ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ︽ᠬᠤᠶᠠᠷ ᠢ ᠤᠷᠢᠵᠦ ᠬᠤᠶᠠᠷ ᠢ ᠲᠠᠳᠠᠬᠤ︾ ᠨᠢ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠬᠦᠳᠡᠯᠭᠡᠭᠴᠢ ᠬᠦᠴᠦᠨ ᠪᠤᠯᠤᠭᠰᠠᠨ ᠪᠠᠶᠢᠨ᠎ᠠ
ᠨᠡᠶᠢᠲᠡᠯᠡᠭᠰᠡᠨ ᠴᠠᠭ᠄
2023/3/24
      2023 ᠤᠨ ᠳᠤ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠪᠤᠭᠤᠳᠦ ᠬᠤᠳᠠ ᠶᠢᠨ ︽ᠨᠢᠭᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ︽ᠬᠤᠶᠠᠷ ᠰᠢᠨ᠎ᠡ︾ ᠶᠢᠨ ᠤᠳᠤᠷᠢᠳᠤᠮᠵᠢ᠂ ︽ᠭᠤᠷᠪᠠ ᠶᠢ ᠲᠡᠮᠡᠴᠡᠨ ᠤᠯᠬᠤ︾ ᠬᠠᠷᠠᠯᠳᠠ ᠶᠢ ᠪᠠᠳᠤ ᠪᠠᠬᠢ ᠪᠤᠢ ᠪᠤᠯᠭᠠᠨ᠂ ︽ᠬᠤᠶᠠᠷ ᠢ ᠤᠷᠢᠵᠦ ᠬᠤᠶᠠᠷ ᠢ ᠲᠠᠳᠠᠬᠤ︾ ᠠᠵᠢᠯ ᠢ ᠲᠡᠷᠢᠬᠦᠨ ᠴᠢᠬᠤᠯᠠ ᠡᠭᠦᠷᠭᠡ ᠪᠤᠯᠭᠠᠨ᠂ ᠪᠤᠳᠠᠳᠠᠢ ᠠᠷᠭ᠎ᠠ ᠬᠡᠮᠵᠢᠶ᠎ᠡ ᠠᠪᠴᠦ᠂ ᠬᠤᠳᠠᠯᠳᠤᠭ᠎ᠠ ᠡᠷᠬᠢᠯᠡᠬᠦ ᠤᠷᠴᠢᠨ ᠢᠶᠠᠨ ᠲᠠᠰᠤᠷᠠᠯᠳᠠ ᠦᠭᠡᠢ ᠰᠢᠯᠢᠳᠡᠭᠴᠢᠯᠡᠨ᠂ ᠲᠤᠰ ᠪᠡᠶ᠎ᠡ ᠶᠢᠨ ᠡᠬᠢ ᠪᠠᠶᠠᠯᠢᠭ ᠤᠨ ᠲᠠᠪᠠᠭᠤᠯᠢᠭ ᠪᠠ ᠠᠵᠦ ᠦᠢᠯᠡᠰ ᠤᠨ ᠰᠠᠭᠤᠷᠢ ᠳᠠᠭᠠᠨ ᠰᠠᠭᠤᠷᠢᠯᠠᠨ᠂ ᠪᠦᠬᠦ ᠬᠤᠰᠢᠭᠤᠨ ᠤ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠯᠠᠪᠳᠠᠭᠤᠨ ᠪᠠᠳᠤᠳᠠᠢ ᠲᠦᠯᠬᠢᠨ ᠠᠬᠢᠭᠤᠯᠪᠠ᠃      ᠪᠠᠷᠠᠭᠤᠨ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠠᠯᠳᠠᠨ ᠣᠪᠤᠭ᠎ᠠ ᠶᠢᠨ ᠹᠯᠤᠷ ᠤᠨ ᠬᠢᠮᠢ  ᠶᠢᠨ ᠠᠵᠦ ᠦᠢᠯᠡᠳᠪᠦᠷᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠬᠦᠷ ᠬᠦᠭᠵᠢᠶᠡᠨ ᠲᠠᠢ ᠶᠠᠪᠤᠭᠳᠠᠵᠦ ᠂ ᠠᠵᠢᠯᠳᠠᠳ ᠤᠳᠤ ᠶᠠᠭ ᠴᠠᠭ ᠢ ᠠᠮᠵᠢᠨ᠂ ᠭᠡᠷ ᠲᠤᠳᠤᠷᠠᠬᠢ ᠵᠠᠰᠠᠯ ᠴᠢᠮᠡᠭᠯᠡᠯ ᠤᠨ ᠠᠵᠢᠯ ᠪᠤᠯᠤᠨ ᠲᠦᠬᠦᠭᠡᠷᠦᠮᠵᠢ ᠤᠭᠰᠠᠷᠠᠨ ᠲᠤᠬᠢᠷᠠᠭᠤᠯᠵᠦ ᠪᠠᠶᠢᠨ᠎ᠠ᠃ ᠺᠤᠮᠫᠠᠨᠢ ᠶᠢᠨ ᠲᠡᠳ᠋ ᠶᠡᠷᠦᠩᠭᠡᠢ ᠲᠠᠭᠠᠭᠠᠮᠠᠯ ᠶᠠᠩ ᠸᠠᠩ ᠵᠢᠶᠦ᠋ᠨ ᠰᠤᠷᠪᠤᠯᠵᠢᠯᠠᠭᠴᠢ ᠳᠤ᠄ ︽ᠪᠠᠷᠢᠯᠭ᠎ᠠ ᠶᠢᠨ ᠵᠦᠢᠯᠡᠰ ᠤᠨ90% ᠶᠢ ᠨᠢ ᠨᠢᠭᠡᠨᠳᠡ ᠪᠡᠶᠡᠯᠡᠭᠦᠯᠵᠦ᠂ ᠮᠠᠰᠢᠨ ᠴᠠᠬᠢᠯᠭᠠᠨ  ᠤ ᠬᠡᠮᠵᠢᠭᠦᠷᠯᠢᠭ ᠤᠭᠰᠠᠷᠠᠵᠦ ᠪᠠᠷᠢᠯᠭ᠎ᠠ ᠶᠢᠨ50% ᠶᠢ ᠨᠢ ᠪᠡᠶᠡᠯᠡᠭᠦᠯᠦᠨ᠂ ᠨᠢᠭᠡᠳᠦᠭᠡᠷ ᠬᠤᠭᠤᠴᠠᠭᠠᠨ ᠤ ᠪᠠᠷᠢᠯᠭ᠎ᠠ ᠡᠨᠡ ᠵᠢᠯ ᠤᠨ5 ᠰᠠᠷ᠎ᠠ ᠶᠢᠨ ᠰᠡᠭᠦᠯᠴᠢ ᠪᠠᠷ ᠲᠤᠷᠰᠢᠨ ᠦᠢᠯᠡᠳᠪᠦᠷᠢᠯᠡᠬᠦ ᠪᠠᠷ ᠲᠦᠯᠦᠪᠯᠡᠵᠦ ᠪᠠᠶᠢᠨ᠎ᠠ︾ ᠭᠡᠵᠡᠢ᠃      ᠠᠯᠳᠠᠨ ᠤᠪᠤᠭ᠎ᠠ ᠶᠢᠨ ᠹᠯᠤᠷ ᠤᠨ ᠬᠢᠮᠢ ᠶᠢᠨ ᠠᠵᠦ ᠦᠢᠯᠡᠳᠪᠦᠷᠢ ᠶᠢᠨ ᠲᠦᠷᠦᠯ ᠵᠦᠢᠯ ᠤᠨ ᠶᠡᠷᠦᠩᠭᠡᠢ ᠪᠡᠯᠡ ᠤᠷᠤᠭᠤᠯᠤᠯᠳᠠ ᠨᠢ12.95 ᠳ᠋ᠦᠩᠰᠢᠭᠤᠷ ᠲᠦᠭᠦᠷᠢᠭ ᠲᠤ ᠬᠦᠷᠴᠦ᠂ ︽ᠬᠦᠳᠡᠷ ᠰᠢᠯᠢᠬᠦ ᠬᠢᠮᠢ ᠶᠢᠨ ᠠᠵᠦ ᠦᠢᠯᠡᠳᠪᠦᠷᠢ ᠶᠢ ᠨᠢᠭᠡ ᠴᠤᠭᠴᠠᠵᠢᠭᠤᠯᠬᠤ︾ ᠶᠡᠷᠦᠩᠭᠡᠶᠢᠯᠡᠨ ᠠᠰᠢᠭᠯᠠᠬᠤ ᠬᠡᠯᠪᠡᠷᠢ ᠪᠠᠷ ᠪᠠᠶ᠋ᠬᠤᠪᠤᠭ᠎ᠠ ᠲᠡᠮᠦᠷ ᠤᠨ ᠠᠭᠤᠷᠬᠠᠢ ᠶᠢᠨ ᠦᠯᠡᠳᠡᠭᠳᠡᠯ ᠬᠦᠳᠡᠷ ᠢ ᠶᠡᠷᠦᠩᠬᠡᠶᠢᠯᠡᠨ ᠠᠰᠢᠭᠯᠠᠵᠦ ᠪᠤᠢ᠃ ᠲᠦᠷᠦᠯ ᠵᠦᠢᠯ ᠪᠠᠶᠢᠭᠤᠯᠤᠭᠳᠠᠭᠰᠠᠨ ᠤ ᠲᠠᠷᠠᠭ᠎ᠠ᠂ ᠵᠢᠱᠢᠯᠳᠡ ᠪᠠᠷ ᠵᠢᠯ ᠤᠨ ᠲᠤᠮᠳᠠᠴᠢ ᠪᠤᠷᠤᠯᠠᠭᠤᠯᠤᠯᠳᠠ ᠶᠢᠨ ᠤᠷᠤᠯᠭ᠎ᠠ37 ᠳ᠋ᠦᠩᠰᠢᠭᠤᠷ ᠲᠦᠭᠦᠷᠢᠭ᠂ ᠵᠢᠯ ᠤᠨ ᠲᠤᠮᠳᠠᠴᠢ ᠠᠰᠢᠭ ᠬᠤᠨᠵᠢᠪᠤᠷᠢ ᠶᠢᠨ ᠶᠡᠷᠦᠩᠭᠡᠢ ᠲᠤᠭ᠎ᠠ5 ᠳ᠋ᠦᠩᠰᠢᠭᠤᠷ ᠲᠦᠭᠦᠷᠢᠭ᠂ ᠵᠢᠯ ᠤᠨ ᠲᠤᠮᠳᠠᠴᠢ ᠲᠡᠭᠡᠭᠰᠢ ᠲᠤᠰᠢᠶᠠᠬᠤ ᠭᠠᠶᠢᠯᠢ ᠶᠢᠨ ᠮᠦᠩᠭᠦ4 ᠳ᠋ᠦᠩᠰᠢᠭᠤᠷ ᠲᠦᠭᠦᠷᠢᠭ ᠬᠦᠷᠴᠦ᠂500 ᠭᠠᠷᠤᠢ ᠠᠵᠢᠯ ᠤᠨ ᠪᠠᠶᠢᠷᠢ ᠬᠠᠩᠭᠠᠵᠦ ᠪᠤᠯᠤᠨ᠎ᠠ      ᠶᠠᠩ ᠸᠠᠩ ᠵᠢᠶᠦ᠋ᠨ ᠤ ᠲᠠᠨᠢᠯᠴᠠᠭᠤᠯᠤᠭᠰᠠᠨ ᠢᠶᠠᠷ᠂ ︽ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠦᠢᠯᠡᠴᠢᠯᠡᠭᠡᠨ ᠤ ᠠᠷᠭ᠎ᠠ ᠮᠠᠶ᠋ᠢᠭ ᠢᠶᠠᠨ ᠲᠠᠰᠤᠷᠠᠯᠳᠠ ᠦᠭᠡᠢ ᠰᠢᠨ᠎ᠡ ᠪᠠᠷ ᠡᠭᠦᠳᠴᠦ᠂ ᠲᠦᠷᠦᠯ ᠵᠦᠢᠯ ᠢ ᠠᠬᠢᠭᠤᠯᠬᠤ ᠪᠠᠷ ᠭᠤᠤᠯ ᠪᠤᠯᠭᠠᠭᠰᠠᠨ ᠦᠢᠯᠡᠴᠢᠯᠡᠭᠡᠨ ᠤ ᠪᠠᠳᠤᠯᠠᠭ᠎ᠠ ᠶᠢᠨ ᠲᠤᠭᠳᠠᠴᠠ ᠶᠢ ᠪᠠᠶᠢᠭᠤᠯᠵᠦ᠂ ᠦᠨᠡᠮᠡᠯ ᠭᠦᠢᠴᠡᠳᠭᠡᠬᠦ᠂ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠲᠡᠮᠡᠴᠡᠨ ᠤᠯᠬᠤ ᠵᠡᠷᠭᠡ ᠲᠠᠯ᠎ᠠ ᠪᠠᠷ ᠺᠤᠮᠫᠠᠨᠢ ᠳᠤ ᠮᠠᠰᠢ ᠤᠯᠠᠨ ᠲᠡᠮᠵᠢᠯᠭᠡ ᠪᠠ ᠬᠠᠪᠰᠤᠷᠤᠯᠭ᠎ᠠ ᠬᠠᠩᠭᠠᠵᠦ᠂ ᠲᠦᠷᠦᠯ ᠵᠦᠢᠯ ᠤᠨ ᠲᠤᠰᠬᠠᠢ ᠠᠩᠭᠢ ᠪᠠᠶᠢᠭᠤᠯᠵᠦ᠂ ᠭᠠᠵᠠᠷ ᠰᠢᠷᠦᠢ᠂ ᠡᠨᠧᠷᠬᠢ ᠶᠢᠨ ᠦᠨᠡᠯᠡᠯᠳᠡ᠂ ᠤᠷᠴᠢᠨ ᠲᠤᠭᠤᠷᠢᠨ ᠤ ᠦᠨᠡᠯᠡᠯᠳᠡ᠂ ᠠᠮᠤᠷ ᠲᠦᠪᠰᠢᠨ ᠤ ᠦᠨᠡᠯᠡᠯᠳᠡ ᠵᠡᠷᠭᠡ ᠡᠯ᠎ᠡ ᠵᠦᠢᠯ ᠤᠨ ᠭᠠᠷᠳᠠᠮ ᠢ ᠬᠠᠪᠰᠤᠷᠤᠨ ᠭᠦᠢᠴᠡᠳᠭᠡᠵᠡᠢ︾᠃      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠤᠨ ᠤ ᠡᠯ᠎ᠡ ᠰᠠᠯᠠᠭ᠎ᠠ ᠮᠦᠴᠢᠷ ᠤᠨ ᠲᠦᠷᠦᠯ ᠵᠦᠢᠯ ᠤᠨ ᠠᠬᠢᠴᠠ ᠶᠢ ᠲᠦᠯᠬᠢᠨ ᠠᠬᠢᠭᠤᠯᠬᠤ ᠬᠠᠮᠳᠦ ᠶᠢᠨ ᠬᠦᠴᠦᠨ ᠢ ᠪᠤᠢ ᠪᠤᠯᠭᠠᠵᠦ᠂ ᠲᠦᠷᠦ ᠶᠢᠨ ᠪᠤᠳᠤᠯᠭ᠎ᠠ ᠶᠢᠨ ᠲᠡᠮᠵᠢᠯᠭᠡ ᠠᠴᠠ ᠭᠡᠷ᠎ᠡ ᠲᠤᠭᠳᠠᠬᠤ ᠪᠠᠷᠢᠯᠭ᠎ᠠ ᠡᠬᠢᠯᠡᠭᠦᠯᠬᠦ ᠬᠦᠷᠳᠡᠯ᠎ᠡ᠂ ᠲᠠᠷᠠᠬᠨ ᠮᠤᠤᠮᠢᠩᠭᠠᠨ ᠬᠤᠯᠪᠤᠭᠠᠳᠦ ᠬᠤᠰᠢᠭᠤ ᠦᠢᠯᠡᠴᠢᠯᠡᠭᠡᠨ ᠤ ᠲᠦᠷᠦᠯ ᠵᠦᠢᠯ ᠢᠶᠠᠷ ᠤᠳᠤᠷᠢᠳᠤᠮᠵᠢ ᠪᠤᠯᠭᠠᠵᠦ᠂ ᠦᠭᠡᠷᠡᠴᠢᠯᠡᠯᠳᠡ ᠪᠠᠷ ᠬᠦᠭᠵᠢᠯᠳᠡ ᠶᠢ ᠠᠬᠢᠭᠤᠯᠵᠦ᠂ ︽ᠠᠰᠠᠷᠠᠭᠴᠢ ᠮᠠᠶ᠋ᠢᠭ︾ ᠤᠨ ᠦᠢᠯᠡᠴᠢᠯᠡᠭᠡ ᠪᠠᠷ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ ᠰᠢᠯᠢᠳᠡᠭᠵᠢᠭᠦᠯᠬᠦ ᠪᠤᠳᠠᠳᠠᠢ ᠠᠷᠭ᠎ᠠ ᠬᠡᠮᠵᠢᠶ᠎ᠡ ᠠᠪᠴᠦ ᠠᠵᠦ ᠠᠬᠤᠶᠢᠯᠠᠯ ᠠᠴᠠ ᠲᠤᠬᠠᠢ ᠶᠢᠨ ᠭᠠᠵᠠᠷ ᠤᠨ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠳᠤ ︽ᠢᠳᠡᠭᠡᠯ ᠤᠨ ᠪᠢᠯᠧᠲ︾ ᠦᠭᠭᠦᠭᠰᠡᠨ ᠪᠠᠶᠢᠨ᠎ᠠ᠃      ᠲᠠᠰᠣᠷᠠᠯᠳᠠ ᠦᠭᠡᠢ ᠰᠢᠯᠢᠳᠡᠭᠵᠢᠵᠦ ᠪᠠᠶᠢᠭ᠎ᠠ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠳᠤ᠂ ᠪᠠᠷᠠᠭᠤᠨ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠲᠤ ᠪᠠᠶᠢᠭ᠎ᠠ ᠲᠤᠮᠳᠠᠳᠦ ᠶᠢᠨ ᠴᠠᠬᠢᠯᠭᠠᠨ ᠤ20 ᠲᠦᠮᠡᠨ ᠺᠢᠯᠤᠸᠠᠲ ᠤᠨ ᠰᠢᠨ᠎ᠡ ᠡᠨᠧᠷᠬᠢ ᠶᠢᠨ ᠤᠰᠤᠳᠦ᠋ᠷᠦᠭᠴᠢ ᠶᠢ ᠦᠢᠯᠡᠳᠬᠦ ᠢᠨᠵᠧᠨᠧᠷᠢᠩ ᠤᠨ ᠵᠢᠱᠢᠶ᠎ᠡ ᠦᠵᠡᠭᠦᠯᠬᠦ ᠲᠦᠷᠦᠯ ᠢ2022 ᠤᠨ ᠤ11 ᠰᠠᠷ᠎ᠠ ᠳᠤ ᠵᠢᠩᠭᠢᠨᠢ ᠪᠠᠷ ᠲᠦᠷᠦᠯ ᠵᠦᠢᠯ ᠢᠶᠠᠷ ᠲᠤᠭᠳᠠᠭᠠᠪᠠ᠃ ᠡᠨᠡ ᠪᠤᠯ ᠪᠦᠬᠦ ᠤᠯᠤᠰ ᠤᠨ ᠠᠩᠬᠠᠳᠠᠭᠴᠢ ᠪᠦᠯᠦᠭ ᠶᠡᠭᠡ ᠬᠡᠪᠴᠢᠶᠡᠨ ᠤ ᠲᠠᠬᠢᠨ ᠡᠭᠦᠰᠴᠦ ᠪᠤᠯᠬᠤ ᠡᠨᠧᠷᠬᠢ ᠶᠢᠨ ᠰᠤᠷᠪᠤᠯᠵᠢ ᠶᠢᠨ ᠨᠤᠭᠤᠭᠠᠨ ᠤᠰᠤᠳᠦ᠋ᠷᠦᠭᠴᠢ ᠶᠢ ᠦᠢᠯᠡᠳᠬᠦ ᠵᠢᠱᠢᠶ᠎ᠡ ᠦᠵᠡᠭᠦᠯᠬᠦ ᠵᠦᠢᠯᠡᠰ ᠤᠨ ᠨᠢᠭᠡ ᠮᠦᠨ᠂ ᠲᠤᠰ ᠵᠦᠢᠯᠡᠰ  ᠢ2023 ᠤᠨ ᠳᠤ ᠠᠰᠢᠭᠯᠠᠯᠳᠠ ᠳᠤ ᠤᠷᠤᠭᠤᠯᠬᠤ ᠪᠠᠷ ᠲᠦᠯᠦᠪᠯᠡᠵᠦ ᠪᠠᠶᠢᠨ᠎ᠠ᠃ ᠲᠤᠰ ᠵᠦᠢᠯ ᠨᠢ ᠮᠠᠨ ᠤ ᠤᠯᠤᠰ ᠤᠨ ᠤᠮᠠᠷᠠᠳᠦ ᠤᠷᠤᠨ ᠤ ᠡᠯᠪᠡᠭ ᠪᠠᠶᠠᠯᠢᠭ ᠲᠠᠬᠢᠨ ᠡᠭᠦᠰᠴᠦ ᠪᠤᠯᠬᠤ ᠡᠨᠧᠷᠬᠢ ᠳᠤ ᠲᠦᠰᠢᠭᠯᠡᠵᠦ᠂ ᠰᠢᠨ᠎ᠡ ᠡᠨᠧᠷᠬᠢ᠂ ᠤᠰᠤᠳᠦ᠋ᠷᠦᠭᠴᠢ ᠡᠨᠧᠷᠬᠢ᠂ ᠡᠨᠧᠷᠬᠢ ᠬᠠᠳᠠᠭᠠᠯᠠᠬᠤ ᠶᠢ ᠨᠢᠭᠡ ᠴᠤᠭᠴᠠᠵᠢᠭᠤᠯᠤᠭᠰᠠᠨ ᠮᠡᠷᠭᠡᠵᠢᠯ ᠢ ᠠᠰᠢᠭᠯᠠᠵᠦ᠂ ᠨᠡᠭᠦᠷᠡᠰᠦᠳᠦ᠋ᠷᠦᠭᠴᠢ ᠦᠭᠡᠢ᠂ ᠦᠪᠡᠷ ᠤᠨ ᠦᠷᠳᠡᠭ ᠢᠶᠠᠷ ᠲᠤᠤᠷ᠎ᠠ᠂ ᠠᠮᠤᠷ ᠲᠦᠪᠰᠢᠨ ᠨᠠᠶᠢᠳᠠᠪᠤᠷᠢᠳᠠᠢ ᠨᠤᠭᠤᠭᠠᠨ ᠤᠰᠤᠳᠦᠷᠦᠭᠴᠢ ᠶᠢᠨ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠬᠤ ᠨᠢ ᠤᠳᠤ ᠦᠶ᠎ᠡ  ᠶᠢᠨ ᠡᠨᠧᠷᠬᠢ ᠶᠢᠨ ᠰᠢᠰᠲ᠋ᠧᠮ ᠢ ᠪᠠᠶᠢᠭᠤᠯᠬᠤ ᠳᠤ ᠴᠢᠬᠤᠯᠠ ᠶᠡᠭᠡ ᠠᠴᠢ ᠬᠤᠯᠪᠤᠭᠳᠠᠯ ᠲᠠᠢ ᠶᠤᠮ᠃      ︽ᠬᠤᠶᠠᠷ ᠢ ᠤᠷᠢᠵᠦ ᠬᠤᠶᠠᠷ ᠢ ᠲᠠᠳᠠᠬᠤ︾ ᠶᠢ ᠭᠦᠨᠵᠡᠭᠡᠶᠢᠷᠡᠭᠦᠯᠵᠦ᠂ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠬᠦᠳᠡᠯᠭᠡᠭᠴᠢ ᠬᠦᠴᠦᠨ ᠪᠤᠯᠭᠠᠵᠦ᠂2023 ᠤᠨ ᠳᠤ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠨᠡᠶᠢᠳᠡ57 ᠭᠤᠤᠯᠳᠠᠯᠭ᠎ᠠ ᠲᠠᠢ ᠲᠦᠷᠦᠯ ᠵᠦᠢᠯ ᠤᠷᠤᠭᠤᠯᠵᠦ᠂ ᠶᠡᠷᠦᠩᠭᠡᠢ ᠪᠡᠯᠡ ᠤᠷᠤᠭᠤᠯᠤᠯᠳᠠ ᠨᠢ442.57 ᠳ᠋ᠦᠩᠰᠢᠭᠤᠷ ᠲᠦᠭᠦᠷᠢᠭ ᠲᠤ ᠬᠦᠷᠴᠦ᠂ ᠵᠢᠯ ᠤᠨ ᠲᠤᠳᠤᠷ᠎ᠠ167.6 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠬᠤ ᠪᠠᠷ ᠲᠦᠯᠦᠪᠯᠡᠵᠦ ᠪᠤᠢ᠃3 ᠰᠠᠷ᠎ᠠ ᠶᠢᠨ10 ᠤ ᠡᠳᠦᠷ ᠪᠤᠯᠳᠠᠯ᠎ᠠ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠪᠠᠷ ᠨᠠᠶᠢᠳᠡ143 ᠠᠵᠦ ᠠᠬᠤᠶᠢᠯᠠᠯ  ᠲᠠᠢ22 ᠲᠦᠷᠦᠯ ᠵᠦᠢᠯ ᠳᠤ ᠭᠠᠷ ᠤᠨ ᠦᠰᠦᠭ ᠵᠢᠷᠤᠵᠦ᠂ ᠵᠦᠪᠯᠡᠯᠴᠡᠭᠡᠷ ᠤᠨ ᠶᠡᠷᠦᠩᠭᠡᠢ ᠪᠡᠯᠡ ᠤᠷᠤᠭᠤᠯᠤᠯᠳᠠ604.32 ᠳ᠋ᠦᠩᠰᠢᠭᠤᠷ ᠲᠦᠭᠦᠷᠢᠭ ᠲᠤ ᠬᠦᠷᠦᠭᠰᠡᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠦᠷᠭᠦᠯᠵᠢᠯᠡᠨ ᠰᠢᠨ᠎ᠡ ᠡᠵᠡᠩᠨᠡᠯᠳᠡ ᠶᠢᠨ ᠬᠡᠯᠪᠡᠷᠢ ᠪᠠᠶᠢᠳᠠᠯ᠂ ᠰᠢᠨ᠎ᠡ ᠬᠦᠳᠡᠯᠭᠡᠭᠴᠢ ᠡᠨᠧᠷᠬᠢ᠂ ᠰᠢᠨ᠎ᠡ ᠮᠡᠷᠭᠡᠵᠢᠯ ᠢ ᠠᠩᠬᠠᠷᠴᠦ᠂ ᠦᠵᠡᠯ ᠰᠠᠨᠠᠭ᠎ᠠ ᠪᠠᠨ ᠴᠢᠯᠦᠭᠡᠯᠡᠨ᠂ ᠬᠤᠳᠠᠯᠳᠤᠭᠠᠴᠢᠨ ᠤᠷᠢᠬᠤ ᠠᠷᠭ᠎ᠠ ᠮᠠᠶ᠋ᠢᠭ ᠢᠶᠠᠨ ᠲᠠᠰᠤᠷᠠᠯᠳᠠ ᠦᠭᠡᠢ ᠰᠢᠨᠡᠴᠢᠯᠡᠬᠦ ᠶᠢᠨ ᠬᠠᠮᠳᠦ ᠦᠢᠯᠡᠴᠢᠯᠡᠭᠡᠨ ᠤ ᠦᠨᠳᠦᠷᠯᠢᠭ ᠤᠨ ᠲᠠᠪᠠᠭᠤᠯᠢᠭ ᠢᠶᠠᠨ ᠪᠠᠬᠢᠵᠢᠭᠦᠯᠵᠦ᠂ ᠠᠵᠦ ᠠᠬᠤᠶᠢᠯᠠᠯ ᠤᠨ ᠦᠢᠯᠡᠴᠢᠯᠡᠭᠡ ᠶᠢ ᠴᠢᠩᠭᠠᠳᠬᠠᠨ᠂ ᠬᠢᠨᠠᠨ ᠵᠦᠪᠰᠢᠶᠡᠷᠡᠬᠦ ᠵᠦᠢᠯᠡᠰ ᠢ ᠬᠦᠴᠦᠯᠡᠨ ᠲᠦᠭᠦᠮᠴᠢᠯᠡᠵᠦ᠂ ᠠᠵᠦ ᠠᠬᠤᠶᠢᠯᠠᠯ ᠳᠤ ᠪᠤᠳᠠᠳᠠᠢ ᠠᠰᠢᠭ ᠬᠦᠷᠳᠡᠭᠡᠬᠦ ᠪᠤᠯᠤᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号