2023 ᠤᠨ ᠤ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ ᠰᠦᠢᠳᠭᠡᠯ ᠲᠤᠰᠢᠶᠠᠬᠤ ᠠᠵᠢᠯ ᠤᠳᠠᠯ ᠦᠭᠡᠢ ᠲᠠᠭᠤᠰᠬᠤ ᠭᠡᠵᠦ ᠪᠠᠶᠢᠨ᠎ᠠ᠂ ᠴᠠᠭ ᠢ ᠠᠮᠵᠢᠭᠠᠷᠠᠢ
ᠨᠡᠶᠢᠲᠡᠯᠡᠭᠰᠡᠨ ᠴᠠᠭ᠄
2023/3/13
      ᠨᠢᠭᠡ᠂ ᠬᠤᠪᠢ ᠬᠦᠮᠦᠨ ᠤ ᠰᠦᠢᠳᠭᠡᠯ ᠲᠤᠰᠢᠶᠠᠬᠤ ᠴᠠᠭ      2023 ᠤᠨ ᠤ ᠪᠤᠭᠤᠳᠦ ᠬᠤᠳᠠ ᠶᠢᠨ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ ᠲᠤᠪᠯᠡᠷᠡᠭᠦᠯᠦᠨ ᠰᠦᠢᠳᠭᠡᠯ ᠲᠤᠰᠢᠶᠠᠬᠤ ᠴᠠᠭ ᠨᠢ2022 ᠤᠨ ᠤ9 ᠳ᠋ᠦ᠋ᠭᠡᠷ ᠰᠠᠷ᠎ᠠ ᠶᠢᠨ26 ᠤ ᠡᠳᠦᠷ ᠠᠴᠠ2023 ᠤᠨ ᠤ4 ᠳ᠋ᠦ᠋ᠭᠡᠷ ᠰᠠᠷ᠎ᠠ ᠶᠢᠨ25 ᠤ ᠡᠳᠦᠷ ᠪᠤᠯᠳᠠᠯ᠎ᠠ᠂ ᠬᠤᠭᠤᠴᠠᠭ᠎ᠠ ᠭᠡᠳᠦᠷᠡᠪᠡᠯ ᠲᠠᠭᠠᠳᠬᠠᠯ  ᠳᠤ ᠤᠷᠤᠵᠦ ᠰᠦᠢᠳᠭᠡᠯ ᠲᠤᠰᠢᠶᠠᠬᠤ ᠭᠠᠷᠳᠠᠮ ᠢ ᠲᠠᠬᠢᠵᠦ ᠭᠦᠢᠴᠡᠳᠭᠡᠬᠦ ᠦᠭᠡᠢ᠃      ᠬᠤᠶᠠᠷ᠂ ᠬᠤᠪᠢ ᠬᠦᠮᠦᠨ ᠤ ᠲᠠᠭᠠᠳᠬᠠᠯ ᠤᠨ ᠪᠠᠳᠤᠯᠠᠭ᠎ᠠ ᠶᠢᠨ ᠬᠤᠭᠤᠴᠠᠭ᠎ᠠ      ︵ᠨᠢᠭᠡ︶ ᠬᠤᠳᠠ ᠬᠦᠳᠡᠭᠡ ᠶᠢᠨ ᠰᠠᠭᠤᠭᠠᠯᠢ ᠠᠷᠠᠳ᠂ ᠰᠤᠷᠬᠤ ᠨᠠᠰᠤᠨ ᠠᠴᠠ ᠡᠮᠦᠨᠡᠬᠢ ᠬᠡᠥᠬᠡᠳ᠂ ᠨᠢᠷᠠᠢ ᠬᠡᠥᠬᠡᠳ ᠲᠦᠪᠯᠡᠷᠡᠭᠦᠯᠦᠨ ᠰᠦᠢᠳᠭᠡᠯ ᠲᠤᠰᠢᠶᠠᠬᠤ ᠬᠤᠭᠤᠴᠠᠭᠠᠨ ᠳᠤ ᠲᠠᠭᠠᠳᠬᠠᠯ ᠬᠤᠭᠤᠴᠠᠭᠠᠨ ᠳᠤ ᠤᠷᠤᠯᠴᠠᠵᠦ ᠰᠦᠢᠳᠭᠡᠯ ᠲᠤᠰᠢᠶᠠᠪᠠᠯ᠂ ᠬᠦᠷᠳᠡᠬᠦ ᠬᠠᠷᠠᠭᠠᠯᠵᠠᠯ ᠨᠢ2023 ᠤᠨ ᠤ1 ᠳ᠋ᠦ᠋ᠭᠡᠷ ᠰᠠᠷ᠎ᠠ ᠶᠢᠨ1 ᠤ ᠡᠳᠦᠷ  ᠠᠴᠠ2023 ᠤᠨ ᠤ12 ᠳ᠋ᠤᠭᠠᠷ ᠰᠠᠷ᠎ᠠ ᠶᠢᠨ31 ᠤ ᠡᠳᠦᠷ ᠪᠤᠯᠳᠠᠯ᠎ᠠ ᠪᠤᠯᠤᠨ᠎ᠠ᠃      ︵ᠬᠤᠶᠠᠷ︶ ᠰᠤᠷᠭᠠᠭᠤᠯᠢ ᠳᠤ ᠪᠠᠶᠢᠭ᠎ᠠ ᠴᠡᠴᠡᠷᠯᠢᠭ ᠲᠤ ᠪᠠᠶᠢᠭ᠎ᠠ ᠰᠤᠷᠤᠭᠴᠢ ᠲᠦᠪᠯᠡᠷᠡᠭᠦᠯᠦᠨ ᠰᠦᠢᠳᠭᠡᠯ ᠲᠤᠰᠢᠶᠠᠬᠤ ᠬᠤᠭᠤᠴᠠᠭᠠᠨ ᠳᠤ ᠡᠮᠨᠡᠯᠭᠡ ᠶᠢᠨ ᠲᠠᠭᠠᠳᠬᠠᠯ ᠳᠤ ᠤᠷᠤᠯᠴᠠᠵᠦ ᠰᠦᠢᠳᠭᠡᠯ ᠲᠤᠰᠢᠶᠠᠪᠠᠯ᠂ ᠬᠦᠷᠳᠡᠬᠦ ᠬᠠᠷᠠᠭᠠᠯᠵᠠᠯ ᠴᠠᠭ ᠨᠢ2022 ᠤᠨ ᠤ9 ᠳ᠋ᠦ᠋ᠭᠡᠷ ᠰᠠᠷ᠎ᠠ ᠶᠢᠨ1 ᠤ ᠡᠳᠦᠷ ᠠᠴᠠ2023 ᠤᠨ ᠤ12 ᠳ᠋ᠤᠭᠠᠷ ᠰᠠᠷ᠎ᠠ  ᠶᠢᠨ31 ᠤ ᠡᠳᠦᠷ ᠪᠤᠯᠤᠨ᠎ᠠ᠃      ᠭᠤᠷᠪᠠ᠂ ᠬᠤᠪᠢ ᠬᠦᠮᠦᠨ ᠤ ᠡᠮᠨᠡᠯᠭᠡ ᠶᠢᠨ ᠲᠠᠭᠠᠳᠬᠠᠯ ᠰᠦᠢᠳᠭᠡᠯ ᠲᠤᠰᠢᠶᠠᠬᠤ ᠪᠠᠷᠢᠮᠵᠢᠶ᠎ᠠ      ︵ᠨᠢᠭᠡ︶ ᠪᠤᠭᠤᠳᠦ ᠬᠤᠳᠠ ᠶᠢᠨ ᠡᠷᠦᠬᠡ ᠠᠮᠠ ᠶᠢᠨ ᠲᠠᠩᠰᠠ ᠲᠠᠢ ᠬᠤᠳᠠ ᠬᠦᠳᠡᠭᠡ ᠶᠢᠨ ᠰᠠᠭᠤᠭᠠᠯᠢ ᠠᠷᠠᠳ᠂ ᠰᠤᠷᠬᠤ ᠨᠠᠰᠤᠨ ᠠᠴᠠ ᠡᠮᠦᠨᠡᠬᠢ ᠬᠡᠥᠬᠡᠳ᠂ ᠨᠢᠷᠠᠢ ᠬᠡᠥᠬᠡᠳ᠂ ᠰᠤᠷᠭᠠᠭᠤᠯᠢ ᠳᠤ ᠪᠠᠶᠢᠭ᠎ᠠ ᠰᠤᠷᠤᠭᠴᠢ᠂ ᠴᠡᠴᠡᠷᠯᠢᠭ ᠲᠤ ᠪᠠᠶᠢᠭ᠎ᠠ ᠬᠡᠥᠬᠡᠳ᠂ ᠲᠤᠰ ᠬᠤᠳᠠ ᠳᠤ ᠤᠷᠤᠰᠢᠨ ᠰᠠᠭᠤᠷᠢᠰᠢᠭᠰᠠᠨ ᠦᠨᠡᠮᠡᠯ ᠲᠠᠢ ᠬᠤᠳᠠ ᠶᠢᠨ ᠡᠷᠦᠬᠡ ᠠᠮᠠ ᠶᠢᠨ ᠪᠤᠰᠤ ᠰᠠᠭᠤᠭᠠᠯᠢ ᠠᠷᠠᠳ ᠤᠨ ᠬᠤᠪᠢ ᠬᠦᠮᠦᠨ ᠤ ᠰᠦᠢᠳᠭᠡᠯ ᠲᠤᠰᠢᠶᠠᠬᠤ ᠪᠠᠷᠢᠮᠵᠢᠶ᠎ᠠ ᠨᠢ380 ᠲᠦᠭᠦᠷᠢᠭ ᠪᠤᠯᠤᠨ᠎ᠠ᠃      ︵ᠬᠤᠶᠠᠷ︶ ᠤᠨᠴᠠ ᠬᠦᠴᠢᠷᠳᠡᠯᠳᠡᠢ ᠠᠰᠠᠷᠠᠨ ᠲᠡᠵᠢᠭᠡᠭᠳᠡᠭᠰᠡᠨ ᠬᠦᠮᠦᠰ᠂ ᠦᠨᠦᠴᠢᠨ ᠬᠡᠥᠬᠡᠳ᠂ ᠪᠤᠳᠠᠳᠠᠢ ᠠᠰᠠᠷᠠᠨ ᠲᠡᠵᠢᠭᠡᠬᠦ ᠬᠦᠮᠦᠨ ᠦᠭᠡᠢ ᠬᠡᠥᠬᠡᠳ᠂ ᠠᠵᠢᠯᠳᠠᠨ ᠠᠵᠢᠯᠴᠢᠨ ᠤ ᠡᠮ ᠡᠮᠨᠡᠯᠭᠡ ᠶᠢᠨ ᠲᠠᠭᠠᠳᠬᠠᠯ ᠳᠤ ᠣᠷᠣᠯᠴᠠᠭᠰᠠᠨ ᠦᠭᠡᠢ ᠤᠯᠤᠰ ᠪᠠᠶᠢᠭᠤᠯᠤᠭᠳᠠᠬᠤ ᠠᠴᠠ ᠡᠮᠦᠨᠡᠬᠢ ᠠᠬᠠᠮᠠᠳ ᠨᠠᠮ ᠤᠨ ᠬᠡᠰᠢᠭᠦᠨ ᠢ ᠲᠠᠭᠠᠳᠬᠠᠯ ᠤᠨ ᠪᠦᠬᠦ ᠲᠤᠭ᠎ᠠ ᠪᠠᠷ ᠲᠡᠳᠭᠦᠨ ᠲᠤᠰᠠᠯᠠᠵᠦ ᠲᠠᠭᠠᠳᠬᠠᠯ ᠳᠤ ᠤᠷᠤᠯᠴᠠᠭᠤᠯᠤᠨ᠎ᠠ᠃      ︵ᠭᠤᠷᠪᠠ︶ ᠬᠤᠳᠠ ᠬᠦᠳᠡᠭᠡ ᠶᠢᠨ ᠠᠮᠢᠳᠤᠷᠠᠯ ᠤᠨ ᠨᠠᠭᠠᠳᠦ ᠵᠠᠬ᠎ᠠ ᠶᠢᠨ ᠪᠠᠳᠤᠯᠠᠭ᠎ᠠ ᠶᠢᠨ ᠡᠳᠡᠭᠡᠳ᠂ ᠬᠦᠳᠡᠭᠡ ᠲᠤᠰᠬᠤᠨ ᠤ ᠤᠷᠤᠯᠭ᠎ᠠ ᠪᠠᠭᠠᠳᠠᠢ ᠬᠦᠮᠦᠨ ᠠᠮᠠ ᠶᠢ ᠬᠢᠨᠠᠨ ᠰᠢᠯᠭᠠᠬᠤ ᠬᠡᠪᠴᠢᠶᠡᠨ ᠳᠤ ᠤᠷᠤᠭᠤᠯᠤᠭᠰᠠᠨ ᠶᠠᠳᠠᠭᠤ ᠠᠴᠠ ᠠᠩᠭᠢᠵᠢᠷᠠᠭᠰᠠᠨ ᠲᠤᠭᠳᠠᠭᠤᠨ ᠪᠤᠰᠦ ᠡᠷᠦᠬᠡ᠂ ᠵᠠᠬ᠎ᠠ ᠶᠢᠨ ᠠᠮᠠᠷᠬᠠᠨ ᠶᠠᠳᠠᠭᠤᠷᠠᠭᠰᠠᠨ ᠡᠷᠦᠬᠡ ᠪᠠ ᠬᠡᠨᠡᠳᠳᠡ ᠶᠢᠨ ᠶᠠᠪᠤᠳᠠᠯ ᠠᠴᠠ ᠪᠤᠯᠤᠭᠰᠠᠨ ᠬᠦᠴᠢᠷᠳᠡᠯ ᠲᠠᠢ ᠡᠷᠦᠬᠡ ᠳᠤ ᠬᠤᠳᠠ ᠬᠦᠳᠡᠭᠡ ᠶᠢᠨ ᠰᠠᠭᠤᠭᠠᠯᠢ ᠠᠷᠠᠳ  ᠲᠤ ᠬᠤᠪᠢ ᠬᠦᠮᠦᠨ ᠤ ᠰᠦᠢᠳᠭᠡᠯ ᠲᠤᠰᠢᠶᠠᠬᠤ ᠪᠠᠷᠢᠮᠵᠢᠶ᠎ᠠ ᠶᠢᠨ30% ᠢᠶᠠᠷ ᠡᠮᠴᠢᠯᠡᠭᠡᠨ ᠤ ᠲᠠᠭᠠᠳᠬᠠᠯ ᠤᠨ ᠰᠦᠢᠳᠭᠡᠯ ᠲᠤᠰᠢᠶᠠᠯᠭᠠᠨ᠎ᠠ᠂ ᠲᠤᠬᠠᠶᠢᠯᠠᠪᠠᠯ ᠲᠡᠭᠡᠷᠡᠬᠢ ᠬᠠᠷᠭᠠᠯᠵᠠᠯ ᠢ ᠬᠦᠷᠳᠡᠭᠰᠡᠨ ᠰᠠᠭᠤᠭᠠᠯᠢ ᠠᠷᠠᠳ ᠬᠤᠪᠢ ᠪᠠᠷ  ᠢᠶᠠᠨ114 ᠲᠦᠭᠦᠷᠢᠭ ᠲᠤᠰᠢᠶᠠᠬᠤ ᠪᠤᠯᠤᠨ᠎ᠠ᠃      ᠠᠩᠬᠠᠷᠬᠤ ᠨᠢ᠄ ᠤᠷᠢᠳᠠᠪᠠᠷ ᠲᠤᠰᠢᠶᠠᠵᠦ ᠲᠠᠷᠠᠭ᠎ᠠ ᠨᠢ ᠨᠦᠬᠦᠪᠦᠷᠢᠯᠡᠨ᠎ᠡ      ︵ᠲᠦᠷᠪᠡ︶ ᠶᠠᠳᠠᠭᠤ ᠠᠴᠠ ᠠᠩᠭᠢᠵᠢᠷᠠᠭᠤᠯᠤᠭᠰᠠᠨ ᠬᠦᠮᠦᠨ ᠠᠮᠠ ᠶᠢᠨ ᠲᠤᠳᠤᠷᠠᠬᠢ ︽ᠲᠦᠷᠪᠡ ᠶᠢ ᠬᠠᠰᠤᠬᠤ ᠦᠭᠡᠢ︾ ᠱᠠᠭᠠᠷᠳᠠᠯᠭ᠎ᠠ ᠳᠤ ᠬᠠᠷᠢᠶᠠᠯᠠᠭᠳᠠᠬᠤ ᠬᠦᠮᠦᠰ᠂ ᠡᠮᠴᠢᠯᠡᠭᠡᠨ ᠤ ᠠᠪᠤᠷᠠᠨ ᠲᠤᠰᠠᠯᠠᠬᠤ ᠬᠡᠪᠴᠢᠶᠡᠨ  ᠳᠤ ᠪᠠᠶᠢᠬᠤ ᠦᠭᠡᠢ ᠬᠦᠨᠳᠦ ᠵᠡᠮᠳᠡᠭ ᠬᠤᠳᠠ ᠬᠦᠳᠡᠭᠡ ᠶᠢᠨ ᠰᠠᠭᠤᠭᠠᠯᠢ ᠠᠷᠠᠳ᠂ ᠬᠤᠪᠢ ᠬᠦᠮᠦᠨ ᠤ ᠰᠦᠢᠳᠭᠡᠯ ᠲᠤᠰᠢᠶᠠᠬᠤ ᠪᠠᠷᠢᠮᠵᠢᠶ᠎ᠠ ᠶᠢᠨ50% ᠪᠠᠷ ᠡᠮᠴᠢᠯᠡᠭᠡᠨ ᠤ ᠲᠠᠭᠠᠳᠬᠠᠯ ᠤᠨ ᠰᠦᠢᠳᠭᠡᠯ ᠲᠤᠰᠢᠶᠠᠨ᠎ᠠ᠂ ᠲᠤᠬᠠᠶᠢᠯᠠᠪᠠᠯ ᠲᠡᠭᠡᠷᠡᠬᠢ ᠬᠠᠷᠠᠭᠠᠯᠵᠠᠯ ᠢ ᠬᠦᠷᠳᠡᠬᠦ ᠰᠠᠭᠤᠭᠠᠯᠢ ᠠᠷᠠᠳ ᠪᠦᠷᠢ190 ᠲᠦᠭᠦᠷᠢᠭ ᠲᠤᠰᠢᠶᠠᠬᠤ ᠪᠤᠯᠤᠨ᠎ᠠ᠃      ᠠᠩᠬᠠᠷᠬᠤ ᠨᠢ᠄ ᠤᠷᠢᠳᠠᠪᠠᠷ ᠲᠤᠰᠢᠶᠠᠵᠦ ᠲᠠᠷᠠᠭ᠎ᠠ ᠨᠢ ᠨᠦᠬᠦᠪᠦᠷᠢᠯᠡᠨ᠎ᠡ      ᠲᠦᠷᠪᠡ᠂ ᠬᠤᠪᠢ ᠬᠦᠮᠦᠨ ᠤ ᠰᠦᠢᠳᠭᠡᠯ ᠲᠤᠰᠢᠶᠠᠬᠤ ᠠᠷᠭ᠎ᠠ ᠮᠠᠶ᠋ᠢᠭ      ︵ᠨᠢᠭᠡ︶ ᠸᠢᠴᠠᠲ ᠪᠠᠷ ᠰᠦᠢᠳᠭᠡᠯ ᠲᠤᠰᠢᠶᠠᠬᠤ      ︽ᠦᠪᠦᠷ ᠮᠤᠩᠭᠤᠯ ᠤᠨ ᠭᠠᠶᠢᠯᠢ ᠶᠢᠨ ᠶᠠᠪᠤᠳᠠᠯ ᠤᠨ ᠨᠡᠶᠢᠭᠡᠮ ᠤᠨ ᠲᠠᠭᠠᠳᠬᠠᠯ ᠤᠨ ᠰᠦᠢᠳᠭᠡᠯ ᠲᠤᠰᠢᠶᠠᠬᠤ︾ ᠵᠢᠵᠢᠭ ᠲᠠᠪᠴᠠᠩ ᠢ ᠡᠷᠢᠬᠦ ᠪᠤᠶᠤ ᠸᠢᠴᠠᠲ ᠪᠠᠷ ᠬᠤᠶᠠᠷ ᠬᠡᠮᠵᠢᠯᠳᠦ ᠺᠤᠲ ᠢ ᠰᠢᠷᠪᠢᠵᠦ ᠰᠦᠢᠳᠭᠡᠯ ᠲᠤᠰᠢᠶᠠᠬᠤ ᠪᠠᠷ ᠮᠡᠳᠡᠭᠦᠯᠵᠦ᠂ ᠰᠦᠢᠳᠭᠡᠯ ᠲᠤᠰᠢᠶᠠᠭᠰᠠᠨ ᠭᠡᠷᠡᠴᠢ ᠪᠠᠷᠢᠮᠳᠠ ᠶᠢ ᠪᠢᠴᠢᠵᠦ ᠦᠭᠭᠦᠨ᠎ᠡ᠃      ︵ᠬᠤᠶᠠᠷ︶ ᠵᠤᠭᠤᠰ ᠦᠭᠬᠦ ᠪᠠᠷ ᠰᠦᠢᠳᠭᠡᠯ ᠲᠤᠰᠢᠶᠠᠬᠤ      ︽ᠬᠤᠳᠠ ᠶᠢᠨ ᠠᠷᠠᠳ ᠤᠨ ᠲᠦᠪ — ᠨᠡᠶᠢᠭᠡᠮ ᠤᠨ ᠠᠰᠠᠷᠠᠮᠵᠢ ᠶᠢᠨ ᠲᠠᠭᠠᠳᠬᠠᠯ — ᠦᠪᠦᠷ ᠮᠤᠩᠭᠤᠯ  ᠤᠨ ᠨᠡᠶᠢᠭᠡᠮ ᠤᠨ ᠠᠰᠠᠷᠠᠮᠵᠢ ᠶᠢᠨ ᠲᠠᠭᠠᠳᠬᠠᠯ ᠤᠨ ᠰᠦᠢᠳᠭᠡᠯ ᠲᠤᠰᠢᠶᠠᠬᠤ︾ ᠡᠮᠬᠢ ᠲᠠᠷᠠᠭᠠᠯᠠᠯ ᠢᠶᠠᠷ ᠲᠠᠮᠵᠢᠭᠤᠯᠤᠨ ᠰᠦᠢᠳᠭᠡᠯ ᠲᠤᠰᠢᠶᠠᠬᠤ ᠪᠠᠷ ᠮᠡᠳᠡᠭᠦᠯᠵᠦ᠂ ᠰᠦᠢᠳᠭᠡᠯ ᠲᠤᠰᠢᠶᠠᠭᠰᠠᠨ ᠭᠡᠷᠡᠴᠢ ᠪᠠᠷᠢᠮᠳᠠ ᠶᠢ ᠪᠢᠴᠢᠵᠦ ᠦᠭᠭᠦᠨ᠎ᠡ᠃      ︵ᠭᠤᠷᠪᠠ︶ ᠦᠪᠦᠷ ᠮᠤᠩᠭᠤᠯ ᠤᠨ ᠮᠧᠩ ᠰᠤᠤ ᠲᠠᠪᠴᠠᠩ ᠢᠶᠠᠷ ᠰᠦᠢᠳᠭᠡᠯ ᠲᠤᠰᠢᠶᠠᠬᠤ      ᠨᠢᠭᠡ᠄ ︽ᠦᠪᠦᠷ ᠮᠤᠩᠭᠤᠯ ᠤᠨ ᠭᠠᠶᠢᠯᠢ ᠶᠢᠨ ᠶᠠᠪᠤᠳᠠᠯ ᠤᠨ ᠨᠡᠶᠢᠭᠡᠮ ᠤᠨ ᠲᠠᠭᠠᠳᠬᠠᠯ ᠤᠨ ᠰᠦᠢᠳᠭᠡᠯ ᠲᠤᠰᠢᠶᠠᠬᠤ︾ ᠲᠠᠪᠴᠠᠩ ᠢ ᠡᠷᠢᠵᠦ᠂ ᠰᠦᠢᠳᠭᠡᠯ ᠲᠤᠰᠢᠶᠠᠬᠤ ᠪᠠᠷ ᠮᠡᠳᠡᠭᠦᠯᠵᠦ᠂ ᠰᠦᠢᠳᠭᠡᠯ ᠲᠤᠰᠢᠶᠠᠭᠰᠠᠨ ᠭᠡᠷᠡᠴᠢ ᠪᠠᠷᠢᠮᠳᠠ ᠶᠢ ᠪᠢᠴᠢᠵᠦ ᠦᠭᠭᠦᠨ᠎ᠡ᠃      ᠬᠤᠶᠠᠷ᠄ ︽ᠦᠢᠯᠡᠴᠢᠯᠡᠭᠡ — ᠲᠠᠪᠤᠨ ᠲᠠᠭᠠᠳᠬᠠᠯ ᠨᠢᠭᠡ ᠮᠦᠩᠭᠦ — ᠦᠪᠦᠷ ᠮᠤᠩᠭᠤᠯ ᠤᠨ ᠨᠡᠶᠢᠭᠡᠮ ᠤᠨ ᠲᠠᠭᠠᠳᠬᠠᠯ ᠤᠨ ᠰᠦᠢᠳᠭᠡᠯ ᠲᠤᠰᠢᠶᠠᠬᠤ︾ ᠠᠷᠭ᠎ᠠ ᠵᠠᠮ ᠢᠶᠠᠷ ᠲᠠᠮᠵᠢᠭᠤᠯᠤᠨ ᠰᠦᠢᠳᠭᠡᠯ ᠲᠤᠰᠢᠶᠠᠬᠤ ᠪᠠᠷ ᠮᠡᠳᠡᠭᠦᠯᠵᠦ᠂ ᠰᠦᠢᠳᠭᠡᠯ ᠲᠤᠰᠢᠶᠠᠭᠰᠠᠨ ᠭᠡᠷᠡᠴᠢ ᠪᠠᠷᠢᠮᠳᠠ ᠶᠢ ᠪᠢᠴᠢᠵᠦ ᠦᠭᠭᠦᠨ᠎ᠡ᠃      ︵ᠲᠦᠷᠪᠡ︶ ᠪᠠᠩᠭᠢ ᠠᠴᠠ ᠰᠦᠢᠳᠭᠡᠯ ᠲᠤᠰᠢᠶᠠᠬᠤ      ᠨᠠᠰᠤᠳᠠᠶᠢᠴᠤᠳ ᠤᠨ ᠪᠡᠯᠡ ᠵᠤᠭᠤᠰ ᠢᠶᠠᠷ ᠰᠦᠢᠳᠭᠡᠯ ᠲᠤᠰᠢᠶᠠᠬᠤ ᠳᠤ ᠪᠦᠳᠦᠭᠡᠨ ᠪᠠᠶᠢᠭᠤᠯᠤᠯᠳᠠ ᠶᠢᠨ ᠪᠠᠩᠭᠢ ᠪᠠ ᠭᠤᠸᠠᠩ ᠳ᠋ᠠ ᠪᠠᠩᠭᠢ ᠶᠢᠨ ᠦᠢᠯᠡᠴᠢᠯᠡᠭᠡᠨ ᠤ ᠴᠡᠭ ᠤᠨ ᠤᠶᠤᠨᠳᠦ ᠮᠠᠰᠢᠨ ᠪᠤᠶᠤ ᠲᠤᠬᠠᠶᠢᠯᠠᠭᠰᠠᠨ ᠠᠵᠢᠯ ᠤᠨ ᠴᠤᠩᠬᠤ ᠪᠠᠷ ᠲᠠᠮᠵᠢᠨ ᠰᠦᠢᠳᠭᠡᠯ ᠲᠤᠰᠢᠶᠠᠬᠤ ᠪᠠᠷ ᠮᠡᠳᠡᠭᠦᠯᠵᠦ ᠪᠤᠯᠤᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号