᠬᠢ ᠶᠢᠨ ᠲᠡᠵᠢᠭᠡᠯ ᠪᠤᠷᠳᠤᠭ᠎ᠠ᠂ ᠡᠰᠢ ᠰᠦᠷᠡᠯ ᠤᠨ ᠲᠡᠵᠢᠭᠡᠯ ᠡᠪᠡᠰᠦ ᠪᠤᠷᠳᠤᠭ᠎ᠠ ᠶᠢ ᠬᠤᠳᠠᠯᠳᠤᠨ ᠤᠷᠤᠭᠤᠯᠬᠤ ᠪᠠ ᠨᠦᠬᠡᠴᠡᠯᠡᠬᠦ ᠠᠵᠢᠯ ᠢ ᠡᠷᠳᠡ ᠠᠴᠠ ᠰᠠᠶᠢᠳᠤᠷ ᠬᠢᠵᠦ᠂ ᠭᠡᠩ ᠬᠠᠭᠤᠷᠠᠢ ᠲᠡᠵᠢᠭᠡᠯ ᠡᠪᠡᠰᠦᠨ ᠤ ᠭᠠᠷᠤᠯᠳᠠ ᠬᠦᠷᠦᠯᠴᠡᠬᠦ ᠦᠭᠡᠢ ᠪᠠᠶᠢᠬᠤ ᠪᠠ ᠬᠠᠪᠤᠷ ᠤᠨ ᠤᠯᠠᠷᠢᠯ ᠤᠨ ᠠᠭᠤᠷ ᠠᠮᠢᠰᠬᠤᠯ ᠤᠨ ᠨᠦᠯᠦᠭᠡ ᠠᠴᠠ ᠪᠤᠯᠤᠭᠰᠠᠨ ᠲᠡᠵᠢᠭᠡᠯ ᠡᠪᠡᠰᠦ ᠲᠤᠳᠠᠭᠳᠠᠬᠤ ᠠᠰᠠᠭᠤᠳᠠᠯ ᠢ ᠤᠷᠢᠳᠴᠢᠯᠠᠨ ᠰᠡᠷᠭᠡᠶᠢᠯᠡᠬᠦ ᠬᠡᠷᠡᠭᠳᠡᠢ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号