2 ᠰᠠᠷ᠎ᠠ ᠶᠢᠨ26 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ︽ᠲᠤᠷᠭᠠᠨ ᠵᠤᠳᠤᠭ︾ | ᠮᠤᠩᠭᠤᠯ ᠪᠦᠬᠡ ᠶᠢᠨ ᠺᠯᠦ᠋ᠺ ᠤᠨ2023 ᠤᠨ ᠤ ᠰᠢᠷᠢᠰ ᠪᠠᠷᠢᠯᠳᠤᠭᠠᠨ ᠤ ᠨᠢᠭᠡᠳᠦᠭᠡᠷ ᠲᠠᠯᠠᠪᠤᠷ ᠪᠠᠷᠢᠯᠳᠤᠭᠠᠨ | ᠪᠠᠶᠠᠠᠬᠤᠸᠠ ᠪᠠᠯᠭᠠᠰᠤᠨ ᠤ ︽ᠲᠤᠷᠭᠠᠨ ᠵᠤᠳᠤᠭ︾ ᠮᠤᠩᠭᠤᠯ ᠪᠦᠬᠡ ᠶᠢᠨ ᠺᠯᠦ᠋ᠺ ᠤᠨ ᠪᠤᠯᠪᠠᠰᠤᠷᠠᠯ ᠤᠨ ᠦᠷᠦᠭᠡᠨ | ᠳᠤ ᠶᠠᠪᠤᠳᠠᠭᠰᠠᠨ ᠪᠠᠶᠢᠨ᠎ᠠ᠃ | ᠲᠤᠮᠳᠠᠳᠦ ᠶᠢᠨ ᠦᠨᠳᠦᠰᠦᠳᠡᠨ ᠤ ᠰᠢᠯᠢᠳᠡᠭ ᠤᠯᠠᠮᠵᠢᠯᠠᠯᠳᠦ ᠰᠤᠶᠤᠯ ᠢ ᠤᠯᠠᠮ ᠴᠢᠨᠠᠭᠰᠢᠳᠠ ᠬᠦᠭᠵᠢᠬᠦᠯᠬᠦ | ᠪᠠ ᠦᠪᠡᠷᠳᠡᠭᠡᠨ ᠵᠠᠰᠠᠬᠤ ᠤᠷᠤᠨ ᠤ ᠨᠠᠶᠢᠷ ᠨᠠᠭᠠᠳᠤᠮ ᠢ ᠦᠷᠭᠡᠨ ᠢᠶᠠᠷ ᠦᠷᠨᠢᠭᠦᠯᠦᠨ ᠰᠤᠶᠤᠯ ᠵᠤᠭᠠᠴᠠᠯ ᠢ | ᠬᠢᠭᠵᠢᠭᠦᠯᠬᠦ ᠤᠷᠢᠶᠠᠯᠭ᠎ᠠ ᠶᠢ ᠲᠠᠭᠠᠵᠦ᠂ ᠲᠠᠷᠬᠠᠨ ᠮᠤᠤᠮᠢᠩᠭᠠᠨ ᠨᠤᠳᠤᠭ ᠤᠨ ᠢᠶᠠᠨ ᠮᠤᠩᠭᠤᠯ ᠪᠦᠬᠡ ᠶᠢᠨ ᠦᠢᠯᠡᠰ ᠢ | ᠵᠠᠯᠭᠠᠮᠵᠢᠯᠠᠨ ᠬᠦᠭᠵᠢᠭᠦᠯᠵᠦ᠂ ᠵᠠᠯᠠᠭᠤ ᠨᠢᠭᠡᠨ ᠦᠶ᠎ᠡ ᠶᠢᠨ ᠪᠦᠬᠡᠴᠢᠳ ᠤᠨ ᠢᠶᠠᠨ ᠤᠷᠮ᠎ᠠ ᠵᠤᠷᠢᠭ ᠢ ᠲᠠᠶᠢᠴᠢᠯᠠᠵᠦ᠂ | ᠤᠷ᠎ᠠ ᠮᠡᠷᠭᠡᠵᠢᠯ ᠢ ᠨᠢ ᠲᠡᠭᠡᠭᠰᠢᠯᠡᠭᠦᠯᠬᠦ ᠶᠢᠨ ᠲᠦᠯᠦᠭᠡ ᠡᠨᠡᠬᠦ ᠪᠠᠷᠢᠯᠳᠤᠭᠠᠨ ᠢ ᠶᠠᠪᠤᠭᠳᠠᠭᠤᠯᠵᠦ ᠪᠠᠶᠢᠭ᠎ᠠ ᠶᠤᠮ᠃ | ︽ᠲᠤᠷᠭᠠᠨ ᠵᠤᠳᠤᠭ︾ ᠮᠤᠩᠭᠤᠯ ᠪᠦᠬᠡ ᠶᠢᠨ ᠺᠯᠦ᠋ᠺ ᠢ ᠪᠠᠶᠠᠠᠬᠤᠸᠠ ᠪᠠᠯᠭᠠᠰᠤ ᠶᠢᠨ ᠵᠢᠪᠬᠤᠯᠠᠩᠳᠦ | ᠭᠠᠴᠠᠭ᠎ᠠ ᠪᠠᠷ ᠨᠤᠳᠤᠭ ᠲᠠᠢ ᠮᠠᠯᠴᠢᠨ ᠠᠭᠤᠯᠠ ᠡᠷᠬᠢᠯᠡᠨ ᠪᠠᠶᠢᠭᠤᠯᠵᠦ᠂ ᠬᠤᠶᠠᠳᠤᠭᠠᠷ ᠵᠢᠯ ᠤᠨ ᠨᠢᠭᠤᠷ ᠢ ᠦᠵᠡᠵᠦ | ᠪᠠᠶᠢᠭ᠎ᠠ ᠶᠤᠮ᠃ ᠡᠶᠢᠨᠬᠦ ᠡᠨᠡ ᠵᠢᠯ ᠨᠡᠶᠢᠭᠡᠮ ᠨᠡᠶᠢᠳᠡ ᠶᠢᠨ ᠬᠠᠯᠠᠭᠤᠨ ᠰᠡᠳᠭᠢᠯᠳᠦ ᠬᠦᠮᠦᠰ ᠪᠠ ᠦᠷᠭᠡᠨ ᠤᠯᠠᠨ | ᠨᠤᠳᠤᠭ ᠤᠨ ᠠᠷᠠᠳ ᠲᠦᠮᠡᠨ᠂ ᠪᠦᠬᠡ ᠶᠢᠨ ᠪᠠᠭ᠋ᠠᠳᠠᠳ ᠤᠨ ᠲᠡᠮᠵᠢᠯᠭᠡ ᠬᠠᠶᠢᠷ᠎ᠠ ᠬᠠᠯᠠᠮᠵᠢ ᠪᠠᠷ2023 ᠤᠨ ᠤ | ᠰᠢᠷᠢᠰ ᠪᠠᠷᠢᠯᠳᠤᠭᠠᠨ ᠢᠶᠠᠨ ᠡᠬᠢᠯᠡᠭᠦᠯᠵᠦ᠂ ᠬᠤᠶᠢᠰᠢᠳᠠ ᠵᠢᠯ ᠪᠤᠯᠭᠠᠨ ᠨᠠᠢᠮᠠᠨ ᠲᠠᠯᠠᠪᠤᠷ ᠪᠠᠷᠢᠯᠳᠤᠭᠠᠨ | ᠶᠠᠪᠤᠭᠳᠠᠭᠤᠯᠵᠦ᠂ ᠨᠢᠭᠡ ᠵᠢᠯ ᠤᠨ ᠬᠤᠭᠤᠴᠠᠭᠠᠨ ᠳᠤ ᠨᠡᠶᠢᠳᠡ ᠶᠢᠰᠦᠨ ᠲᠠᠯᠠᠪᠤᠷ ᠪᠠᠷᠢᠯᠳᠤᠭᠠᠨ ᠶᠠᠪᠤᠭᠳᠠᠭᠤᠯᠵᠦ | ᠪᠤᠯᠤᠨ᠎ᠠ᠃ | ᠲᠤᠰ ᠤᠳᠠᠭᠠᠨ ᠤ ᠪᠠᠷᠢᠯᠳᠤᠭᠠᠨ ᠳᠤ32 ᠢᠳᠡᠷ ᠲᠤᠮᠤᠴᠤᠤᠯ ᠤᠨ ᠪᠦᠬᠡ ᠪᠠᠷᠢᠯᠳᠤᠵᠦ᠂ ᠴᠠᠭᠠᠠᠬᠠᠳᠠ | ᠰᠤᠮᠤᠨ ᠤ ᠪᠠᠳᠮᠠᠭᠦᠦ ᠲᠡᠷᠢᠭᠦᠯᠡᠵᠦ᠂ ᠪᠠᠶᠠᠠᠬᠤᠸᠠ ᠪᠠᠯᠭᠠᠰᠦ ᠶᠢᠨ ᠪᠦᠷᠢᠨᠳᠦ ᠲᠡᠳ᠋ᠯᠡᠵᠦ᠂ ᠪᠠᠶᠠᠠᠬᠤᠸᠠ ᠪᠠᠯᠭᠠᠰᠤ | ᠶᠢᠨ ᠬᠦᠴᠦᠨ ᠭᠤᠷᠪᠠ ᠳᠤ᠂ ᠪᠠᠶᠠᠠᠬᠤᠸᠠ ᠪᠠᠯᠭᠠᠰᠤ ᠶᠢᠨ ᠠᠰᠬᠠᠨ ᠲᠦᠷᠪᠡᠳᠦᠭᠡᠷ ᠲᠤ ᠲᠤᠳᠤᠷᠠᠭᠰᠠᠨ ᠪᠠᠶᠢᠨ᠎ᠠ᠃ | ᠡᠯ᠎ᠡ ᠰᠤᠮᠤ ᠪᠠᠯᠭᠠᠰᠤ ᠪᠠᠷ ᠨᠢᠭᠡᠴᠡᠯᠡᠭᠰᠡᠨ ᠨᠢᠭᠡᠴᠡ ᠶᠢᠨ ᠪᠠᠷᠢᠯᠳᠤᠭᠠᠨ ᠳᠤ ᠪᠠᠶᠠᠠᠬᠤᠸᠠ ᠪᠠᠯᠭᠠᠰᠤ ᠶᠢᠨ ᠨᠢᠭᠡᠳᠦᠭᠡᠷ | ᠠᠩᠭᠢ᠂ ᠪᠠᠶᠠᠠᠬᠤᠸᠠ ᠪᠠᠯᠭᠠᠰᠤ ᠶᠢᠨ ᠬᠤᠶᠠᠳᠤᠭᠠᠷ ᠠᠩᠭᠢ᠂ ᠮᠠᠨᠳᠦᠯ ᠪᠠᠯᠭᠠᠰᠤ᠂ ᠴᠠᠭᠠᠠᠬᠠᠳᠠ ᠰᠤᠮᠤ ᠲᠡᠳ᠋ᠯᠡᠵᠦ᠂ | ᠮᠠᠨᠳᠤᠯ ᠪᠠᠯᠭᠠᠰᠤ ᠭᠤᠷᠪᠠ ᠳᠤ᠂ ᠮᠢᠩᠭᠠᠨ ᠪᠠᠯᠭᠠᠰᠤ ᠲᠦᠷᠪᠡ ᠳᠤ ᠲᠤᠳᠤᠷᠠᠵᠠᠢ᠃ ᠲᠤᠰ ᠣᠳᠠᠭᠠᠨ ᠤ | ᠪᠠᠷᠢᠯᠳᠤᠭᠠᠨ ᠳᠤ ᠪᠠᠰᠠ ᠦᠰᠪᠦᠷᠢ ᠬᠡᠥᠬᠡᠳ ᠤᠨ ᠪᠦᠬᠡ ᠶᠢᠨ ᠪᠠᠷᠢᠯᠳᠤᠭᠠᠨ ᠶᠠᠪᠤᠭᠳᠠᠭᠤᠯᠠᠵᠢ᠃ | | | | | | | | | | | | | | | | | | | | | | | | | | | | |