ᠰᠢ ᠾᠧ ᠰᠢᠶᠠᠩ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠤᠷᠴᠢᠨ ᠢᠶᠠᠨ ᠰᠢᠯᠢᠳᠡᠭᠵᠢᠭᠦᠯᠵᠦ ᠤᠯᠠᠨ ᠲᠦᠮᠡᠨ ᠳᠤ ᠲᠦᠭᠦᠮ ᠦᠢᠯᠡᠴᠢᠯᠡᠭᠡ ᠬᠠᠩᠭᠠᠵᠦ ᠪᠠᠶᠢᠨ᠎ᠠ
ᠨᠡᠶᠢᠲᠡᠯᠡᠭᠰᠡᠨ ᠴᠠᠭ᠄
2023/3/1
      ᠤᠯᠠᠨ ᠲᠦᠮᠡᠨ ᠤ ᠲᠤᠬᠠᠶᠢᠯᠠᠭᠰᠠᠨ ᠠᠵᠢᠯ ᠢ ᠬᠦᠢᠴᠡᠳᠭᠡᠬᠦ ᠡᠯ᠎ᠡ ᠵᠦᠢᠯ ᠤᠨ ᠠᠰᠠᠭᠤᠳᠠᠯ ᠢ ᠦᠨᠳᠦᠷ ᠪᠦᠳᠦᠮᠵᠢᠳᠡᠢ ᠰᠢᠢᠳᠪᠦᠷᠢᠯᠡᠵᠦ᠂ ᠦᠢᠯᠡᠴᠢᠯᠡᠭᠡ ᠶᠢ ᠨᠠᠷᠢᠯᠢᠭ ᠤᠨᠤᠪᠴᠢᠳᠠᠢ ᠪᠤᠯᠭᠠᠬᠤ ᠶᠢ ᠲᠠᠰᠤᠷᠠᠯᠳᠠ ᠦᠭᠡᠢ ᠠᠬᠢᠭᠤᠯᠬᠤ ᠶᠢᠨ ᠲᠦᠯᠦᠭᠡ ᠰᠢ ᠾᠧ ᠰᠢᠶᠠᠩ ᠤᠨ ᠨᠠᠮ ᠤᠨ ᠬᠤᠷᠢᠶ᠎ᠠ ᠵᠠᠰᠠᠭ ᠤᠨ ᠤᠷᠳᠤᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠦᠪ ᠨᠢ ᠦᠢᠯᠡᠴᠢᠯᠡᠭᠡᠨ ᠤ ᠤᠶᠢᠯᠠᠭᠠᠭᠳᠠᠬᠤᠨ ᠢᠶᠠᠨ ᠰᠢᠨᠡᠴᠢᠯᠡᠵᠦ᠂ ᠬᠠᠪᠰᠤᠷᠤᠨ ᠬᠦᠢᠴᠡᠳᠭᠡᠬᠦ ᠤᠷᠤᠯᠠᠨ ᠬᠦᠢᠴᠡᠳᠭᠡᠬᠦ ᠠᠴᠠ ᠭᠠᠷᠳᠠᠨ ᠠᠷᠠᠳ ᠲᠤ ᠠᠰᠢᠭᠳᠠᠢ ᠠᠷᠭ᠎ᠠ ᠬᠡᠮᠵᠢᠶ᠎ᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠨᠢ ᠤᠤᠯ ᠤᠨ ᠶᠡᠭᠡ ᠲᠢᠩᠬᠢᠮ ᠳᠤ ᠰᠠᠭᠤᠵᠦ ᠠᠵᠢᠯ ᠡᠷᠬᠢᠯᠡᠬᠦ ᠪᠠᠨ ︽ᠭᠡᠷ ᠲᠤ ᠨᠢ ᠬᠦᠷᠴᠦ︾ ᠬᠠᠪᠰᠤᠷᠤᠨ ᠭᠦᠢᠴᠡᠳᠭᠡᠬᠦ ᠪᠤᠯᠭᠠᠨ ᠬᠤᠪᠢᠷᠠᠭᠤᠯᠵᠦ᠂ ᠵᠡᠮᠳᠡᠭᠴᠤᠳ ᠲᠤ ᠰᠢᠭᠤᠳ ᠨᠡᠪᠳᠡᠷᠡᠬᠦ8 ᠬᠠᠪᠰᠤᠷᠤᠨ ᠭᠦᠢᠴᠡᠳᠭᠡᠬᠦ ᠤᠷᠤᠯᠠᠨ ᠬᠦᠢᠴᠡᠳᠭᠡᠬᠦ ᠡᠩᠨᠡᠭᠡ ᠪᠠᠶᠢᠭᠤᠯᠵᠦ᠂ ᠨᠠᠰᠤᠳᠠᠶᠢᠴᠤᠳ ᠪᠠ ᠵᠡᠮᠳᠡᠭᠴᠤᠳ ᠵᠡᠷᠭᠡ ᠶᠠᠪᠤᠵᠦ ᠰᠠᠭᠤᠬᠤ ᠳᠤ ᠲᠦᠭᠦᠮ ᠦᠭᠡᠢ ᠬᠦᠮᠦᠰ ᠲᠤ ︽ᠭᠡᠷ ᠲᠤ ᠨᠢ ᠬᠦᠷᠴᠦ ᠭᠦᠢᠴᠡᠭᠡᠬᠦ︾ ᠲᠤᠳᠤᠨᠤᠰᠤᠭ ᠦᠢᠯᠡᠴᠢᠯᠡᠭᠡᠨ ᠬᠠᠩᠭᠠᠵᠦ᠂ ᠪᠦᠬᠦ ᠵᠢᠯ ᠳᠤ ᠲᠤᠰᠬᠤᠨ ᠤ ᠠᠷᠠᠳ ᠲᠤ ᠨᠡᠶᠢᠳᠡ2000 ᠭᠠᠷᠤᠢ ᠡᠯ᠎ᠡ ᠲᠦᠷᠦᠯ ᠤᠨ ᠶᠠᠪᠤᠳᠠᠯ ᠢ ᠤᠷᠤᠯᠠᠨ ᠭᠦᠢᠴᠡᠳᠭᠡᠵᠦ ᠬᠠᠪᠰᠤᠷᠤᠨ ᠭᠦᠢᠴᠡᠳᠭᠡᠵᠦ᠂ ᠲᠤᠰᠬᠤᠨ ᠤ ᠠᠷᠠᠳ ᠪᠠ ᠠᠵᠦ ᠠᠬᠤᠶᠢᠯᠠᠯ ᠤᠨ ᠤᠴᠢᠷ ᠶᠠᠪᠤᠳᠠᠯ ᠭᠦᠢᠴᠡᠳᠭᠡᠬᠦ ᠳᠤ ᠲᠦᠭᠦᠮ ᠦᠢᠯᠡᠴᠢᠯᠡᠭᠡ ᠬᠠᠩᠭᠠᠭᠰᠠᠨ ᠪᠠᠶᠢᠨ᠎ᠠ᠃
微信图片_20230301152241.jpg
      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ᠂ ᠦᠷᠳᠡᠭᠡ ᠶᠢᠨ ᠪᠠᠶᠢᠭᠤᠯᠤᠮᠵᠢ ᠶᠢᠨ ᠨᠡᠷᠡᠶᠢᠳᠦᠯ᠂ ᠦᠡᠭᠡ ᠲᠢᠩᠬᠢᠮ ᠤᠨ ᠪᠠᠶᠢᠷᠢᠯᠠᠭᠤᠯᠤᠯᠳᠠ᠂ ᠲᠡᠮᠳᠡᠭ ᠫᠠᠶᠢᠰᠠ᠂ ᠲᠦᠬᠦᠭᠡᠷᠦᠮᠵᠢ᠂ ᠴᠤᠩᠬᠤᠪᠴᠢ ᠶᠢᠨ ᠪᠠᠶᠢᠷᠢᠯᠠᠭᠤᠯᠤᠯᠳᠠ ᠶᠢ ᠨᠢᠭᠡᠳᠭᠡᠵᠦ᠂ ᠡᠯ᠎ᠡ ᠦᠢᠯᠡᠴᠢᠯᠡᠭᠡᠨ ᠤ ᠴᠤᠩᠬᠤᠪᠴᠢ ᠳᠤ ᠺᠤᠮᠫᠢᠦ᠋ᠲ᠋ᠧᠷ᠂ ᠲᠠᠷᠤᠮᠠᠯᠯᠠᠬᠤ ᠮᠠᠰᠢᠨ ᠵᠡᠷᠭᠡ ᠬᠠᠳᠠᠭᠤ ᠲᠤᠨᠤᠭ ᠲᠦᠬᠦᠭᠡᠷᠦᠮᠵᠢ ᠶᠢ ᠨᠢ ᠨᠢᠭᠡᠳᠦᠯᠳᠡᠢ ᠲᠤᠬᠢᠷᠠᠭᠤᠯᠤᠨ᠂ ︽ᠨᠢᠭᠡ ᠴᠤᠩᠬᠤᠪᠴᠢ ᠪᠠᠷ ᠨᠡᠶᠢᠳᠡᠮ ᠬᠦᠢᠴᠡᠳᠭᠡᠬᠦ︾ ᠱᠠᠭᠠᠷᠳᠠᠯᠭ᠎ᠠ ᠶᠤᠰᠤᠭᠠᠷ᠂ ᠲᠤᠬᠠᠶᠢᠯᠠᠭᠰᠠᠨ ᠠᠵᠢᠯ ᠤᠨ ᠭᠦᠢᠴᠡᠳᠭᠡᠭᠰᠡᠨ ᠵᠦᠢᠯ ᠤᠨ ᠪᠤᠳᠠᠳᠠᠢ ᠲᠠᠢ ᠪᠠᠨ ᠤᠶᠠᠯᠳᠤᠭᠤᠯᠤᠨ᠂ ᠤᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ︽ᠨᠢᠭᠡ  ᠯᠠ ᠴᠤᠩᠬᠤᠪᠴᠢ ᠪᠠᠷ ᠠᠯᠢᠪᠠ ᠶᠠᠪᠤᠳᠠᠯ ᠢᠶᠠᠨ ᠪᠦᠳᠦᠭᠡᠵᠦ ᠲᠡᠶᠢᠯᠬᠦ︾ ᠪᠠᠷ ᠬᠠᠷᠠᠯᠳᠠ ᠪᠤᠯᠭᠠᠭᠰᠠᠨ ᠪᠠᠶᠢᠨ᠎ᠠ᠃
微信图片_20230301152248.png
      ᠰᠢ ᠾᠧ ᠰᠢᠶᠠᠩ ᠤᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠦᠪ ᠢᠮᠠᠭᠳᠠ ᠠᠷᠠᠳ ᠤᠨ ᠠᠰᠢᠭ ᠲᠤᠰᠠ ᠳᠤ ᠲᠦᠬᠦᠮ ᠦᠵᠡᠭᠦᠯᠬᠦ ᠪᠠᠷ ᠬᠠᠷᠠᠯᠳᠠ ᠪᠤᠯᠭᠠᠵᠦ᠂ ᠠᠵᠦ ᠠᠬᠤᠶᠢᠯᠠᠯ ᠤᠨ ᠤᠯᠠᠨ ᠲᠦᠮᠡᠨ ᠤ ᠬᠦᠴᠢᠷ ᠲᠦᠪᠡᠭᠳᠡᠢ ᠠᠰᠠᠭᠤᠳᠠᠯ ᠢ ᠰᠢᠢᠳᠪᠦᠷᠢᠯᠡᠬᠦ ᠪᠠᠷ ᠡᠬᠢᠯᠯᠡᠳᠡ ᠪᠤᠯᠭᠠᠵᠦ᠂ ᠬᠠᠪᠰᠤᠷᠤᠨ ᠭᠦᠢᠴᠡᠳᠭᠡᠬᠦ ᠤᠷᠤᠯᠠᠨ ᠭᠦᠢᠴᠡᠳᠭᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠢᠳᠠᠪᠤᠷᠢ ᠪᠠᠷ ᠴᠢᠩᠭ᠎ᠠ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠬᠠᠪᠰᠤᠷᠤᠨ ᠭᠦᠢᠴᠡᠳᠭᠡᠬᠦ ᠤᠷᠤᠯᠠᠨ ᠭᠦᠢᠴᠡᠳᠭᠡᠬᠦ ᠡᠩᠨᠡᠭᠡ ᠶᠢ ᠪᠦᠬᠦ ᠬᠦᠴᠦᠨ ᠢᠶᠠᠷ  ᠢᠶᠠᠨ ᠪᠤᠢ ᠪᠤᠯᠭᠠᠵᠦ᠂ ᠦᠢᠯᠡᠴᠢᠯᠡᠭᠡᠨ ᠤ ᠰᠢᠰᠲ᠋ᠧᠮ ᠢᠶᠠᠨ ᠲᠠᠰᠤᠷᠠᠯᠳᠠ ᠦᠭᠡᠢ ᠲᠡᠭᠦᠯᠳᠡᠷᠵᠢᠭᠦᠯᠦᠨ᠂ ᠦᠨᠳᠦᠷ ᠪᠦᠳᠦᠮᠵᠢᠳᠡᠢ ᠲᠦᠭᠦᠮ ᠲᠦᠳᠡ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠤᠢ ᠪᠤᠯᠭᠠᠵᠦ᠂ ᠠᠵᠦ ᠠᠬᠤᠶᠢᠯᠠᠯ ᠤᠨ ᠤᠯᠠᠨ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯᠳᠦ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨᠬᠦ ᠨᠡᠮᠡᠭᠳᠡᠭᠦᠯᠵᠦ᠂ ᠦᠢᠯᠡᠴᠢᠯᠡᠭᠡᠨ ᠤ ᠠᠷᠭ᠎ᠠ ᠪᠠᠷᠢᠯ ᠢᠶᠠᠨ ᠲᠠᠰᠤᠷᠠᠯᠳᠠ ᠦᠭᠡᠢ ᠰᠢᠨ᠎ᠡ ᠪᠠᠷ ᠡᠭᠦᠳᠴᠦ᠂ ᠤᠯᠠᠨ ᠲᠦᠮᠡᠨ ᠳᠤ ᠨᠡᠩ ᠰᠠᠶᠢᠳᠤᠷ ᠦᠢᠯᠡᠴᠢᠯᠡᠵᠦ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号