ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ︽3.15 ᠤ ᠬᠡᠷᠡᠭᠯᠡᠭᠴᠢᠳ ᠤᠨ ᠡᠷᠬᠡ ᠠᠰᠢᠭ ᠤᠨ ᠡᠳᠦᠷ︾ ᠤᠨ ᠭᠤᠤᠯ ᠰᠡᠳᠦᠪᠳᠦ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/3/22
      3 ᠰᠠᠷ᠎ᠠ ᠶᠢᠨ15 ᠤ ᠦᠳᠡ ᠶᠢᠨ ᠡᠮᠦᠨ᠎ᠡ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ ᠲᠠᠯ᠎ᠠ ᠨᠤᠳᠤᠭ ᠤᠨ ᠰᠤᠶᠤᠯ ᠤᠨ ᠤᠷᠳᠤᠨ ᠤ ᠡᠮᠦᠨ᠎ᠡ ︽ᠬᠡᠷᠡᠭᠯᠡᠬᠡᠨ ᠤ ᠢᠳᠡᠭᠡᠯ ᠢ ᠬᠦᠭᠵᠢᠭᠡᠶ᠎ᠡ︾ ᠬᠡᠭᠦ ᠭᠤᠤᠯ ᠰᠡᠳᠦᠪᠳᠦ ︽3.15 ᠤ ᠬᠡᠷᠡᠭᠯᠡᠭᠴᠢᠳ ᠤᠨ ᠡᠷᠬᠡ ᠠᠰᠢᠭ  ᠤᠨ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠦᠭᠰᠡᠨ ᠪᠠᠶᠢᠨ᠎ᠠ᠃ ᠲᠤᠰ ᠭᠤᠤᠯ ᠰᠡᠳᠦᠪᠳᠦ ᠤᠬᠠᠭᠤᠯᠭ᠎ᠠ ᠨᠢ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠠᠵᠦ ᠠᠬᠤᠢ ᠨᠡᠶᠢᠭᠡᠮ ᠤᠨ ᠬᠦᠭᠵᠢᠯᠳᠡ ᠪᠤᠯᠤᠨ ᠬᠡᠷᠡᠭᠯᠡᠭᠡᠨ ᠤ ᠠᠮᠢᠳᠤᠷᠠᠯ ᠤᠨ ᠲᠤᠮᠳᠠᠬᠢ ᠵᠦᠷᠢᠴᠡᠯ ᠪᠤᠯᠤᠨ ᠠᠰᠠᠭᠤᠳᠠᠯ ᠢ ᠰᠢᠢᠳᠪᠦᠷᠢᠯᠡᠵᠦ᠂ ᠪᠦᠬᠦ ᠨᠡᠶᠢᠭᠡᠮ ᠤᠨ ᠬᠦᠴᠦᠨ ᠢ ᠲᠠᠶᠢᠴᠢᠯᠠᠨ᠂ ᠠᠮᠤᠷ ᠲᠦᠪᠰᠢᠨ ᠲᠦᠪ ᠭᠤᠤᠯᠴᠢ ᠬᠡᠷᠡᠭᠯᠡᠭᠡᠨ ᠤ ᠤᠷᠴᠢᠨ ᠨᠦᠬᠦᠴᠡᠯ ᠢ ᠴᠢᠷᠮᠠᠶᠢᠨ ᠪᠤᠢ ᠪᠤᠯᠭᠠᠵᠦ᠂ ᠡᠷᠡᠭᠦᠯ ᠪᠤᠯᠪᠠᠰᠤᠨ ᠬᠡᠷᠡᠭᠯᠡᠭᠡᠨ ᠤ ᠬᠡᠯᠪᠡᠷᠢ ᠶᠢ ᠰᠠᠨᠠᠭᠠᠴᠢᠯᠠᠬᠤ ᠶᠢ ᠭᠦᠢᠴᠡᠳ ᠬᠠᠷᠠᠭᠤᠯᠤᠭᠰᠠᠨ ᠪᠠᠶᠢᠨ᠎ᠠ᠃      ᠠᠬᠤᠢ ᠲᠠᠯᠠᠪᠠᠢ ᠳᠤ᠂ ᠠᠵᠢᠯᠳᠠᠳ ᠠᠴᠠ ᠦᠷᠭᠡᠨ ᠤᠯᠠᠨ ᠰᠠᠭᠤᠭᠠᠯᠢ ᠠᠷᠠᠳ ᠲᠤ ︽ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠥᠯᠢ︾ ︽ᠢᠳᠡᠭᠡᠨ ᠤ ᠠᠮᠤᠷ ᠲᠦᠪᠰᠢᠨ ᠤ ᠭᠠᠷ ᠲᠡᠪᠳᠡᠷ︾ ᠵᠡᠷᠭᠡ ᠬᠡᠷᠡᠭᠯᠡᠭᠴᠢᠳ ᠤᠨ ᠡᠷᠭᠡ ᠠᠰᠢᠭ ᠢ ᠬᠠᠮᠠᠭᠠᠯᠠᠬᠤ ᠬᠠᠮᠢᠶ᠎ᠠ ᠪᠦᠬᠦᠢ ᠬᠠᠥᠯᠢ ᠴᠠᠭᠠᠵᠠ ᠶᠢᠨ ᠮᠡᠳᠡᠯᠭᠡ ᠶᠢ ᠤᠬᠠᠭᠤᠯᠤᠨ᠂ ᠤᠬᠠᠭᠤᠯᠭ᠎ᠠ ᠶᠢᠨ ᠭᠠᠷ ᠲᠡᠪᠳᠡᠷ ᠲᠠᠷᠬᠠᠭᠠᠬᠤ ᠶᠢᠨ ᠬᠠᠮᠳᠦ ᠬᠠᠮᠢᠶ᠎ᠠ ᠪᠦᠬᠦᠢ ᠠᠰᠠᠭᠤᠳᠠᠯ ᠢ ᠨᠠᠷᠢᠨ ᠨᠢᠮᠪᠠᠢ ᠲᠠᠶᠢᠯᠪᠤᠷᠢᠯᠠᠭᠰᠠᠨ ᠪᠠᠶᠢᠨ᠎ᠠ᠃      ᠲᠤᠰ ᠣᠳᠠᠭᠠᠨ ᠤ ᠠᠵᠢᠯᠯᠠᠭ᠎ᠠ ᠪᠠᠷ ᠲᠠᠮᠵᠢᠨ᠂ ᠦᠷᠭᠡᠨ ᠤᠯᠠᠨ ᠬᠡᠷᠡᠭᠯᠡᠭᠴᠢᠳ ᠤᠨ ᠬᠠᠥᠯᠢ ᠴᠠᠭᠠᠵᠠ ᠶᠢᠨ ᠲᠠᠨᠢᠯᠳᠠ ᠶᠢ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠪᠠᠷᠠᠭ᠎ᠠ ᠬᠤᠳᠠᠯᠳᠤᠨ ᠠᠪᠬᠤ ᠳᠤ ᠪᠠᠨ ᠴᠢᠨᠠᠷ ᠴᠢᠨᠰᠠᠭ᠎ᠠ  ᠶᠢ ᠨᠢ ᠢᠯᠭᠠᠬᠤ᠂ ᠬᠤᠭᠤᠴᠠᠭ᠎ᠠ ᠠᠴᠠ ᠬᠡᠳᠦᠷᠡᠭᠰᠡᠨ ᠪᠠᠷᠠᠭ᠎ᠠ ᠶᠢ ᠬᠡᠷᠬᠢᠨ ᠵᠦᠪ ᠢᠯᠭᠠᠨ ᠲᠠᠨᠢᠬᠤ᠂ ᠬᠢᠮᠳᠠᠷᠠᠯ ᠲᠠᠢ ᠪᠠᠷᠠᠭ᠎ᠠ ᠶᠢ ᠬᠤᠳᠠᠯᠳᠤᠨ ᠠᠪᠬᠤ᠂ ᠡᠮᠴᠢᠯᠡᠭᠡᠨ ᠤ ᠲᠦᠷᠦᠯ ᠵᠦᠢᠯ ᠢ ᠵᠦᠪ ᠤᠨᠤᠪᠴᠢᠳᠠᠢ ᠲᠠᠨᠢᠬᠤ ᠵᠡᠷᠭᠡ ᠠᠩᠬᠠᠷᠬᠤ ᠵᠦᠢᠯ ᠢ ᠤᠶᠢᠯᠠᠭᠠᠭᠤᠯᠵᠦ᠂ ᠬᠡᠷᠡᠭᠯᠡᠭᠴᠢᠳ ᠤᠨ ᠰᠢᠨᠵᠢᠯᠡᠬᠦ ᠤᠬᠠᠭᠠᠨᠴᠢ᠂ ᠵᠦᠢ ᠵᠤᠬᠢᠰᠳᠠᠢ ᠬᠡᠷᠡᠭᠯᠡᠭᠡ  ᠶᠢ ᠬᠦᠳᠦᠯᠦᠨ ᠵᠢᠯᠤᠭᠤᠳᠴᠦ ᠤᠷᠢᠶᠠᠯᠠᠭᠰᠠᠨ ᠪᠠᠶᠢᠨ᠎ᠠ᠃
 
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号