ᠲᠠᠷᠬᠠᠨ ᠮᠤᠤᠮᠢᠩᠭᠭᠠᠨ ᠬᠤᠯᠪᠤᠭᠠᠳᠦ ᠬᠤᠰᠢᠭᠤᠨ ᠤ ᠴᠠᠭ ᠠᠭᠤᠷ ᠤᠨ ᠲᠤᠪᠴᠢᠶ᠎ᠠ2023 ᠤᠨ ᠤ ᠲᠡᠯᠡᠬᠡᠢ ᠶᠢᠨ ᠴᠠᠭ ᠠᠭᠤᠷ ᠤᠨ ᠡᠳᠦᠷ ᠤᠨ ᠲᠤᠰᠬᠠᠢ ᠰᠡᠳᠦᠪᠳᠦ ᠬᠦᠳᠡᠯᠭᠡᠭᠡᠨ ᠦᠷᠨᠢᠭᠦᠯᠦᠭᠰᠡᠨ
ᠨᠡᠶᠢᠲᠡᠯᠡᠭᠰᠡᠨ ᠴᠠᠭ᠄
2023/3/17
      3 ᠰᠠᠷ᠎ᠠ ᠶᠢᠨ23 ᠤ ᠡᠳᠦᠷ ᠪᠤᠯ ᠲᠡᠯᠡᠬᠡᠢ ᠶᠢᠨ ᠴᠠᠭ ᠠᠭᠤᠷ ᠤᠨ ᠡᠳᠦᠷ ᠮᠦᠨ᠃ ᠤᠷᠤᠰᠢᠨ ᠠᠮᠢᠳᠤᠷᠠᠵᠦ ᠪᠤᠢ ᠪᠠᠶᠢᠭᠠᠯᠢ ᠲᠡᠯᠡᠬᠡᠢ ᠪᠠᠨ ᠬᠠᠶᠢᠷᠠᠯᠠᠨ ᠬᠠᠮᠠᠭᠠᠯᠠᠬᠤ ᠪᠤᠯ ᠪᠢᠳᠡᠨ ᠤ ᠬᠦᠮᠦᠨ ᠨᠢᠭᠡᠪᠦᠷᠢ ᠶᠢᠨ ᠡᠭᠦᠷᠭᠡ ᠬᠠᠷᠢᠭᠤᠴᠠᠯᠭ᠎ᠠ ᠶᠤᠮ᠃3 ᠰᠠᠷ᠎ᠠ ᠶᠢᠨ16 ᠤ ᠡᠳᠦᠷ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠴᠠᠭ ᠠᠭᠤᠷ ᠤᠨ ᠲᠤᠪᠴᠢᠶ᠎ᠠ2023 ᠤᠨ ᠤ ᠲᠡᠯᠡᠬᠡᠢ ᠶᠢᠨ ᠴᠠᠭ ᠠᠭᠤᠷ ᠤᠨ ᠡᠳᠦᠷ ᠢ ᠲᠡᠮᠳᠡᠭᠯᠡᠬᠦ ︽ᠦᠶ᠎ᠡ ᠶᠢᠨ ᠦᠶ᠎ᠡ ᠳᠤ ᠪᠠᠨ ᠡᠷᠬᠢᠮᠯᠡᠨ ᠦᠪᠯᠡᠬᠦ ᠠᠭᠠᠷ ᠤᠰᠤ︾ ᠬᠡᠭᠦ ᠲᠤᠰᠬᠠᠢ ᠰᠡᠳᠦᠪᠳᠦ ᠬᠦᠳᠡᠯᠬᠡᠬᠡᠨ ᠦᠷᠨᠢᠭᠦᠯᠦᠭᠰᠡᠨ ᠪᠠᠶᠢᠨ᠎ᠠ᠃      ᠡᠨᠡᠬᠦ ᠬᠦᠳᠡᠯᠭᠡᠭᠡᠨ ᠳᠤ ᠮᠤᠩᠭᠤᠯ ᠦᠨᠳᠦᠰᠦᠳᠡᠨ ᠤ ᠰᠤᠷᠭᠠᠭᠤᠯᠢ ᠶᠢᠨ ᠠᠩᠬ᠎ᠠ ᠨᠢᠭᠡ ᠶᠢᠨ ᠪᠦᠬᠦ ᠰᠤᠷᠤᠭᠴᠢᠳ ᠤᠷᠤᠯᠴᠠᠵᠦ᠂ ᠴᠠᠭ ᠠᠭᠤᠷ ᠤᠨ ᠲᠤᠪᠴᠢᠶᠠᠨ ᠤ ᠠᠵᠢᠯᠳᠠᠳ ᠠᠴᠠ ᠰᠤᠷᠤᠭᠴᠢᠳ ᠲᠤ ᠴᠠᠭ ᠠᠭᠤᠷ  ᠤᠨ ᠪᠠᠶᠢᠳᠠᠯ ᠢ ᠤᠶᠢᠯᠠᠭᠠᠬᠤ᠂ ᠭᠠᠮᠰᠢᠭ ᠢ ᠤᠷᠢᠳᠴᠢᠯᠠᠨ ᠰᠡᠷᠭᠡᠶᠢᠯᠡᠬᠦ ᠲᠤᠬᠠᠢ ᠰᠢᠨᠵᠢᠯᠡᠬᠦ ᠤᠬᠠᠭᠠᠨ ᠤ ᠬᠢᠴᠢᠶᠡᠯᠡᠯᠭᠡ ᠤᠷᠤᠵᠦ᠂ ᠴᠠᠭ ᠠᠭᠤᠷ ᠤᠨ ᠦᠷᠳᠡᠭᠡᠨ ᠤ ᠠᠵᠢᠭᠯᠠᠯᠳᠠ ᠶᠢᠨ ᠲᠠᠯᠠᠪᠤᠷ ᠤᠨ ᠬᠡᠮᠵᠢᠯᠳᠡ ᠶᠢᠨ ᠪᠠᠭᠠᠵᠢ ᠬᠡᠷᠡᠭᠰᠡᠯ ᠢ ᠨᠠᠷᠢᠨ ᠨᠢᠮᠪᠠᠢ ᠲᠠᠶᠢᠯᠪᠤᠷᠢᠯᠠᠨ ᠤᠶᠢᠯᠠᠭᠠᠭᠤᠯᠬᠤ ᠶᠢᠨ ᠬᠠᠮᠳᠦ ᠬᠦᠳᠡᠯᠭᠡᠭᠡᠨ ᠳᠤ ᠤᠷᠤᠯᠴᠠᠭᠰᠠᠨ ᠰᠤᠷᠤᠭᠴᠢᠳ ᠲᠤ ᠤᠬᠠᠭᠤᠯᠭ᠎ᠠ ᠶᠢᠨ ᠵᠢᠵᠢᠭ ᠪᠡᠯᠡᠭ ᠲᠠᠷᠬᠠᠭᠠᠭᠰᠠᠨ ᠪᠠᠶᠢᠨ᠎ᠠ᠃      ᠡᠨᠡᠬᠦ ᠦᠢᠯᠡᠳᠦᠯᠭᠡ ᠶᠢᠨ ᠬᠢᠴᠢᠶᠡᠯᠡᠯᠭᠡ ᠨᠢ ᠰᠤᠷᠤᠭᠴᠢᠳ ᠲᠤ ᠴᠠᠭ ᠠᠭᠤᠷ ᠤᠨ ᠤᠷᠢᠳᠴᠢᠯᠠᠭᠰᠠᠨ ᠮᠡᠳᠡᠭᠡ  ᠶᠢ ᠶᠠᠭᠠᠬᠢᠵᠦ ᠮᠡᠳᠡᠬᠦ᠂ ᠴᠠᠭ ᠠᠭᠤᠷ ᠤᠨ ᠭᠠᠮᠰᠢᠭ ᠢ ᠬᠡᠷᠬᠢᠨ ᠰᠡᠷᠭᠡᠶᠢᠯᠡᠬᠦ᠂ ᠭᠠᠮᠰᠢᠭ ᠲᠤᠯᠭᠠᠷᠠᠭᠰᠠᠨ ᠦᠶ᠎ᠡ ᠳᠤ ᠶᠠᠭᠠᠬᠢᠵᠦ ᠦᠪᠡᠷ ᠢ ᠪᠠᠨ ᠬᠠᠮᠠᠭᠠᠯᠠᠬᠤ ᠲᠤᠬᠠᠢ ᠮᠡᠳᠡᠯᠭᠡ ᠶᠢ ᠡᠵᠡᠮᠰᠢᠭᠦᠯᠵᠦ᠂ ᠪᠠᠭᠠᠴᠤᠳ ᠬᠡᠥᠬᠡᠳ ᠤᠨ ᠪᠠᠶᠢᠭᠠᠯᠢ ᠤᠷᠴᠢᠨ ᠢᠶᠠᠨ ᠬᠠᠮᠠᠭᠠᠯᠠᠬᠤ ᠤᠬᠠᠮᠰᠠᠷ ᠢ ᠲᠡᠭᠡᠭᠰᠢᠯᠡᠭᠦᠯᠦᠨ᠂ ᠴᠠᠭ ᠠᠭᠤᠷ ᠤᠨ ᠰᠢᠨᠵᠢᠯᠡᠬᠦ ᠤᠬᠠᠭᠠᠨ ᠤ ᠮᠡᠳᠡᠯᠭᠡ  ᠶᠢ ᠨᠡᠮᠡᠭᠳᠡᠭᠦᠯᠦᠭᠰᠡᠨ ᠤᠳᠬ᠎ᠠ ᠠᠭᠤᠯᠭ᠎ᠠ ᠲᠠᠢ ᠠᠵᠢᠯᠯᠠᠭ᠎ᠠ ᠪᠤᠯᠤᠭᠰᠠᠨ ᠪᠠᠶᠢᠨ᠎ᠠ᠃
微信图片_20230320085942.png
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号