ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠦᠢᠯᠡᠰ ᠲᠤ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠠᠳᠤᠭᠤᠨ ᠤ ᠠᠵᠦ ᠦᠢᠯᠡᠰ ᠤᠨ ᠬᠦᠭᠵᠢᠯᠳᠡ ᠶᠢᠨ ᠰᠢᠨ᠎ᠡ ᠵᠠᠭᠪᠤᠷ ᠢ ᠡᠭᠦᠳᠴᠦ ᠪᠠᠶᠢᠨ᠎ᠠ
ᠨᠡᠶᠢᠲᠡᠯᠡᠭᠰᠡᠨ ᠴᠠᠭ᠄
2023/3/10
      ︽ᠴᠡᠭᠡ︾ ᠪᠤᠯ ᠨᠢᠭᠡ ᠵᠦᠢᠯ ᠤᠨ ᠰᠢᠨ᠎ᠡ ᠰᠤᠷᠭᠤᠭ ᠭᠡᠭᠦᠦ ᠶᠢᠨ ᠰᠦ ᠪᠠᠷ ᠲᠦᠭᠦᠭᠡᠢ ᠮᠠᠲ᠋ᠧᠷᠢᠶᠠᠯ ᠪᠤᠯᠭᠠᠵᠦ᠂ ᠤᠯᠠᠮᠵᠢᠯᠠᠯᠳᠦ ᠢᠰᠭᠡᠯᠳᠡ ᠶᠢᠨ ᠠᠷᠭ᠎ᠠ ᠪᠠᠷ ᠬᠢᠭᠰᠡᠨ ᠬᠦᠴᠢᠯᠯᠢᠭ ᠴᠢᠨᠠᠷ ᠲᠠᠢ ᠰᠫᠢᠷᠲ ᠤᠨ ᠠᠭᠤᠯᠤᠭᠳᠠᠴᠠ ᠲᠤᠤᠷ᠎ᠠ᠂ ᠬᠦᠮᠦᠨ ᠤ ᠪᠡᠶ᠎ᠡ ᠶᠢᠨ ᠡᠷᠡᠭᠦᠯ ᠮᠡᠨᠳᠦ ᠳᠤ ᠠᠰᠢᠭᠳᠠᠢ ᠴᠡᠪᠡᠷ ᠪᠠᠶᠢᠭᠠᠯᠢᠯᠢᠭ ᠪᠡᠶ᠎ᠡ ᠰᠤᠪᠢᠯᠠᠯᠳᠠ ᠶᠢᠨ ᠤᠮᠳᠠᠭᠠᠨ ᠪᠤᠯᠬᠤ ᠶᠤᠮ᠃ ᠦᠩᠭᠡᠷᠡᠭᠰᠡᠨ ᠳᠤ᠂ ᠵᠤᠨ ᠤ ᠤᠯᠠᠷᠢᠯ ᠤᠨ ᠲᠤᠯᠤᠭ᠎ᠠ ᠨᠠᠢᠮᠠᠳᠤᠭᠠᠷ ᠰᠠᠷ᠎ᠠ ᠪᠤᠯᠬᠤ ᠪᠠᠷ ᠮᠠᠯᠴᠢᠳ ᠤᠨ ᠠᠶᠢᠷᠠᠭ ᠨᠡᠷᠡᠬᠦ ᠴᠠᠭ ᠦᠶ᠎ᠡ ᠪᠤᠯᠳᠠᠭ᠃ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠬᠤᠩᠭᠤᠷᠳᠠᠯ᠎ᠠ ᠪᠤᠬᠢᠷᠳᠠᠯ ᠦᠭᠡᠢ ᠢᠳᠡᠭᠡᠨ ᠤ ᠠᠵᠦ ᠦᠢᠯᠡᠰ ᠤᠨ ᠬᠦᠷᠢᠶᠡᠯᠡᠩ ᠳᠤ ᠲᠠᠷᠬᠠᠨ ᠰᠤᠮᠤ ᠪᠤᠯᠤᠨ ᠦᠪᠦᠷ ᠮᠤᠩᠭᠤᠯ ᠤᠨ ᠹᠧᠩ ᠢᠦᠢ ᠲᠠᠷᠢᠶᠠᠯᠠᠩ ᠮᠠᠯ ᠠᠵᠦ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ  ᠤᠨ ᠬᠢᠵᠠᠭᠠᠷᠳᠦ ᠬᠠᠷᠢᠭᠤᠴᠠᠯᠭᠠᠳᠤ ᠺᠤᠮᠫᠠᠨᠢ ᠶᠢᠨ ᠬᠠᠮᠳᠤᠷᠠᠨ ᠪᠠᠶᠢᠭᠤᠯᠤᠭᠰᠠᠨ ᠤᠯᠠᠮᠵᠢᠯᠠᠯᠳᠦ ᠴᠠᠭᠠᠨ ᠢᠳᠡᠭᠡ ᠪᠤᠯᠪᠠᠰᠤᠷᠠᠭᠤᠯᠬᠤ ᠰᠠᠭᠤᠷᠢᠨ ᠭᠠᠵᠠᠷ ᠤᠳᠤᠬᠠᠨ ᠨᠢᠭᠡᠨᠳᠡ ᠠᠰᠢᠭᠯᠠᠯᠳᠠ ᠳᠤ ᠤᠷᠤᠵᠦ᠂ ᠴᠡᠭᠡ ᠪᠤᠯᠤᠨ ᠪᠤᠰᠤᠳ ᠤᠯᠠᠮᠵᠢᠯᠠᠯᠳᠦ ᠴᠠᠭᠠᠨ ᠢᠳᠡᠭᠡ ᠦᠢᠯᠡᠳᠬᠦ ᠳᠤ ᠤᠯᠠᠷᠢᠯ ᠤᠨ ᠬᠢᠵᠠᠭᠠᠷᠯᠠᠯ ᠦᠭᠡᠢ ᠪᠤᠯᠤᠭᠰᠠᠨ ᠪᠦᠭᠡᠳ ᠦᠪᠡᠷᠮᠢᠴᠡ ᠤᠨᠴᠠᠯᠢᠭ ᠲᠠᠢ ᠠᠮᠳᠠᠳᠦ ᠢᠳᠡᠭᠡᠨ ᠬᠦᠮᠦᠰ ᠤᠨ ᠲᠠᠭᠠᠰᠢᠶᠠᠯ ᠳᠤ ᠬᠦᠷᠴᠦ᠂ ᠨᠡᠩ ᠶᠡᠭᠡ ᠬᠡᠷᠡᠭᠯᠡᠭᠡᠨ ᠤ ᠵᠠᠬ᠎ᠠ ᠲᠡᠯᠭᠡᠭᠦᠷ ᠲᠠᠢ ᠪᠤᠯᠤᠭᠰᠠᠨ ᠪᠠᠶᠢᠨ᠎ᠠ᠃
微信图片_20230310090407.jpg
      ᠤᠶᠢᠷ᠎ᠠ ᠶᠢᠨ ᠵᠢᠯ ᠳᠤ᠂ ᠲᠠᠷᠬᠠᠨ ᠰᠤᠮᠤ ᠣᠯᠠᠮᠵᠢᠯᠠᠯᠳᠦ ᠴᠠᠭᠠᠨ ᠢᠳᠡᠭᠡᠨ ᠤ ᠬᠦᠭᠵᠢᠯᠳᠡ ᠶᠢ ᠴᠠᠭᠠᠨ ᠢᠳᠡᠭᠡᠨ ᠤ ᠦᠢᠯᠡᠰ ᠤᠨ ᠬᠢᠭᠵᠢᠯᠳᠡ ᠶᠢ ᠠᠬᠢᠭᠤᠯᠬᠤ ᠴᠢᠬᠤᠯᠠ ᠪᠦᠷᠢᠯᠳᠦᠭᠦᠨ ᠬᠡᠰᠡᠭ ᠪᠤᠯᠭᠠᠵᠦ᠂ ᠤᠯᠠᠮᠵᠢᠯᠠᠯᠳᠦ ᠴᠠᠭᠠᠨ ᠢᠳᠡᠭᠡᠨ ᠤ ᠡᠳ᠋ᠰᠢᠭᠦᠯᠦᠯᠳᠡ ᠶᠢ ︽ᠪᠠᠷᠢᠮᠵᠢᠶᠠᠵᠢᠭᠤᠯᠬᠤ᠂ ᠠᠦ᠋ᠲᠤᠴᠢᠯᠠᠬᠤ᠂ ᠤᠶᠤᠨᠴᠢᠯᠠᠬᠤ︾ ᠲᠡᠰᠢ ᠬᠦᠭᠵᠢᠭᠦᠯᠬᠦ ᠰᠢᠨ᠎ᠡ ᠵᠠᠮ ᠢ ᠢᠳᠡᠪᠬᠢᠳᠡᠢ ᠰᠦᠪᠡᠭᠴᠢᠯᠡᠵᠦ᠂ ︽ᠨᠠᠮ ᠤᠨ ᠡᠭᠦᠷ + ᠰᠠᠭᠤᠷᠢᠨ ᠭᠠᠵᠠᠷ + ᠮᠠᠯᠵᠢᠬᠤ ᠡᠷᠦᠬᠡ︾ ᠶᠢᠨ ᠬᠤᠯᠪᠤᠭᠠᠳᠦ ᠴᠤᠭᠴᠠ ᠪᠠᠷ ᠬᠤᠪᠢ ᠤᠷᠤᠭᠤᠯᠵᠦ ᠠᠰᠢᠭ ᠬᠤᠪᠢᠶᠠᠬᠤ ᠵᠡᠷᠭᠡ ᠬᠡᠯᠪᠡᠷᠢ ᠶᠢᠨ ᠡᠵᠡᠩᠨᠡᠯᠳᠡ ᠶᠢᠨ ᠭᠤᠤᠯ ᠴᠠᠭᠴᠠ ᠯᠤᠭ᠎ᠠ ᠠᠰᠢᠭ ᠲᠤᠰᠠ ᠶᠢᠨ ᠬᠤᠯᠪᠤᠭ᠎ᠠ ᠶᠢᠨ ᠲᠤᠭᠳᠠᠴᠠ ᠶᠢ ᠪᠡᠶᠡᠯᠡᠭᠦᠯᠦᠭᠰᠡᠨ ᠶᠤᠮ᠃ ᠤᠳᠤᠬᠠᠨ ᠳᠤ ᠲᠠᠷᠬᠠᠨ ᠴᠡᠭᠡ ᠤᠯᠠᠮᠵᠢᠯᠯᠠᠳᠦ ᠴᠠᠭᠠᠨ ᠢᠳᠡᠭᠡ ᠪᠤᠯᠪᠠᠰᠤᠷᠠᠭᠤᠯᠬᠤ ᠰᠠᠭᠤᠷᠢᠨ ᠭᠠᠵᠠᠷ ᠲᠤ ᠡᠳᠦᠷ ᠲᠤ1000 ᠵᠢᠩ ᠴᠡᠭᠡ ᠦᠢᠯᠡᠳᠪᠦᠷᠢᠯᠡᠵᠦ᠂2000 ᠵᠢᠩ ᠰᠢᠨ᠎ᠡ ᠰᠤᠷᠭᠤᠭ ᠦᠨᠢᠶᠡᠨ ᠰᠦ ᠠᠴᠠ400 ᠬᠡᠰᠡᠭ ᠦᠷᠦᠮ᠎ᠡ500 ᠵᠢᠩ ᠬᠤᠷᠤᠳ᠂1000 ᠵᠢᠩ ᠡᠭᠡᠳᠡᠭᠰᠡᠨ ᠰᠦ ᠦᠢᠯᠡᠳᠪᠦᠷᠢᠯᠡᠵᠦ ᠪᠠᠶᠢᠳᠠᠭ᠃ ᠲᠠᠷᠬᠠᠨ ᠰᠤᠮᠤ ᠠᠳᠤᠭᠤᠨ ᠤ ᠰᠤᠶᠤᠯ ᠤᠨ ᠰᠠᠭᠤᠷᠢ ᠵᠤᠵᠠᠭᠠᠨ᠂ ᠠᠳᠤᠭᠤᠨ ᠤ ᠠᠵᠦ ᠦᠢᠯᠡᠰ ᠤᠨ ᠬᠦᠭᠵᠢᠯᠳᠡ ᠨᠡᠯᠢᠶᠡᠳ ᠬᠢᠷᠢ ᠲᠦᠪᠰᠢᠨ ᠳᠤ ᠬᠦᠷᠦᠭᠰᠡᠨ ᠶᠤᠮ᠃ ᠠᠳᠤᠭᠤᠨ ᠤ ᠠᠵᠦ ᠦᠢᠯᠡᠰ ᠤᠨ ᠬᠤᠷᠰᠢᠶ᠎ᠡ᠂ ᠭᠡᠷ ᠪᠦᠯᠢ ᠶᠢᠨ ᠮᠠᠯᠵᠢᠯ  ᠤᠨ ᠲᠠᠯᠠᠪᠠᠢ᠂ ᠲᠠᠷᠬᠠᠢ ᠮᠠᠯᠵᠢᠯ ᠤᠨ ᠡᠷᠦᠭᠡ᠂ ᠮᠤᠷᠢ ᠤᠷᠤᠯᠳᠤᠬᠤ ᠲᠠᠯᠠᠪᠠᠢ᠂ ᠴᠡᠭᠡ ᠡᠳ᠋ᠰᠢᠭᠦᠯᠬᠦ ᠰᠠᠭᠤᠷᠢᠨ ᠭᠠᠵᠠᠷ ᠵᠡᠷᠭᠡ ᠠᠳᠤᠭᠤᠨ ᠤ ᠠᠵᠦ ᠦᠢᠯᠡᠰ ᠤᠨ ᠲᠠᠪᠠᠭᠤᠯᠢᠭ ᠢᠶᠠᠷ ︽ᠠᠳᠤᠭᠤᠨ ᠤ ᠠᠵᠦ ᠦᠢᠯᠡᠰ ᠤᠨ ᠬᠦᠭᠵᠢᠯᠳᠡ ᠶᠢᠨ ᠲᠦᠯᠦᠪᠵᠢᠭᠦᠯᠭᠡ︾ ᠶᠢ ᠵᠤᠬᠢᠶᠠᠵᠦ᠂ ᠠᠳᠤᠭᠤᠨ ᠤ ᠠᠵᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦ ᠶᠢ ᠠᠬᠢᠭᠤᠯᠤᠨ ᠠᠳᠤᠭᠤᠨ ᠤ ᠰᠤᠶᠤᠯ ᠢ ᠬᠠᠮᠠᠭᠠᠯᠠᠵᠦ᠂ ᠠᠳᠤᠭᠤᠨ ᠤ ᠰᠤᠶᠤᠯ᠂ ᠴᠡᠭᠡ ᠰᠤᠶᠤᠯ ᠤᠨ ᠨᠠᠶᠢᠷ ᠵᠡᠷᠭᠡ ᠨᠡᠷᠡᠳᠦ ᠲᠡᠮᠳᠡᠭ ᠢ ᠡᠭᠦᠳᠬᠦ ᠠᠵᠢᠯᠯᠠᠭ᠎ᠠ ᠪᠠᠷ ᠠᠳᠤᠭᠤᠨ ᠤ ᠠᠵᠦ ᠦᠢᠯᠡᠰ ᠢ ᠨᠡᠩ ᠶᠡᠬᠡᠪᠡᠷ ᠦᠷᠭᠡᠳᠭᠡᠨ ᠬᠦᠭᠵᠢᠭᠦᠯᠬᠦ ᠪᠠᠷ ᠴᠢᠷᠮᠠᠶᠢᠵᠦ ᠪᠠᠶᠢᠨ᠎ᠠ᠃
微信图片_20230310090417.jpg
      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠢᠩᠭᠠᠨ ᠪᠠᠯᠭᠠᠰᠤᠨ ᠳᠤ᠂ ᠴᠠᠭᠠᠨ ᠢᠳᠡᠭᠡ ᠡᠳ᠋ᠰᠢᠭᠦᠯᠦᠨ ᠦᠢᠯᠡᠳᠪᠦᠷᠢᠯᠡᠬᠦ᠂ ᠰᠢᠨᠵᠢᠯᠡᠨ ᠰᠢᠯᠭᠠᠬᠤ ᠲᠠᠰᠤᠭ ᠢ ᠨᠢᠭᠡ ᠴᠤᠭᠴᠠᠵᠢᠭᠤᠯᠤᠨ ᠪᠠᠷᠢᠯᠵᠢᠶᠠᠵᠢᠭᠤᠯᠤᠭᠰᠠᠨ᠂ ᠤᠳᠤᠬᠢᠴᠢᠯᠠᠭᠰᠠᠨ ᠤᠯᠠᠮᠵᠢᠯᠠᠯᠳᠦ ᠴᠠᠭᠠᠨ ᠢᠳᠡᠭᠡ ᠡᠳ᠋ᠰᠢᠭᠦᠯᠦᠨ ᠪᠤᠯᠪᠠᠰᠤᠷᠠᠭᠤᠯᠬᠤ ᠰᠠᠭᠤᠷᠢᠨ ᠭᠠᠵᠠᠷ ᠪᠠᠶᠢᠭᠤᠯᠤᠭᠳᠠᠵᠠᠢ᠃      ᠮᠢᠩᠭᠠᠨ ᠪᠠᠯᠭᠠᠰᠤ ᠠᠳᠤᠭᠤᠨ ᠤ ᠲᠤᠭ᠎ᠠ ᠠᠷᠪᠢᠨ᠂ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠨᠢᠭᠡᠨᠳᠡ ᠬᠡᠪᠴᠢᠶᠡᠵᠢᠭᠰᠡᠨ ᠲᠠᠪᠠᠭᠤᠯᠢᠭ ᠲᠤ ᠪᠠᠨ ᠲᠦᠰᠢᠭᠯᠡᠨ᠂ ᠦᠪᠦᠷ ᠮᠤᠩᠭᠤᠯ ᠤᠨ ᠪᠦᠸᠧ ᠭᠧ ᠲᠠᠷᠢᠶᠠᠯᠠᠩ ᠮᠠᠯ ᠠᠵᠦ ᠠᠬᠤᠢ ᠶᠢᠨ ᠨᠡᠭᠡᠭᠡᠨ ᠬᠦᠭᠵᠢᠭᠦᠯᠦᠯᠳᠡ ᠶᠢᠨ ᠬᠢᠵᠠᠭᠠᠷᠳᠦ ᠺᠤᠮᠫᠠᠨᠢ ᠲᠠᠢ ︽ᠣᠳᠤ ᠦᠶ᠎ᠡ ᠶᠢᠨ ᠠᠮᠢᠳᠤ ᠪᠤᠳᠠᠰ ᠤᠨ ᠠᠳᠤᠭᠤᠨ ᠤ ᠠᠵᠦ ᠦᠢᠯᠡᠰ ᠤᠨ ᠲᠦᠷᠦᠯ ᠵᠦᠢᠯ ᠤᠨ ᠪᠨᠦᠳᠦᠭᠡᠨ ᠪᠠᠶᠢᠭᠤᠯᠤᠯᠳᠠ ᠶᠢᠨ ᠪᠤᠷᠤ ᠲᠦᠯᠦᠪ ᠤᠨ ᠬᠡᠯᠡᠯᠴᠡᠭᠡᠷ ᠤᠨ ᠪᠢᠴᠢᠭ︾ ᠲᠤᠭᠳᠠᠵᠦ᠂ ᠮᠤᠩᠭᠤᠯ ᠠᠳᠤᠭᠤ ᠶᠢ ᠬᠦᠪᠦᠷᠡᠯ ᠰᠢᠯᠵᠢᠭᠦᠯᠦᠨ ᠪᠤᠶᠢᠵᠢᠭᠤᠯᠬᠤ᠂ ᠠᠳᠤᠭᠤᠨ ᠤ ᠠᠵᠦ ᠦᠢᠯᠡᠰ ᠤᠨ ᠰᠤᠶᠤᠯ ᠵᠢᠭᠤᠯᠴᠢᠯᠠᠯ ᠤᠨ ᠨᠡᠭᠡᠭᠡᠨ ᠬᠦᠭᠵᠢᠭᠦᠯᠦᠯᠳᠡ᠂ ᠴᠡᠭᠡ᠂ ᠠᠳᠤᠭᠤᠨ ᠤ ᠰᠢᠭᠡᠰᠦ᠂ ᠬᠡᠬᠡᠯᠢ ᠲᠠᠢ ᠬᠡᠭᠦᠦ ᠶᠢᠨ ᠴᠢᠰᠦᠨ ᠴᠠᠶᠢᠪᠠᠩ ᠤᠨ ᠡᠳ᠋ᠰᠢᠭᠦᠯᠦᠨ ᠪᠤᠯᠪᠠᠰᠤᠷᠠᠭᠤᠯᠤᠯᠳᠠ  ᠠᠴᠠ ᠬᠦᠢᠳᠡᠨ ᠬᠡᠯᠬᠢᠶᠡᠳᠦ ᠪᠠᠷᠠᠭᠠᠨ ᠤ ᠭᠦᠢᠯᠭᠡᠭᠡ᠂ ᠪᠦᠳᠦᠭᠡᠭᠳᠡᠭᠦᠨ ᠤ ᠪᠤᠷᠤᠯᠠᠭᠤᠯᠭ᠎ᠠ ᠵᠡᠷᠭᠡ ᠪᠦᠬᠦ ᠠᠵᠦ ᠦᠢᠯᠡᠰ ᠤᠨ ᠬᠡᠯᠬᠢᠶ᠎ᠡ ᠶᠢᠨ ᠲᠤᠭᠤᠷᠢᠨ ᠳᠤ ᠭᠤᠤᠯᠳᠠᠯᠭ᠎ᠠ ᠲᠠᠢ ᠬᠠᠮᠳᠤᠷᠠᠯᠴᠠᠭ᠎ᠠ ᠦᠷᠨᠢᠭᠦᠯᠪᠡ᠃      ᠮᠢᠩᠭᠠᠨ ᠪᠠᠯᠭᠠᠰᠤ ᠲᠤᠮᠤ ᠬᠡᠯᠪᠡᠷᠢ ᠶᠢᠨ ᠠᠵᠦ ᠠᠬᠤᠶᠢᠯᠠᠯ ᠲᠠᠢ ᠬᠠᠮᠳᠤᠷᠠᠯᠴᠠᠵᠦ ᠠᠳᠤᠭᠤᠨ ᠤ ᠠᠵᠦ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠶᠢ ᠬᠦᠨᠵᠡᠭᠡᠢ ᠦᠷᠨᠢᠭᠦᠯᠵᠦ᠂ ︿ᠨᠠᠮ ᠤᠨ ᠡᠭᠦᠷ + ᠠᠵᠦ ᠠᠦᠤᠶᠢᠯᠠᠯ + ᠮᠠᠯᠴᠢᠨ﹀ ᠬᠠᠮᠳᠣᠷᠠᠯᠴᠠᠭᠰᠠᠨ ᠠᠵᠦ ᠦᠢᠯᠡᠰ ᠤᠨ ᠬᠦᠭᠵᠢᠯᠳᠡ ᠶᠢᠨ ᠵᠠᠭᠪᠤᠷ ᠢ ᠢᠳᠡᠪᠬᠢᠳᠡᠢ  ᠪᠠᠷ ᠬᠠᠶᠢᠨ ᠰᠦᠪᠡᠭᠴᠢᠯᠡᠵᠦ᠂ ᠠᠮᠢ ᠠᠬᠤᠢ ᠶᠢ ᠬᠠᠮᠠᠭᠠᠯᠠᠭᠰᠠᠨ ᠤᠷᠢᠳᠠᠯ ᠲᠤᠤᠷ᠎ᠠ᠂ ᠤᠷᠤᠨ ᠨᠤᠳᠤᠭ ᠤᠨ ᠤᠨᠴᠠᠯᠢᠭ ᠢ ᠠᠳᠬᠤᠨ᠂ ᠠᠳᠣᠭᠤᠨ ᠤ ᠠᠵᠦ ᠦᠢᠯᠡᠰ ᠤᠨ ᠨᠡᠷᠡᠳᠦ ᠲᠡᠮᠳᠡᠭ ᠤᠨ ᠪᠦᠳᠦᠭᠡᠨ ᠪᠠᠶᠢᠭᠤᠯᠤᠯᠳᠠ ᠶᠢ ᠪᠦᠬᠦ ᠬᠦᠴᠦᠨ ᠢᠶᠠᠷ ᠢᠶᠠᠨ ᠠᠬᠢᠭᠤᠯᠵᠦ ᠪᠤᠢ᠃      ᠲᠠᠷᠬᠠᠨ ᠮᠤᠤᠮᠢᠩᠭᠠᠨ ᠤ ᠲᠠᠯ᠎ᠠ ᠨᠤᠳᠤᠭ ᠲᠤ᠂ ᠤᠳᠤᠬᠢᠴᠢᠯᠠᠭᠰᠠᠨ ᠠᠳᠤᠭᠤᠨ ᠤ ᠠᠵᠦ ᠦᠢᠯᠡᠰ ᠤᠨ ᠬᠦᠭᠵᠢᠯᠳᠡ ᠶᠢᠨ ᠠᠯᠤᠰ ᠢᠷᠡᠭᠡᠳᠦᠢ ᠮᠠᠰᠢ ᠭᠡᠭᠡᠨ ᠰᠠᠷᠠᠭᠤᠯ᠂ ᠤᠯᠠᠮᠵᠢᠯᠠᠯᠳᠦ ᠴᠠᠭᠠᠨ ᠢᠳᠡᠭᠡ ᠠᠳᠤᠭᠤᠨ ᠰᠤᠶᠤᠯ  ᠤᠨ ᠨᠡᠭᠡᠭᠡᠨ ᠠᠰᠢᠭᠯᠠᠯᠳᠠ ᠨᠢ ᠲᠠᠷᠬᠠᠨ ᠮᠤᠤᠮᠢᠩᠭᠠᠨ ᠤ ᠠᠵᠦ ᠦᠢᠯᠡᠰ ᠤᠨ ᠬᠦᠭᠵᠢᠯᠳᠡ ᠶᠢ ᠠᠬᠢᠭᠤᠯᠬᠤ ᠰᠢᠨ᠎ᠡ ᠴᠠᠭ ᠦᠶ᠎ᠡ ᠶᠢ ᠠᠪᠴᠢᠷᠠᠯ᠎ᠠ︕
微信图片_20230310090424.jpg
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号