ᠲᠠᠷᠬᠠᠨ ᠰᠤᠮᠤᠨ ᠤ ᠠᠯᠳᠠᠠᠳᠤᠭ ᠭᠠᠴᠠᠭᠠᠨ ᠤ ᠬᠢᠨ ︽3.8︾ ᠡᠮᠡᠭᠳᠡᠶᠢᠴᠤᠳ ᠤᠨ ᠪᠠᠶᠠᠷ ᠢᠶᠠᠨ ᠪᠡᠯᠭᠡᠯᠡᠭᠰᠡᠨ
ᠨᠡᠶᠢᠲᠡᠯᠡᠭᠰᠡᠨ ᠴᠠᠭ᠄
2023/3/2
      3 ᠰᠠᠷ᠎ᠠ ᠶᠢᠨ2 ᠤ ᠡᠳᠦᠷ ᠲᠠᠷᠠᠬᠨ ᠰᠤᠮᠤᠨ ᠤ ᠠᠯᠳᠠᠠᠳᠤᠭ ᠭᠠᠴᠠᠭᠠᠨ ᠤ ᠬᠤᠶᠠᠷ ᠵᠦᠪᠯᠡᠯ ᠤᠨ ᠬᠢᠨ ᠭᠠᠴᠠᠭᠠᠨ ᠤ ᠪᠠᠨ ᠬᠤᠪᠢᠰᠬᠠᠯᠳᠦ ᠮᠤᠩᠭᠤᠯ ᠭᠡᠷ ᠲᠤ ︽3.8︾ ᠤ ᠡᠮᠡᠭᠳᠡᠶᠢᠴᠤᠳ ᠤᠨ ᠪᠠᠶᠠᠷ ᠢ ᠪᠠᠶᠠᠷᠯᠠᠨ ᠪᠡᠯᠭᠡᠯᠡᠬᠦ ︽ᠬᠦᠳᠡᠭᠡ ᠨᠤᠳᠤᠭ ᠤᠨ ᠡᠮᠡᠭᠳᠡᠶᠢᠴᠤᠳ ᠨᠠᠮ ᠢᠶᠠᠨ ᠲᠠᠭᠠᠵᠦ᠂ ᠰᠢᠨ᠎ᠡ ᠴᠠᠭ ᠡᠷᠡᠨ ᠳᠤ ᠭᠠᠪᠢᠶ᠎ᠠ ᠵᠢᠳᠭᠦᠯ ᠪᠠᠶᠢᠭᠤᠯᠬᠤ︾ ᠭᠤᠤᠯ ᠰᠡᠳᠦᠪᠳᠦ ᠠᠵᠢᠯᠯᠠᠭ᠎ᠠ ᠦᠷᠨᠢᠭᠦᠯᠦᠭᠰᠡᠨ ᠪᠠᠶᠢᠨ᠎ᠠ᠃      ᠦᠨᠳᠦᠰᠦᠨ ᠱᠠᠳᠤᠨ ᠤ ᠡᠮᠡᠭᠳᠡᠶᠢᠴᠤᠳ ᠤᠨ ᠡᠷᠡᠭᠦᠯ ᠡᠩᠭᠡ᠂ ᠡᠶ᠎ᠡ ᠡᠪᠳᠡᠢ ᠭᠡᠷ ᠪᠦᠯᠢ ᠶᠢᠨ ᠬᠠᠷᠢᠯᠴᠠᠭ᠎ᠠ  ᠶᠢ ᠠᠩᠬᠠᠷᠤᠨ ᠬᠠᠯᠠᠮᠵᠢᠯᠠᠬᠤ ᠡᠭᠦᠳᠡᠨ ᠠᠴᠠ ᠭᠠᠴᠠᠭᠠᠨ ᠤ ᠬᠤᠶᠠᠷ ᠵᠦᠪᠯᠡᠯ ᠤᠨ ᠬᠢᠨ ᠲᠤᠰᠬᠠᠢ ᠪᠠᠭᠰᠢ ᠤᠷᠢᠵᠦ ᠭᠡᠷ ᠪᠦᠯᠢ ᠶᠢᠨ ᠬᠠᠷᠢᠯᠴᠠᠭᠠᠨ ᠤ ᠲᠤᠬᠠᠢ ᠲᠤᠰᠬᠠᠢ ᠰᠡᠳᠦᠪᠳᠦ ᠵᠢᠯᠤᠭᠤᠳᠤᠯᠭ᠎ᠠ ᠶᠢᠨ ᠬᠢᠴᠢᠶᠡᠯ ᠤᠷᠤᠭᠤᠯᠤᠨ᠂ ᠠᠵᠢᠯᠯᠠᠭ᠎ᠠ ᠳᠤ ᠤᠷᠤᠯᠴᠠᠭᠰᠠᠨ ᠡᠮᠡᠭᠳᠡᠶᠢᠴᠤᠳ ᠲᠤ ᠭᠠᠷ ᠪᠡᠯᠡᠭ ᠬᠦᠷᠭᠡᠵᠦ᠂ ᠬᠠᠮᠳᠤᠪᠠᠷ ᠰᠦᠯᠢᠶᠤᠤ ᠬᠤᠸᠠᠷ ᠵᠡᠷᠭᠡ ᠭᠠᠷ ᠤᠷᠠᠯᠠᠯ ᠬᠢᠬᠦ ᠶᠢ ᠰᠤᠷᠤᠯᠴᠠᠨ᠂ ᠵᠢᠵᠢᠭ ᠲᠤᠭᠯᠠᠭᠠᠮ ᠲᠤᠭᠯᠠᠵᠦ᠂ ᠲᠠᠭᠤᠯᠠᠨ ᠴᠡᠩᠭᠡᠯᠳᠦᠵᠦ᠂ ᠪᠠᠶᠠᠷ  ᠤᠨ ᠡᠳᠦᠷ ᠢᠶᠠᠨ ᠤᠳᠬ᠎ᠠ ᠠᠭᠤᠯᠭ᠎ᠠ ᠲᠠᠢ ᠪᠡᠯᠭᠡᠯᠡᠭᠰᠡᠨ ᠪᠠᠶᠢᠨ᠎ᠠ᠃
微信图片_20230306090454.jpg
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号