ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠬᠤᠷᠢᠨ ᠲᠦᠷᠪᠡᠳᠡᠬᠢ ᠪᠦᠬᠦ ᠤᠯᠤᠰ ᠤᠨ ︽ᠴᠢᠬᠢ ᠪᠠᠨ ᠬᠠᠶᠢᠷᠠᠯᠠᠬᠤ ᠡᠳᠦᠷ ︾ ᠤᠨ ᠰᠠᠶᠢᠨ ᠲᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/3/2
      2023 ᠤᠨ ᠤ3 ᠰᠠᠷ᠎ᠠ ᠶᠢᠨ3 ᠤ ᠡᠳᠦᠷ ᠪᠤᠯ ᠪᠦᠬᠦ ᠤᠯᠤᠰ ᠤᠨ ︽ᠴᠢᠬᠢ ᠪᠠᠨ ᠬᠠᠶᠢᠷᠠᠯᠠᠬᠤ ᠡᠳᠦᠷ︾ ᠪᠤᠯᠤᠨ᠎ᠠ᠃ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠵᠡᠮᠳᠡᠭᠴᠤᠳ ᠤᠨ ᠬᠤᠯᠪᠤᠭ᠎ᠠ ᠶᠢᠨ ᠬᠢᠨ ᠬᠤᠰᠢᠭᠤᠨ ᠤ ᠤᠯᠠᠨ ᠲᠦᠮᠡᠨ ᠤ ᠪᠦᠯᠬᠦᠮ ᠤᠨ ᠵᠤᠬᠢᠶᠠᠨ ᠪᠠᠶᠢᠭᠤᠯᠤᠯᠳᠠ ᠲᠠᠢ ᠬᠠᠮᠳᠤᠷᠠᠨ3 ᠰᠠᠷ᠎ᠠ ᠶᠢᠨ1 ᠤ ᠡᠳᠦᠷ᠂ ᠪᠤᠭᠤᠳᠦ ᠬᠤᠳᠠ ᠶᠢᠨ ᠵᠡᠮᠳᠡᠭᠴᠤᠳ ᠲᠤ ᠲᠤᠰᠠᠯᠠᠬᠤ ᠪᠠᠭᠠᠵᠢ ᠬᠡᠷᠡᠭᠰᠡᠯ ᠪᠠ ᠨᠡᠶᠢᠭᠡᠮ ᠲᠤᠭᠤᠷᠢᠭ ᠲᠤ ︽ᠤᠯᠠᠨ ᠲᠦᠮᠡᠨ ᠤ ᠪᠦᠯᠬᠦᠮ ᠬᠠᠶᠢᠷ᠎ᠠ ᠬᠠᠯᠠᠮᠵᠢ ᠬᠦᠷᠭᠡᠬᠦ᠂ ᠪᠦᠬᠦ ᠤᠯᠤᠰ ᠤᠨ ᠴᠢᠬᠢ ᠪᠠᠨ ᠬᠠᠶᠢᠷᠠᠯᠠᠬᠤ ᠡᠳᠦᠷ︾  ᠤᠨ ᠯᠸᠢ ᠹᠧᠩ ᠠᠴᠠ ᠰᠤᠷᠤᠯᠴᠠᠬᠤ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠭᠦᠯᠬᠦ ᠰᠠᠶᠢᠨ ᠲᠤᠷ᠎ᠠ  ᠶᠢᠨ ᠦᠢᠯᠡᠴᠢᠯᠡᠭᠡᠨ ᠤ ᠠᠵᠢᠯᠯᠠᠭ᠎ᠠ ᠶᠢ ᠤᠷᠢᠳᠴᠢᠯᠠᠨ ᠦᠷᠨᠢᠭᠦᠯᠦᠭᠰᠡᠨ ᠪᠠᠶᠢᠨ᠎ᠠ᠃ ᠲᠤᠷ᠎ᠠ ᠶᠢᠨ ᠦᠢᠯᠡᠴᠢᠯᠡᠭᠡᠨ ᠠᠵᠢᠯᠯᠠᠭ᠎ᠠ ᠶᠢ ᠤᠷᠢᠳᠴᠢᠯᠠᠨ ᠦᠷᠨᠢᠭᠦᠯᠦᠭᠰᠡᠨ ᠪᠠᠶᠢᠨ᠎ᠠ᠃
微信图片_20230302091634.jpg     
      ᠠᠵᠢᠯᠯᠠᠭ᠎ᠠ ᠳᠤ᠂ ᠰᠤᠨᠤᠷ ᠲᠤᠳᠤᠤᠠᠬᠠᠭᠤᠷ ᠤᠨ ᠬᠡᠷᠡᠭᠴᠡᠭᠡ ᠱᠠᠭᠠᠷᠳᠠᠯᠭ᠎ᠠ ᠲᠠᠢ ᠪᠦᠭᠡᠳ ᠨᠦᠬᠦᠴᠡᠯ ᠳᠤ ᠲᠤᠬᠢᠷᠠᠭᠰᠠᠨ ᠵᠡᠮᠳᠡᠭᠴᠣᠳ ᠤᠨ ᠰᠤᠨᠤᠷ ᠲᠤᠳᠤᠤᠠᠬᠠᠭᠤᠷ ᠶᠢ ᠨᠢ ᠲᠤᠬᠠᠢ ᠶᠢᠨ ᠲᠠᠯᠠᠪᠠᠢ ᠳᠤ ᠰᠢᠯᠭᠠᠨ ᠪᠠᠶᠢᠴᠠᠭᠠᠵᠦ ᠂ ᠰᠦᠢᠳᠭᠡᠯ ᠬᠤᠷᠢᠶᠠᠬᠤ ᠦᠭᠡᠢ ᠪᠠᠷ ᠰᠤᠨᠤᠷ ᠲᠤᠳᠤᠤᠠᠬᠠᠭᠤᠷ ᠲᠤᠬᠢᠷᠠᠭᠤᠯᠤᠨ ᠦᠭᠴᠦ᠂ ᠵᠡᠮᠳᠡᠭᠴᠤᠳ ᠤᠨ ᠭᠡᠷ  ᠲᠤ ᠨᠢ ᠬᠡᠷᠡᠭᠰᠡᠯ ᠬᠦᠷᠭᠡᠵᠦ ᠲᠤᠰᠠᠯᠠᠭᠰᠠᠨ ᠪᠠᠶᠢᠨ᠎ᠠ᠃ ᠰᠠᠭᠤᠭᠠᠯᠢ ᠠᠷᠠᠳ ᠲᠤ ᠪᠠᠰᠠ ᠴᠢᠬᠢᠨ ᠰᠤᠨᠤᠷ ᠤᠨ ᠠᠯᠪᠠᠨ ᠵᠢᠷᠤᠮ ᠤᠨ ᠡᠮᠴᠢᠯᠡᠭᠡ ᠦᠷᠨᠢᠭᠦᠯᠦᠨ᠂ ᠰᠦᠢᠳᠭᠡᠯ ᠬᠤᠷᠢᠶᠠᠬᠤ ᠦᠬᠡᠢ ᠪᠠᠷ ᠰᠤᠨᠤᠰᠬᠤ ᠴᠢᠳᠠᠪᠤᠷᠢ ᠶᠢᠨ ᠪᠠᠶᠢᠴᠠᠭᠠᠯᠳᠠ᠂ ᠴᠢᠬᠢᠨ ᠵᠠᠮ ᠤᠨ ᠪᠠᠶᠢᠴᠠᠭᠠᠯᠳᠠ ᠬᠢᠵᠦ ᠦᠭᠭᠦᠭᠰᠡᠨ ᠪᠦᠭᠡᠳ ᠴᠢᠬᠢ ᠪᠠᠨ ᠬᠠᠶᠢᠷᠠᠯᠠᠵᠦ ᠴᠢᠬᠢ ᠪᠠᠨ ᠬᠠᠮᠠᠭᠠᠯᠠᠬᠤ ᠮᠡᠳᠡᠯᠭᠡ ᠶᠢ ᠲᠦᠭᠡᠮᠡᠯᠵᠢᠭᠦᠯᠦᠨ᠂ ᠴᠢᠬᠢ ᠱᠤᠤᠬᠢᠬᠤ᠂ ᠴᠢᠬᠢ ᠲᠦᠯᠡᠶᠢᠷᠡᠬᠦ ᠵᠡᠷᠭᠡ ᠴᠢᠬᠢᠨ ᠤ ᠡᠪᠡᠳᠴᠢᠨ ᠤ ᠢᠯᠡᠷᠡᠯ ᠪᠠ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠠᠨᠢᠯᠴᠠᠭᠤᠯᠵᠦ᠂ ᠡᠳᠦᠷ ᠲᠤᠳᠤᠮ ᠤᠨ ᠴᠢᠬᠢ ᠴᠢᠬᠢᠷᠠᠭᠵᠢᠭᠤᠯᠬᠤ ᠡᠷᠡᠭᠦᠯᠵᠢᠯ ᠤᠨ ᠪᠡᠶ᠎ᠡ ᠶᠢᠨ ᠲᠠᠮᠢᠷ ᠢ ᠵᠢᠭᠠᠵᠦ᠂ ᠴᠢᠬᠢ ᠪᠠᠨ ᠬᠠᠶᠢᠷᠠᠯᠠᠬᠤ ᠮᠡᠳᠡᠯᠭᠡ ᠶᠢᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠠᠢ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号