ᠮᠠᠨ ᠤ ᠬᠤᠰᠢᠭᠤ ᠴᠠᠭᠠᠨ ᠰᠠᠷ᠎ᠠ ᠶᠢᠨ ᠠᠷᠪᠠᠨ ᠲᠠᠪᠤᠨ ᠤ ᠦᠯᠵᠡᠶᠢᠳᠦ ᠡᠳᠦᠷ ᠢᠶᠠᠨ ᠬᠦᠭᠵᠢᠶᠡᠨ ᠲᠠᠢ ᠪᠡᠯᠭᠡᠯᠡᠯ᠎ᠡ
ᠨᠡᠶᠢᠲᠡᠯᠡᠭᠰᠡᠨ ᠴᠠᠭ᠄
2023/2/4
      2 ᠰᠠᠷ᠎ᠠ ᠶᠢᠨ4 ᠤ ᠡᠳᠦᠷ ᠬᠠᠷᠠᠭᠴᠢᠨ ᠲᠠᠥᠯᠠᠢ ᠵᠢᠯ ᠤᠨ ᠴᠠᠭᠠᠨ ᠰᠠᠷ᠎ᠠ ᠶᠢᠨ ᠠᠷᠪᠠᠨ ᠲᠠᠪᠤᠨ ᠤ ᠦᠯᠵᠡᠶᠢᠳᠦ ᠡᠳᠦᠷ ᠤᠨ ᠪᠠᠶᠠᠷ ᠢᠶᠠᠨ ᠪᠡᠯᠭᠡᠯᠡᠬᠦ ᠬᠦᠳᠡᠯᠭᠡᠭᠡᠨ ᠲᠠᠯ᠎ᠠ ᠨᠤᠳᠤᠭ ᠤᠨ ᠰᠤᠶᠤᠯ ᠤᠨ ᠤᠷᠳᠤᠨ ᠤ ᠡᠭᠦᠳᠡᠨ ᠳᠤ ᠬᠦᠭᠵᠢᠶᠡᠨ ᠲᠠᠢ ᠶᠠᠪᠤᠭᠳᠠᠵᠠᠢ᠃ ᠶᠠᠩᠭᠠᠷ ᠪᠦᠵᠢᠭ ᠤᠨ ᠲᠤᠭᠯᠠᠯᠳᠠ᠂ ᠠᠷᠰᠯᠠᠨ ᠯᠤᠤ ᠪᠦᠵᠢᠭᠯᠡᠬᠦ᠂ ᠴᠡᠴᠡᠭᠳᠦ ᠰᠠᠬᠠᠰᠦ ᠲᠠᠮᠨᠠᠬᠤ ᠵᠡᠷᠭᠡ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠬᠦᠷ ᠨᠠᠷᠬᠢᠶᠠᠨ ᠲᠠᠢ ᠲᠤᠭᠯᠠᠯᠳᠠ ᠶᠢ ᠦᠭᠭᠦᠭᠰᠡᠨ ᠪᠠᠶᠢᠨ᠎ᠠ᠃       ᠲᠤᠰ ᠣᠳᠠᠭᠠᠨ ᠤ ᠲᠤᠭᠯᠠᠯᠳᠠ ᠨᠢ ᠤᠯᠠᠨ ᠲᠦᠮᠡᠨ ᠳᠤ ᠪᠤᠳᠠᠰ ᠤᠨ ᠪᠤᠰᠤ ᠰᠤᠶᠤᠯ ᠤᠨ ᠲᠤᠬᠠᠢ ᠤᠶᠢᠯᠠᠭᠠᠭᠤᠯᠤᠨ᠂ ᠤᠯᠠᠮᠵᠢᠯᠠᠯᠳᠦ ᠰᠤᠶᠤᠯ ᠢ ᠪᠠᠳᠠᠷᠠᠭᠤᠯᠵᠦ᠂ ᠪᠠᠶᠠᠷ ᠪᠠᠶᠠᠰᠤᠯᠳᠦ ᠠᠭᠤᠷ ᠠᠮᠢᠰᠬᠤᠯ ᠤᠨ ᠲᠤᠮᠳᠠ ᠤᠯᠠᠮᠵᠢᠯᠠᠯᠳᠦ ᠪᠠᠶᠠᠷ ᠤᠨ ᠡᠳᠦᠷ ᠢᠶᠠᠨ ᠤᠳᠬ᠎ᠠ ᠠᠭᠤᠯᠭ᠎ᠠ ᠲᠠᠢ ᠦᠩᠭᠡᠷᠡᠭᠦᠯᠦᠨ᠂ ᠠᠷᠠᠳ ᠢᠷᠭᠡᠳ ᠤᠨ ᠤᠶᠤᠨ ᠰᠠᠨᠠᠭ᠎ᠠ ᠵᠢᠴᠢ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号