ᠮᠠᠨᠳᠤᠯ ᠪᠠᠯᠭᠠᠰᠤᠨ ᠤ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ ᠭᠠᠵᠠᠷ ︽ᠬᠤᠣᠰ ᠤᠶᠠᠩᠭ᠎ᠠ ᠪᠢᠴᠢᠵᠦ ᠦᠢᠯᠵᠡᠶᠢᠳᠦ ᠡᠳᠦᠷ ᠢᠶᠠᠨ ᠪᠡᠯᠭᠡᠯᠡᠬᠦ︾ ᠠᠵᠢᠯᠯᠠᠭ᠎ᠠ ᠦᠷᠨᠢᠭᠦᠯᠦᠭᠰᠡᠨ
ᠨᠡᠶᠢᠲᠡᠯᠡᠭᠰᠡᠨ ᠴᠠᠭ᠄
2023/2/3
      ᠮᠠᠨ ᠤ ᠤᠯᠤᠰ ᠤᠨ ᠰᠢᠯᠢᠳᠡᠭ ᠤᠯᠠᠮᠵᠢᠯᠠᠯᠳᠦ ᠰᠤᠶᠤᠯ ᠢ ᠪᠠᠳᠠᠷᠠᠭᠤᠯᠤᠨ ᠲᠡᠯᠭᠡᠷᠡᠭᠦᠯᠵᠦ᠂ ᠠᠷᠠᠳ ᠤᠨ ᠵᠠᠩ ᠦᠢᠯᠡ ᠶᠢᠨ ᠰᠤᠶᠤᠯ ᠢ ᠤᠯᠠᠮᠵᠢᠯᠠᠨ ᠵᠠᠯᠭᠠᠮᠵᠢᠯᠠᠵᠦ᠂ ᠺᠠᠳ᠋ᠷ ᠠᠵᠢᠯᠳᠠᠳ ᠤᠨ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠦᠯᠦᠭᠡ᠂2 ᠰᠠᠷ᠎ᠠ ᠶᠢᠨ1 ᠤ ᠡᠳᠦᠷ᠂ ᠮᠠᠨᠳᠤᠯ ᠪᠠᠯᠭᠠᠰᠤᠨ ᠤ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ ᠭᠠᠵᠠᠷ ︽ᠬᠤᠤᠰ ᠤᠶᠠᠩᠭ᠎ᠠ ᠪᠢᠴᠢᠵᠦ ᠦᠯᠵᠡᠶᠢᠳᠦ ᠡᠳᠦᠷ ᠢᠶᠠᠨ ᠪᠡᠯᠭᠡᠯᠡᠬᠦ︾ ᠠᠵᠢᠯᠯᠠᠭ᠎ᠠ ᠦᠷᠨᠢᠭᠦᠯᠦᠭᠰᠡᠨ ᠪᠠᠶᠢᠨ᠎ᠠ᠃
微信图片_20230203091637.jpg
      ᠬᠤᠤᠰ ᠤᠶᠠᠩᠭ᠎ᠠ ᠪᠢᠴᠢᠬᠦ ᠲᠤᠬᠠᠢ ᠶᠢᠨ ᠲᠠᠯᠠᠪᠤᠷ ᠲᠤ ᠪᠢᠷ ᠪᠡᠭᠡ ᠶᠢᠨ ᠦᠨᠦᠷ ᠠᠩᠭᠢᠯᠤᠨ᠂ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠵᠦ᠂ ᠮᠠᠨᠳᠤᠯ ᠪᠠᠯᠭᠠᠰᠤᠨ ᠤ ᠦᠷᠭᠡᠨ ᠤᠯᠠᠨ ᠺᠠᠳ᠋ᠷ ᠠᠵᠢᠯᠳᠠᠳ ᠢᠷᠦᠭᠡᠯ ᠵᠦᠩᠨᠡᠯ ᠢᠶᠠᠨ ᠪᠢᠷ ᠤᠨ ᠦᠵᠦᠭ ᠲᠤ ᠪᠠᠨ ᠰᠢᠩᠭᠡᠭᠡᠵᠦ᠂ ᠦᠯᠵᠡᠶᠢᠳᠦ ᠰᠠᠶᠢᠬᠠᠨ ᠬᠤᠤᠰ ᠤᠶᠠᠩᠭ᠎ᠠ ᠪᠢᠴᠢᠵᠦ᠂ ᠴᠠᠭᠠᠨ ᠰᠠᠷ᠎ᠠ ᠶᠢᠨ ᠵᠦᠩᠨᠡᠯ ᠢᠶᠠᠨ ᠬᠠᠷᠢᠯᠴᠠᠨ ᠲᠠᠮᠵᠢᠭᠤᠯᠵᠦ᠂ ᠰᠢᠨ᠎ᠡ ᠨᠢᠭᠡᠨ ᠵᠢᠯ ᠳᠤ ᠪᠠᠨ ᠬᠠᠮᠳᠤᠪᠠᠷ ᠠᠮᠢᠵᠢᠷᠠᠯ  ᠤᠨ ᠬᠦᠴᠦᠨ ᠢᠶᠠᠷ ᠪᠢᠯᠬᠠᠮ᠎ᠠ ᠤᠶᠤᠨ ᠰᠠᠨᠠᠭᠠᠨ ᠤ ᠲᠦᠷᠰᠦ ᠪᠠᠶᠢᠳᠠᠯ ᠢᠶᠠᠷ ᠠᠵᠢᠯ ᠳᠤ ᠪᠠᠨ ᠭᠠᠪᠰᠢᠭᠠᠶᠢᠯᠠᠵᠦ᠂ ᠤᠯᠠᠮ ᠴᠤᠭ ᠵᠢᠪᠬᠤᠭ᠎ᠠ ᠲᠠᠢ ᠴᠢᠷᠮᠠᠶᠢᠨ ᠠᠵᠢᠯᠯᠠᠬᠤ ᠵᠤᠷᠢᠭ ᠰᠠᠨᠠᠭ᠎ᠠ ᠪᠠᠨ ᠢᠯᠡᠷᠡᠭᠦᠯᠦᠭᠰᠡᠨ ᠪᠠᠶᠢᠨ᠎ᠠ᠃
微信图片_20230203091655.jpg
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号