ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠨᠤᠮ ᠤᠨ ᠰᠠᠩ ᠰᠢᠨ᠎ᠡ ᠬᠡᠯᠪᠡᠷᠢ ᠶᠢᠨ ᠤᠶᠤᠨ ᠤ ᠬᠦᠮᠦᠷᠭᠡ ᠶᠢᠨ ᠤᠩᠰᠢᠯᠭ᠎ᠠ ᠶᠢᠨ ᠲᠦᠬᠦᠭᠡᠷᠦᠮᠵᠢ ᠶᠢ ᠤᠷᠤᠭᠤᠯᠤᠨ ᠤᠩᠰᠢᠭᠴᠢᠳ ᠲᠤ ᠰᠢᠨ᠎ᠡ ᠤᠩᠰᠢᠯᠭ᠎ᠠ ᠶᠢᠨ ᠬᠦᠷᠳᠡᠭᠡᠮᠵᠢ ᠬᠠᠩᠭᠠᠵᠦ ᠪᠠᠶᠢᠨ᠎ᠠ
ᠨᠡᠶᠢᠲᠡᠯᠡᠭᠰᠡᠨ ᠴᠠᠭ᠄
2023/3/24
      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠨᠤᠮ ᠤᠨ ᠰᠠᠩ ᠰᠢᠨ᠎ᠡ ᠬᠡᠯᠪᠡᠷᠢ ᠶᠢᠨ ᠤᠶᠤᠨ ᠤ ᠬᠦᠮᠦᠷᠭᠡ ᠶᠢᠨ ᠤᠩᠰᠢᠯᠭ᠎ᠠ ᠶᠢᠨ ᠲᠦᠬᠦᠭᠡᠷᠦᠮᠵᠢ ᠶᠢ ᠤᠷᠤᠭᠤᠯᠤᠨ ᠠᠪᠴᠢᠷᠠᠵᠦ᠂ ᠤᠩᠰᠢᠭᠴᠢᠳ ᠲᠤ ᠨᠤᠮ ᠵᠢᠭᠡᠯᠡᠨ ᠤᠩᠰᠢᠬᠤ ᠰᠢᠨ᠎ᠡ ᠤᠶᠢᠯᠠᠭᠠᠭᠳᠠᠬᠤᠨ ᠢ ᠠᠪᠴᠢᠷᠠᠨ ᠦᠭᠴᠦ᠂ ᠪᠦᠥᠪᠡᠢ ᠶᠢᠨ ᠤᠶᠤᠨ ᠤ ᠬᠦᠮᠦᠷᠭᠡ ᠶᠢᠨ ᠤᠩᠰᠢᠯᠭ᠎ᠠ ᠶᠢᠨ ᠲᠦᠬᠦᠭᠡᠷᠦᠮᠵᠢ ᠪᠤᠯᠤᠨ ᠭᠧ ᠳ᠋ᠧ ᠡᠯᠧᠺᠲᠷᠤᠨ ᠨᠤᠮ ᠵᠢᠭᠡᠯᠡᠨ ᠤᠩᠰᠢᠬᠤ ᠮᠠᠰᠢᠨ ᠨᠢ ᠤᠩᠰᠢᠭᠴᠢᠳ ᠤᠨ ᠠᠩᠬᠠᠷᠤᠯ ᠢ ᠶᠡᠬᠡᠳᠡ ᠲᠠᠳᠠᠪᠠ᠃      ᠪᠦᠥᠪᠡᠢ ᠤᠨ ᠤᠶᠤᠨ ᠤ ᠬᠦᠮᠦᠷᠭᠡ ᠶᠢᠨ ᠨᠢᠭᠡ ᠴᠤᠭᠴᠠᠳᠦ ᠮᠠᠰᠢᠨ ᠨᠢ ᠺᠠᠷᠲ᠋ᠤᠨ ᠰᠢᠨ᠎ᠡ ᠬᠡᠯᠪᠡᠷᠢ ᠶᠢᠨ ᠭᠠᠳᠠᠷ ᠲᠦᠷᠰᠦ ᠶᠢᠨ ᠵᠢᠷᠤᠭ ᠲᠦᠯᠦᠪᠯᠡᠭᠡ ᠶᠢ ᠬᠡᠷᠡᠭᠯᠡᠵᠦ᠂ ᠤᠶᠤᠨ ᠤ ᠬᠦᠮᠦᠷᠭᠡ ᠶᠢᠨ ᠶᠡᠷᠦᠩᠭᠡᠢ ᠡᠬᠢ ᠪᠠᠶᠠᠯᠢᠭ  ᠤᠨ ᠬᠡᠮᠵᠢᠶ᠎ᠡ ᠨᠢ3000 ᠭᠠᠷᠤᠢ ᠲᠤᠰᠬᠠᠢ ᠡᠮᠬᠢᠳᠭᠡᠯ ᠳᠤ ᠬᠦᠷᠴᠦ᠂ ᠬᠡᠥᠬᠡᠳ ᠤᠨ ᠦᠯᠢᠭᠡᠷ᠂ ᠵᠢᠷᠤᠭᠳᠦ ᠱᠤᠭ ᠵᠢᠷᠤᠭ᠂ ᠰᠡᠭᠡᠭᠡᠷᠡᠭᠦᠯᠬᠦ ᠤᠯᠤᠰ ᠤᠨ ᠰᠤᠷᠭᠠᠯ᠂ ᠬᠡᠥᠬᠡᠳ ᠤᠨ ᠬᠦᠮᠦᠵᠢᠯ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠦᠮᠦᠵᠢᠯ᠂ ᠪᠠᠭᠠᠴᠤᠳ ᠬᠡᠥᠬᠡᠳ ᠤᠨ ᠠᠩᠯᠢ ᠬᠡᠯᠡ᠂ ᠲᠠᠭᠤᠤ ᠬᠦᠭᠵᠢᠮ ᠪᠦᠵᠢᠭ ᠵᠡᠷᠭᠡ ᠲᠤᠯᠤᠭᠠᠨ ᠶᠡᠭᠡ ᠰᠢᠷᠢᠰ ᠠᠭᠤᠯᠭ᠎ᠠ ᠶᠢ ᠪᠠᠭᠳᠠᠭᠠᠵᠦ᠂ ᠭᠠᠳᠠᠷ ᠲᠦᠷᠰᠦ ᠨᠢ ᠰᠤᠯᠤᠩᠭ᠎ᠠ ᠶᠢᠨ ᠲᠤᠯᠤᠭᠠᠨ ᠦᠩᠭᠡ  ᠪᠠᠷ ᠢᠯᠡᠷᠡᠵᠦ᠂ ᠬᠡᠥᠬᠡᠳ ᠲᠤ ᠪᠠᠶᠠᠯᠢᠭ ᠰᠠᠶᠢᠬᠠᠨ ᠬᠠᠷᠠᠭᠠᠨ ᠰᠠᠷᠠᠯ ᠢ ᠬᠠᠩᠭᠠᠳᠠᠭ᠃ ᠡᠭᠦᠨ ᠤ ᠬᠠᠮᠳᠦ ᠤᠩᠰᠢᠯᠭ᠎ᠠ  ᠶᠢᠨ ᠮᠠᠰᠢᠨ ᠲᠤᠳᠤᠷᠠᠬᠢ ᠵᠠᠭᠤᠴᠢᠯᠠᠭᠤᠷ ᠤᠨ ᠡᠬᠢ ᠪᠠᠶᠠᠯᠢᠭ ᠢ ᠲᠤᠭᠳᠠᠮᠠᠯ ᠬᠤᠭᠤᠴᠠᠭ᠎ᠠ ᠲᠠᠢ ᠪᠠᠷ ᠰᠢᠨᠡᠳᠭᠡᠵᠦ᠂ ᠲᠡᠯᠭᠡᠴᠡ ᠳᠤ ᠬᠦᠷᠴᠦ ᠬᠠᠭᠤᠳᠠᠰᠦ ᠶᠢ ᠤᠷᠪᠠᠭᠤᠯᠤᠨ ᠤᠩᠰᠢᠬᠤ ᠶᠢ ᠲᠠᠮᠵᠢᠵᠦ᠂ ᠤᠯᠠᠮᠵᠢᠯᠠᠯᠳᠦ ᠲᠤᠭᠳᠠᠩᠭᠤᠢ ᠵᠠᠭᠪᠤᠷ ᠢ ᠡᠪᠳᠡᠵᠦ᠂ ᠪᠠᠭᠠᠴᠤᠳ ᠬᠡᠥᠬᠡᠳ ᠲᠤ ᠦᠪᠡᠷ ᠤᠨ ᠪᠡᠶ᠎ᠡ ᠪᠠᠷ ᠢᠶᠠᠨ ᠪᠡᠶᠡᠴᠢᠯᠡᠨ ᠤᠶᠢᠯᠠᠭᠠᠭᠤᠯᠵᠦ᠂ ᠰᠤᠷᠤᠯᠴᠠᠬᠤ ᠠᠭᠤᠯᠭ᠎ᠠ ᠶᠢ ᠨᠡᠩ ᠠᠮᠠᠷᠬᠠᠨ ᠤᠶᠢᠯᠠᠭᠠᠭᠤᠯᠤᠨ ᠡᠵᠡᠮᠰᠢᠭᠦᠯᠵᠦ᠂ ᠬᠡᠥᠬᠡᠳ ᠤᠳ ᠲᠤ ᠤᠨ ᠰᠤᠷᠤᠯᠴᠠᠯᠭ᠎ᠠ ᠶᠢᠨ ᠤᠷᠮ᠎ᠠ ᠪᠠᠬ᠎ᠠ ᠶᠢ ᠲᠠᠳᠠᠵᠦ ᠴᠢᠳᠠᠭᠰᠠᠨ ᠪᠠᠶᠢᠨ᠎ᠠ᠃
      ᠭᠧ ᠳ᠋ᠧ ᠡᠯᠧᠺᠲᠷᠤᠨ ᠨᠤᠮ ᠵᠢᠭᠡᠯᠡᠬᠦ ᠮᠠᠰᠢᠨ ᠲᠤᠳᠤᠷ᠎ᠠ3000 ᠲᠡᠪᠳᠡᠷ ᠵᠢᠩᠭᠢᠨᠢ ᠬᠡᠪᠯᠡᠯ ᠤᠨ ᠡᠷᠬᠡ ᠤᠯᠭᠤᠭᠰᠠᠨ ᠡᠯᠧᠺᠲᠷᠤᠨ ᠨᠤᠮ ᠪᠢᠴᠢᠭ200 ᠭᠠᠷᠤᠢ ᠵᠦᠢᠯ ᠤᠨ ᠬᠤᠭᠤᠴᠠᠭᠠᠳᠦ ᠰᠡᠳᠭᠦᠯ ᠤᠨ  ᠡᠬᠢ ᠪᠠᠶᠠᠯᠢᠭ  ᠲᠠᠢ ᠪᠠᠶᠢᠵᠦ᠂ ︽ᠺᠤᠳ᠋ ᠰᠢᠷᠪᠢᠪᠡᠯ ᠨᠤᠮ ᠢ ᠤᠯᠵᠦ ᠤᠩᠰᠢᠬᠤ︾ ᠵᠢᠭᠡᠯᠡᠨ ᠤᠩᠰᠢᠬᠤ ᠠᠷᠭ᠎ᠠ ᠮᠠᠶ᠋ᠢᠭ ᠨᠢ ᠲᠦᠭᠦᠮ ᠂ ᠲᠦᠷᠭᠡᠨ᠂ ᠴᠠᠭ ᠤᠨ ᠦᠩᠭᠡ ᠶᠢ ᠲᠠᠭᠠᠭᠰᠠᠨ ᠢᠶᠠᠷ ᠢᠶᠠᠨ ᠤᠩᠰᠢᠭᠴᠢᠳ ᠲᠤ ᠤᠨᠴᠠᠭᠠᠢ ᠤᠩᠰᠢᠯᠭ᠎ᠠ ᠶᠢᠨ ᠤᠶᠢᠯᠠᠭᠠᠯᠳᠠ ᠤᠯᠭᠤᠭᠰᠠᠨ ᠢᠶᠠᠷ ᠪᠠᠷᠠᠬᠤ ᠦᠭᠡᠢ ᠨᠡᠩ ᠴᠦ ᠡᠵᠡᠯᠡᠬᠦ ᠲᠠᠯᠠᠪᠠᠢ ᠨᠢ ᠪᠠᠭ᠎ᠠ᠂ ᠤᠭᠰᠠᠷᠠᠬᠤ ᠳᠤ ᠲᠦᠭᠦᠮ ᠵᠡᠷᠭᠡ ᠲᠠᠪᠠᠭᠤᠯᠢᠭ ᠢᠶᠠᠷ ᠢᠶᠠᠨ ᠤᠯᠠᠨ ᠨᠡᠶᠢᠳᠡ ᠶᠢᠨ ᠨᠤᠮ ᠤᠨ ᠰᠡᠩ ᠤᠨ ᠦᠢᠯᠡᠴᠢᠯᠡᠭᠡᠨ ᠤ ᠬᠡᠪᠴᠢᠶ᠎ᠡ  ᠶᠢ ᠶᠡᠭᠡ ᠪᠠᠷ ᠦᠷᠭᠡᠳᠭᠡᠵᠦ᠂ ᠨᠤᠮ ᠤᠨ ᠰᠠᠩ ᠤᠨ ᠲᠤᠭᠠᠵᠢᠭᠤᠯᠬᠤ ᠪᠦᠳᠦᠭᠡᠨ ᠪᠠᠶᠢᠭᠤᠯᠤᠯᠳᠠ ᠶᠢᠨ ᠠᠬᠢᠴᠠ ᠶᠢ ᠲᠦᠷᠭᠡᠳᠭᠡᠨ᠂ ᠤᠶᠤᠨᠴᠢ ᠤᠩᠰᠢᠯᠭ᠎ᠠ ᠶᠢᠨ ᠰᠢᠨ᠎ᠡ ᠴᠠᠭ ᠦᠶ᠎ᠡ ᠶᠢ ᠨᠡᠭᠡᠭᠡᠭᠰᠡᠨ ᠪᠠᠶᠢᠨ᠎ᠠ᠃      ᠰᠢᠨ᠎ᠡ ᠬᠡᠯᠪᠡᠷᠢ ᠶᠢᠨ ᠤᠶᠤᠨ ᠤ ᠬᠦᠮᠦᠷᠭᠡ ᠶᠢᠨ ᠤᠩᠰᠢᠯᠭ᠎ᠠ ᠶᠢᠨ ᠲᠦᠬᠦᠭᠡᠷᠦᠮᠵᠢ ᠶᠢ ᠲᠡᠯᠭᠡᠨ ᠦᠵᠡᠭᠦᠯᠦᠭᠰᠡᠨ ᠶᠠᠪᠤᠳᠠᠯ ᠨᠢ ᠰᠠᠭᠤᠭᠠᠯᠢ ᠠᠷᠠᠳ ᠲᠤ ᠨᠡᠩ ᠰᠠᠶᠢᠨ ᠪᠦᠭᠡᠳ ᠲᠦᠳᠡ ᠤᠯᠠᠨ ᠨᠠᠶᠢᠳᠠ ᠶᠢᠨ ᠰᠤᠶᠤᠯ  ᠤᠨ ᠦᠢᠯᠡᠴᠢᠯᠡᠭᠡ ᠬᠠᠩᠭᠠᠵᠦ᠂ ᠨᠤᠮ ᠤᠨ ᠰᠠᠩ ᠤᠨ ᠴᠠᠭᠠᠰᠤᠨ ᠨᠤᠮ ᠵᠢᠭᠡᠯᠡᠨ ᠤᠩᠰᠢᠬᠤ ᠦᠢᠯᠡᠴᠢᠯᠡᠭᠡ ᠶᠢ ᠪᠦᠳᠦᠮᠵᠢᠳᠡᠢ ᠪᠠᠷ ᠨᠦᠬᠦᠪᠦᠷᠢᠯᠡᠭᠰᠡᠨ ᠢᠶᠠᠷ ᠪᠠᠷᠠᠬᠤ ᠦᠭᠡᠢ ᠦᠷᠭᠡᠨ ᠤᠯᠠᠨ ᠤᠩᠰᠢᠭᠴᠢᠳ ᠲᠤ ᠴᠦ ᠰᠢᠨ᠎ᠡ ᠤᠩᠰᠢᠯᠭ᠎ᠠ ᠶᠢᠨ ᠤᠶᠢᠯᠠᠭᠠᠯᠳᠠ ᠶᠢ ᠬᠠᠩᠭᠠᠵᠦ᠂ ᠡᠯᠧᠺᠲᠷᠤᠨ ᠮᠡᠳᠡᠭᠡ ᠵᠠᠩᠭᠢ ᠪᠠᠷ ᠲᠠᠮᠵᠢᠭᠤᠯᠤᠨ ᠤᠩᠰᠢᠯᠭ᠎ᠠ ᠶᠢᠨ ᠪᠠᠶᠠᠷ ᠪᠠᠭ᠋ᠠᠳᠠᠯ ᠢ ᠡᠳ᠋ᠯᠡᠭᠦᠯᠦᠭᠰᠡᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号