2022 ᠤᠨ ᠠᠴᠠ ᠨᠠᠰᠢ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ︽ᠲᠠᠪᠤᠨ ᠶᠡᠭᠡ ᠡᠭᠦᠷᠭᠡ︾ | ᠶᠢ ᠰᠠᠶᠢᠳᠤᠷ ᠪᠡᠶᠡᠯᠡᠭᠦᠯᠬᠦ ᠴᠢᠬᠤᠯᠠ ᠶᠡᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠬᠤᠶᠠᠷ ᠬᠠᠯᠬᠠᠪᠴᠢ︾ ᠶᠢ | ᠨᠡᠩ ᠪᠠᠳᠤ ᠪᠠᠬᠢ ᠪᠤᠯᠭᠠᠵᠦ᠂ ︽ᠬᠤᠶᠠᠷ ᠰᠠᠭᠤᠷᠢᠨ ᠭᠠᠵᠠᠷ︾ ᠤᠨ ᠲᠤᠭ᠎ᠠ ᠬᠡᠮᠵᠢᠶ᠎ᠡ ᠪᠠ ᠶᠠᠰᠤ ᠴᠢᠨᠠᠷ ᠢ ᠵᠡᠷᠭᠡ | ᠪᠠᠷ ᠲᠡᠭᠡᠭᠰᠢᠯᠡᠭᠦᠯᠬᠦ᠂ ︽ᠪᠠᠬᠢᠯᠡᠯᠳᠡ︾ ᠶᠢᠨ ᠦᠢᠯᠡᠳᠦᠯ ᠢ ᠭᠦᠢᠴᠡᠳ ᠢᠯᠡᠷᠡᠭᠦᠯᠬᠦ ᠲᠡᠮᠡᠴᠡᠯ ᠤᠨ ᠬᠠᠷᠠᠯᠳᠠ ᠶᠢᠨ | ᠲᠤᠭᠤᠷᠢᠨ ᠳᠤ᠂ ︽ᠪᠤᠳᠠᠳᠠᠢ ᠠᠵᠢᠯᠯᠠᠬᠤ︾ ᠶᠢ ᠲᠡᠷᠢᠬᠦᠨ ᠳᠤ ᠲᠠᠯᠪᠢᠵᠦ ᠬᠦᠭᠵᠢᠯᠳᠡ ᠶᠢ ᠠᠬᠢᠭᠤᠯᠤᠨ᠂ ᠪᠦᠬᠦ | ᠠᠵᠢᠯᠳᠠᠳ ᠤᠨ ᠡᠷᠡᠯᠬᠡᠭᠯᠡᠨ ᠤᠷᠤᠭᠰᠢᠯᠠᠵᠦ ᠰᠢᠨ᠎ᠡ ᠬᠠᠭᠤᠳᠠᠰᠦ ᠶᠢ ᠡᠷᠢᠯᠬᠢᠯᠡᠬᠦ ᠰᠦᠰᠦ ᠵᠤᠷᠢᠭ ᠢ ᠬᠦᠪᠴᠢᠯᠡᠵᠦ᠂ | ᠠᠵᠦ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠡ ᠶᠢᠨ ᠪᠤᠳᠠᠳᠦ ᠦᠷ᠎ᠡ ᠪᠦᠳᠦᠮᠵᠢ ᠪᠠᠷ ᠨᠡᠶᠢᠭᠡᠮ ᠵᠢᠷᠤᠮ | ᠤᠨ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢ ᠠᠬᠢᠭᠤᠯᠬᠤ ᠰᠠᠶᠢᠨ ᠡᠬᠢᠯᠡᠯᠳᠡ ᠶᠢ | ᠪᠤᠢ ᠪᠤᠯᠭᠠᠬᠤ ᠳᠤ ᠬᠤᠪᠢ ᠨᠡᠮᠡᠷᠢ ᠦᠵᠡᠭᠦᠯᠬᠦ ᠬᠡᠷᠡᠭᠳᠡᠢ ᠭᠡᠵᠦ ᠵᠢᠭᠠᠵᠦ ᠭᠠᠷᠭᠠᠪᠠ᠃ | ᠤᠳᠤ ᠦᠶ᠎ᠡ ᠶᠢᠨ ᠡᠨᠧᠷᠬᠢ ᠶᠢᠨ ᠰᠤᠷᠪᠤᠯᠵᠢ ᠶᠢᠨ ᠠᠵᠦ ᠠᠬᠤᠢ ᠶᠢ ᠪᠤᠵᠠᠭᠠᠶᠢᠷᠠᠭᠤᠯᠤᠨ ᠤᠯᠤᠰ ᠤᠨ | ᠴᠢᠬᠤᠯᠠ ᠡᠨᠧᠷᠬᠢ ᠶᠢᠨ ᠰᠤᠷᠪᠤᠯᠵᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ | ᠪᠦᠳᠦᠭᠡᠨ ᠪᠠᠶᠢᠭᠤᠯᠤᠨ᠎ᠠ | ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠨᠡᠭᠦᠷᠡᠰᠦᠳᠦ᠋ᠷᠦᠭᠴᠢ ᠦᠭᠡᠢ ᠠᠵᠦ ᠦᠢᠯᠡᠰ ᠤᠨ ᠬᠦᠷᠢᠶᠡᠯᠡᠩ | ᠲᠤᠭᠤᠷᠢᠭ ᠲᠤ ᠶᠤᠸᠠᠨ ᠵᠢᠩ ᠰᠢᠨᠵᠢᠯᠡᠬᠦ ᠣᠬᠠᠭᠠᠨ ᠮᠡᠷᠭᠡᠵᠢᠯ᠂ ᠶᠢᠨ ᠱᠢ ᠡᠬᠢ ᠪᠠᠶᠠᠯᠢᠭ᠂ ᠬᠠᠢ ᠳ᠋ᠠ ᠪᠦᠯᠦᠭᠯᠡᠯ | ᠵᠡᠷᠭᠡ ᠭᠤᠷᠪᠠᠨ ᠠᠵᠦ ᠠᠬᠤᠶᠢᠯᠠᠯ ᠠᠵᠢᠯ ᠢᠶᠠᠨ ᠡᠬᠢᠯᠡᠭᠦᠯᠵᠦ᠂ ᠵᠢᠩ ᠨᠧᠩ ᠤᠯᠠᠨ ᠤᠯᠤᠰ ᠤᠨ ᠲᠠᠷᠬᠠᠨ | ᠮᠤᠤᠮᠢᠩᠭᠠᠨ ᠬᠤᠯᠪᠤᠭᠠᠳᠦ ᠬᠤᠰᠢᠭᠤᠨ ᠤ ᠤᠳᠤ100MW ᠭᠡᠷᠡᠯ ᠢᠶᠠᠷ ᠴᠠᠬᠢᠯᠭᠠᠨ ᠭᠠᠷᠭᠠᠬᠤ ᠲᠦᠷᠦᠯ ᠵᠦᠢᠯ | ᠤᠨ ᠪᠦᠳᠦᠭᠡᠨ ᠪᠠᠶᠢᠭᠤᠯᠤᠯᠳᠠ ᠶᠢᠨ ᠲᠤᠬᠠᠢ ᠶᠢᠨ ᠲᠠᠯᠠᠪᠠᠢ ᠳᠤ ᠭᠡᠷᠡᠯ ᠢᠶᠠᠷ ᠴᠠᠬᠢᠯᠭᠠᠨ ᠭᠠᠷᠭᠠᠬᠤ ᠬᠠᠪᠳᠠᠰᠦ ᠶᠢ | ᠲᠡᠷᠢ ᠲᠡᠭᠰᠢ ᠵᠢᠠᠠᠰᠠᠭᠠᠵᠦ᠂ ᠪᠤᠬᠢᠷᠳᠤᠯ ᠦᠭᠡᠢ ᠴᠠᠬᠢᠯᠭᠠᠨ ᠬᠦᠴᠦᠨ ᠢ ᠲᠠᠰᠤᠷᠠᠯᠳᠠ ᠦᠭᠡᠢ ᠴᠠᠬᠢᠯᠭᠠᠨ ᠲᠤᠤᠷ ᠲᠤ | ᠬᠦᠷᠭᠡᠨ᠎ᠡ᠃ | ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠤᠯᠭᠠᠬᠤ | ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠬᠦᠨᠵᠡᠭᠡᠢ ᠬᠡᠷᠡᠭᠵᠢᠭᠦᠯᠵᠦ᠂ ᠤᠶᠤᠨ ᠴᠢᠳᠠᠯ ᠢᠶᠠᠨ ᠲᠦᠪᠯᠡᠷᠡᠭᠦᠯᠦᠨ | ᠭᠤᠤᠯᠳᠠᠯᠭ᠎ᠠ ᠶᠢ ᠠᠳᠬᠤᠵᠦ᠂ ᠬᠦᠴᠢᠷ ᠠᠰᠠᠭᠤᠳᠠᠯ ᠢ ᠰᠢᠢᠳᠪᠦᠷᠢᠯᠡᠨ᠂ ᠰᠢᠨ᠎ᠡ ᠨᠡᠮᠡᠭᠳᠡᠯ ᠤᠨ ᠬᠡᠮᠵᠢᠶ᠎ᠡ ᠶᠢ ᠪᠦᠬᠦ | ᠬᠦᠴᠦᠨ ᠢᠶᠠᠷ ᠢᠶᠠᠨ ᠪᠤᠶᠢᠵᠢᠭᠤᠯᠵᠦ᠂ ᠰᠢᠨ᠎ᠡ ᠲᠠᠪᠠᠭᠤᠯᠢᠭ ᠢ ᠪᠤᠷᠢᠯᠳᠦᠭᠦᠯᠵᠦ ᠪᠠᠶᠢᠨ᠎ᠠ᠃ ᠠᠵᠦ ᠦᠢᠯᠡᠰ ᠤᠨ | ᠮᠡᠷᠭᠡᠵᠢᠯ ᠤᠨ ᠰᠢᠨ᠎ᠡ ᠶᠢ ᠡᠭᠦᠳᠬᠦ᠂ ᠦᠢᠯᠡᠳᠭᠦᠨ ᠤ ᠰᠢᠨ᠎ᠡ ᠶᠢ ᠡᠭᠦᠳᠭᠦ᠂ ᠡᠵᠡᠩᠨᠡᠯᠳᠡ ᠶᠢᠨ ᠬᠡᠯᠪᠡᠷᠢ ᠪᠠᠶᠢᠳᠠᠯ | ᠤᠨ ᠰᠢᠨ᠎ᠡ ᠶᠢ ᠡᠭᠦᠳᠬᠦ ᠲᠡᠭᠡᠷ᠎ᠡ ᠬᠦᠴᠦᠯᠡᠵᠦ᠂ ᠰᠠᠯᠬᠢᠨ ᠬᠦᠴᠦᠨ ᠤ ᠴᠠᠬᠢᠯᠭᠠᠨ ᠢᠶᠠᠷ ᠤᠰᠤᠳᠦ᠋ᠷᠦᠭᠴᠢ | ᠦᠢᠯᠡᠳᠬᠦ᠂ ᠨᠤᠭᠤᠭᠠᠨ ᠰᠢᠪᠳᠤᠷ ᠤᠨ ᠨᠡᠶᠢᠯᠡᠮᠡᠯ᠂ ᠴᠠᠬᠢᠭᠤᠷ ᠮᠠᠲ᠋ᠧᠷᠢᠶᠠᠯ᠂ ᠰᠠᠯᠬᠢᠨ ᠬᠦᠴᠦᠨ ᠤ ᠴᠠᠬᠢᠯᠭᠠᠨ ᠤ | ᠲᠤᠨᠤᠭ ᠲᠦᠬᠦᠭᠡᠷᠦᠮᠵᠢ ᠦᠢᠯᠡᠳᠬᠦ᠂ ᠡᠨᠧᠷᠬᠢ ᠬᠠᠳᠠᠭᠠᠯᠠᠬᠤ ᠲᠡᠭᠡᠳᠦ ᠲᠤᠤᠷᠠᠳᠦ ᠤᠷᠤᠰᠬᠠᠯ᠂ ᠹᠯᠤᠷ ᠬᠢᠮᠢ ᠶᠢᠨ | ᠠᠵᠦ ᠦᠢᠯᠡᠳᠪᠦᠷᠢ ᠶᠢᠨ ᠲᠤᠤᠷᠠᠳᠦ ᠤᠷᠤᠰᠬᠠᠯ ᠤᠨ ᠦᠢᠯᠡᠳᠭᠦᠨ ᠵᠡᠷᠭᠡ ᠨᠢᠭᠡ ᠪᠦᠯᠦᠭ ᠰᠢᠨᠵᠢᠯᠡᠬᠦ ᠤᠬᠠᠭᠠᠨ | ᠮᠡᠷᠭᠡᠵᠢᠯ ᠤᠨ ᠠᠭᠤᠯᠤᠭᠳᠠᠴᠠ ᠪᠠᠷ ᠦᠨᠳᠦᠷ᠂ ᠴᠠᠬᠢᠯᠭᠠᠨ ᠬᠡᠷᠡᠭᠯᠡᠬᠦ ᠲᠠᠭᠠᠭᠠᠴᠠ ᠪᠠᠷ ᠶᠡᠭᠡ ᠠᠮᠢ ᠠᠬᠤᠢ ᠶᠢᠨ | ᠨᠦᠬᠦᠷᠰᠡᠭ ᠬᠡᠯᠪᠡᠷᠢ ᠶᠢᠨ ᠲᠦᠷᠦᠯ ᠵᠦᠢᠯ ᠢ ᠲᠦᠷᠭᠡᠳᠭᠡᠨ ᠪᠠᠶᠢᠷᠢᠰᠢᠭᠤᠯᠵᠦ᠂ ᠰᠢᠨ᠎ᠡ ᠬᠡᠯᠪᠡᠷᠢ ᠶᠢᠨ ᠴᠠᠬᠢᠯᠭᠠᠨ | ᠬᠦᠴᠦᠨ ᠤ ᠰᠢᠰᠲ᠋ᠧᠮ ᠢ ᠪᠦᠳᠦᠭᠡᠨ ᠪᠠᠶᠢᠭᠤᠯᠵᠦ᠂ ᠤᠰᠤᠳᠦ᠋ᠷᠦᠭᠴᠢ ᠡᠨᠧᠷᠬᠢ ᠬᠠᠳᠠᠭᠠᠯᠠᠬᠤ ᠠᠵᠦ ᠦᠢᠯᠡᠰ ᠤᠨ | ᠬᠦᠷᠢᠶᠡᠯᠡᠩ ᠢ ᠲᠦᠯᠦᠪᠵᠢᠭᠦᠯᠦᠨ ᠪᠦᠳᠦᠭᠡᠨ ᠪᠠᠶᠢᠭᠤᠯᠵᠦ᠂ ᠡᠨᠧᠷᠬᠢ ᠶᠢᠨ ᠪᠤᠬᠢᠷᠳᠤᠯ ᠦᠭᠡᠢ ᠨᠡᠭᠦᠷᠡᠰᠦᠳᠦ᠋ᠷᠦᠭᠴᠢ | ᠪᠠᠭ᠎ᠠ ᠭᠠᠳᠠᠭᠰᠢᠯᠠᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠰᠢᠨ᠎ᠡ ᠶᠢ ᠡᠭᠦᠳᠬᠦ ᠪᠠᠷ ᠴᠢᠷᠮᠠᠶᠢᠨ᠎ᠠ᠃ | ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠪᠠᠶᠢᠯᠳᠤᠬᠤ ᠪᠤᠳᠤᠯᠭ᠎ᠠ ᠶᠢᠨ ᠲᠤᠭᠳᠠᠯ ᠬᠦᠴᠦᠨ ᠢ | ᠪᠠᠷᠢᠮᠳᠠᠯᠠᠨ ᠮᠠᠨ ᠤ ᠤᠯᠤᠰ ᠤᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠤᠳᠬᠠᠨ᠎ᠠ | 2022 ᠤᠨ ᠳᠤ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠨᠡᠭᠦᠷᠡᠰᠦᠳᠦ᠋ᠷᠦᠭᠴᠢ ᠶᠢᠨ | ᠭᠠᠳᠠᠭᠰᠢᠯᠠᠭᠤᠯᠤᠯᠳᠠ ᠶᠢᠨ ᠲᠤᠭᠠᠴᠢᠯᠠᠭᠰᠠᠨ ᠬᠠᠮᠢᠶᠠᠷᠤᠯᠳᠠ ᠶᠢᠨ ᠲᠠᠪᠴᠠᠩ ᠢ ᠨᠡᠪᠳᠡᠷᠡᠭᠦᠯᠵᠦ᠂ ᠦᠪᠡᠷᠳᠡᠭᠡᠨ | ᠵᠠᠰᠠᠬᠤ ᠤᠷᠤᠨ ᠤ ᠠᠩᠬᠠᠳᠠᠭᠴᠢ ᠰᠢᠶᠠᠨ ᠤ ᠱᠠᠳᠤᠨ ᠤ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠳᠠ ᠶᠢᠨ | ᠬᠠᠮᠢᠶᠠᠷᠤᠯᠳᠠ ᠶᠢᠨ ᠲᠠᠪᠴᠠᠩ ᠢ ᠵᠢᠩᠭᠢᠨᠢ ᠪᠠᠷ ᠪᠠᠶᠢᠭᠤᠯᠪᠠ᠃ ᠪᠦᠬᠦ ᠬᠤᠰᠢᠭᠤᠨ ᠤ ᠠᠭᠠᠷ ᠤᠨ ᠴᠢᠨᠠᠷ ᠴᠢᠨᠰᠠᠭ᠎ᠠ | ᠰᠠᠶᠢᠨ ᠡᠳᠦᠷ ᠤᠨ ᠲᠤᠭ᠎ᠠ ᠶᠢᠨ ᠬᠠᠷᠢᠴᠠᠯ94.9% ᠪᠠᠶᠢᠵᠦ᠂ ᠪᠦᠬᠦ ᠬᠤᠳᠠ ᠶᠢᠨ ᠨᠢᠭᠡᠳᠦᠭᠡᠷ ᠲᠤ ᠤᠷᠤᠪᠠ᠃ | 11 ᠤᠰᠤᠨ ᠠᠰᠢᠭᠯᠠᠯᠳᠠ ᠶᠢᠨ ᠢᠨᠵᠧᠨᠧᠷᠢᠩ ᠢ ᠬᠡᠷᠡᠭᠵᠢᠭᠦᠯᠵᠦ᠂74 ᠺᠢᠯᠤᠮᠧᠲᠷ ᠤᠨ ᠭᠤᠤᠯ ᠤᠨ ᠵᠠᠮ ᠢ | ᠵᠠᠰᠠᠵᠦ᠂7 ᠤᠰᠤᠨ ᠴᠦᠬᠦᠴᠦᠮ ᠢ ᠰᠡᠯᠪᠢᠨ ᠵᠠᠰᠠᠵᠦ᠂28 ᠤᠰᠤ ᠤᠮᠳᠠ ᠶᠢᠨ ᠠᠮᠤᠷ ᠲᠦᠪᠰᠢᠨ ᠢ ᠠᠷᠠᠴᠢᠯᠠᠨ | ᠬᠠᠮᠠᠭᠠᠯᠠᠪᠠ᠃ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠭᠠᠯᠠᠯᠳᠠ ᠶᠢᠨ ᠨᠦᠬᠦᠪᠦᠷᠢ ᠦᠭᠴᠦ ᠱᠠᠩᠨᠠᠬᠤ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂202.6 ᠲᠦᠮᠡᠨ ᠮᠤ᠋ ᠦᠨᠳᠦᠰᠦᠨ ᠨᠤᠳᠤᠭ ᠪᠡᠯᠴᠢᠭᠡᠷ ᠢ | ᠰᠢᠯᠢᠳᠡᠭᠵᠢᠭᠦᠯᠦᠨ ᠲᠤᠬᠢᠷᠠᠭᠤᠯᠤᠨ10 ᠲᠦᠮᠡᠨ ᠮᠤ᠋ ᠠᠭᠤᠯᠠ ᠶᠢ ᠪᠢᠳᠡᠭᠦᠮᠵᠢᠯᠡᠨ ᠤᠢ ᠰᠢᠭᠤᠢ ᠶᠢ ᠪᠤᠶᠢᠵᠢᠭᠤᠯᠵᠦ᠂ | 4 ᠲᠦᠮᠡᠨ ᠮᠤ᠋ ᠮᠠᠭᠤᠳᠠᠭᠰᠠᠨ ᠨᠤᠳᠤᠭ ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠵᠦ᠂2 ᠲᠦᠮᠡᠨ ᠮᠤ᠋ ᠴᠢᠨᠠᠷ | ᠮᠠᠭᠤᠳᠠᠢ ᠦᠷ᠎ᠡ ᠠᠰᠢᠭ ᠢᠶᠠᠷ ᠲᠤᠤᠷ᠎ᠠ ᠤᠢ ᠰᠢᠭᠤᠢ ᠶᠢ ᠦᠭᠡᠷᠡᠴᠢᠯᠡᠨ ᠰᠠᠶᠢᠵᠢᠷᠠᠭᠤᠯᠵᠦ᠂ ᠮᠠᠨ ᠤ ᠤᠯᠤᠰ ᠤᠨ | ᠤᠮᠠᠷᠠᠳᠦ ᠶᠢᠨ ᠴᠢᠬᠤᠯᠠ ᠠᠮ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠳᠦᠷ ᠢᠷᠡᠬᠦᠶ᠎ᠡ ᠪᠠᠬᠢᠵᠢᠭᠦᠯᠵᠦ | ᠪᠠᠶᠢᠨ᠎ᠠ᠃ | ᠦᠨᠦᠳᠦᠷ ᠤᠨ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠪᠠᠰᠠ ᠨᠢᠭᠡ ᠤᠳᠠᠭ᠎ᠠ ︽ᠬᠦᠬᠡᠮᠳᠦᠭ | ᠨᠤᠭᠤᠭᠠᠨ ᠠᠭᠤᠯᠠ ᠤᠰᠤᠨ ᠤ ᠬᠠᠷᠢᠭᠤᠯᠳᠠ ᠶᠢᠨ ᠬᠠᠭᠤᠳᠠᠰᠦ︾ ᠶᠢ ᠪᠢᠴᠢᠭᠯᠡᠬᠦ ᠰᠢᠨ᠎ᠡ ᠭᠠᠷᠤᠭ᠎ᠠ ᠲᠡᠭᠡᠷ᠎ᠡ | ᠵᠤᠭᠰᠤᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠤᠬᠢᠷᠳᠤᠯ ᠦᠭᠡᠢ ᠬᠦᠭᠵᠢᠯᠳᠡ ᠪᠠᠷ ᠤᠳᠤᠷᠢᠳᠤᠮᠵᠢ | ᠪᠤᠯᠭᠠᠭᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢᠶᠠᠷ ᠦᠷᠭᠦᠯᠵᠢᠯᠡᠨ ᠭᠤᠶᠢᠪᠢᠰᠢ ᠦᠭᠡᠢ ᠰᠠᠶᠢᠳᠤᠷ | ᠵᠠᠮᠨᠠᠵᠦ᠂ ᠪᠤᠬᠢᠷᠳᠤᠯ ᠦᠭᠡᠢ ᠭᠡᠷ ᠤᠷᠤᠨ ᠢ ᠬᠠᠮᠤᠭ ᠤᠨ ᠢᠯᠡ ᠲᠤᠳᠤ ᠤᠨᠴᠠᠯᠢᠭ ᠪᠤᠯᠭᠠᠵᠦ᠂ ᠠᠮᠢ ᠠᠬᠤᠢ ᠶᠢᠨ | ᠪᠤᠯᠪᠠᠰᠤᠨ ᠤ ᠪᠠᠶᠢᠭᠤᠯᠤᠯᠳᠠ ᠶᠢᠨ ᠰᠢᠨ᠎ᠡ ᠬᠠᠭᠤᠳᠠᠰᠦ ᠶᠢ ᠬᠠᠮᠳᠤᠪᠠᠷ ᠪᠢᠴᠢᠭᠯᠡᠵᠦ ᠪᠠᠶᠢᠨ᠎ᠠ᠃ | ᠦᠨᠳᠦᠰᠦᠳᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠲᠤᠭᠳᠠᠭᠤᠨ ᠪᠠᠶᠢᠳᠠᠯ ᠢ ᠮᠠᠪᠳᠠᠭᠤᠨ ᠪᠠᠳᠣᠳᠠᠢ | ᠠᠬᠢᠭᠤᠯᠤᠨ ᠡᠬᠡ ᠤᠯᠤᠰ ᠤᠨ ᠤᠮᠠᠷᠠᠳᠦ ᠶᠢᠨ ᠠᠮᠤᠷ ᠲᠦᠪᠰᠢᠨ ᠲᠤᠭᠳᠠᠭᠤᠨ ᠤ ᠬᠠᠯᠬᠠᠪᠴᠢ ᠶᠢ ᠪᠠᠳᠤ | ᠴᠤᠭᠴᠠᠯᠠᠵᠦ ᠪᠠᠶᠢᠨ᠎ᠠ | ᠠᠨᠠᠷ ᠤᠨ ᠴᠡᠴᠡᠭ ᠲᠡᠯᠭᠡᠷᠡᠵᠦ᠂ ᠰᠡᠳᠬᠢᠯ ᠢᠶᠠᠨ ᠨᠢᠭᠡᠳᠭᠡᠨ ᠬᠦᠳᠡᠯ ᠢᠶᠠᠨ ᠲᠡᠷᠭᠡᠯᠰᠢᠭᠦᠯᠢᠨᠡ᠃ | ᠪᠠᠶ᠋ᠬᠠᠤᠪᠤᠭ᠎ᠠ ᠰᠤᠮᠤ ᠶᠢᠨ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠤᠨ | ᠦᠢᠯᠡᠳᠦᠯᠭᠡ ᠶᠢᠨ ᠬᠦᠮᠦᠵᠢᠯ ᠤᠨ ᠰᠠᠭᠤᠷᠢᠨ ᠭᠠᠵᠠᠷ ᠤᠨ ᠤᠷᠳᠤ ᠬᠤᠩᠬᠢᠯ ᠪᠢᠳᠡᠨ ᠳᠤ ︽ᠭᠤᠷᠪᠠᠨ ᠮᠢᠩᠭᠠᠨ | ᠦᠨᠦᠴᠢᠨ ᠬᠡᠥᠬᠡᠳ ᠢ ᠦᠪᠦᠷ ᠮᠤᠩᠭᠤᠯ ᠳᠤ ᠦᠷᠡᠴᠢᠯᠡᠨ ᠲᠡᠵᠢᠭᠡᠭᠰᠡᠨ︾᠂ ︽ᠰᠡᠳᠬᠢᠯ ᠢᠶᠠᠨ ᠨᠢᠭᠡᠳᠭᠡᠨ ᠬᠦᠴᠦ | ᠪᠠᠨ ᠬᠠᠮᠳᠤᠳᠬᠠᠵᠦ ᠪᠤᠭᠤᠳᠦ ᠶᠢᠨ ᠪᠤᠯᠤᠳ ᠲᠡᠮᠦᠷ ᠤᠨ ᠺᠤᠮᠫᠠᠨᠢ ᠶᠢ ᠪᠠᠶᠢᠭᠤᠯᠬᠤ︾ ᠦᠯᠢᠭᠡᠷ ᠢ ᠡᠷᠭᠢᠴᠡᠭᠦᠯᠦᠨ᠂ | ᠤᠨ ᠰᠠᠷ᠎ᠠ ᠦᠩᠭᠡᠷᠡᠨ ᠤᠳᠴᠦ᠂ ᠦᠨᠳᠦᠰᠦᠳᠡᠨ ᠤ ᠪᠦᠯᠬᠦᠮᠳᠡᠯ ᠤᠨ ᠴᠢᠩ ᠦᠨᠡᠨᠴᠢ ᠬᠠᠶᠢᠷ᠎ᠠ ᠰᠡᠳᠭᠢᠯᠭᠡ | ᠦᠨᠢᠳᠡ ᠪᠠᠯᠠᠷᠠᠰᠢ ᠦᠭᠡᠢ ᠪᠠᠶᠢᠬᠤ ᠶᠢ ᠦᠵᠡᠭᠦᠯᠦᠭᠰᠡᠨ ᠪᠠᠶᠢᠨ᠎ᠠ᠃ ᠪᠠᠳᠤᠬᠠᠭᠠᠯᠭ᠎ᠠ ᠪᠠᠯᠭᠠᠰᠤᠨ ᠤ ᠲᠤᠯᠠᠭᠠᠨ ᠭᠡᠷ | ᠨᠡᠶᠢᠭᠡᠮ ᠲᠤᠭᠤᠷᠢᠭ ᠲᠤ᠂ ᠰᠢᠭᠤᠳ ᠨᠡᠪᠳᠡᠷᠡᠭᠦᠯᠭᠡ ᠶᠢᠨ ᠲᠠᠪᠴᠠᠩ ᠢ ᠠᠰᠢᠭᠯᠠᠵᠦ᠂7 ᠰᠢᠭᠤᠳ ᠨᠡᠪᠳᠡᠷᠡᠭᠦᠯᠦᠭᠴᠢ | ᠨᠢᠭᠡ ᠵᠢᠯ ᠤᠨ ᠬᠤᠭᠤᠴᠠᠭ᠎ᠠ ᠶᠢ ᠬᠡᠷᠡᠭᠰᠡᠵᠦ᠂ ᠮᠠᠯᠴᠢᠳ ᠲᠤ300 ᠲᠤᠨ ᠬᠦᠵᠡᠭᠡᠨ ᠳᠤ ᠪᠤᠭᠤᠭᠰᠠᠨ ᠮᠢᠬ᠎ᠠ | ᠪᠤᠯᠤᠨ ᠬᠤᠰᠬᠢᠨᠠᠭ ᠢ ᠬᠤᠳᠠᠯᠳᠤᠨ ᠦᠭᠴᠦ ᠦᠨᠳᠦᠰᠦᠳᠡᠨ ᠤ ᠡᠶ᠎ᠡ ᠨᠠᠶᠢᠷᠰᠠᠭ ᠢ ᠡᠳᠦᠷ ᠲᠤᠳᠤᠮ ᠤᠨ ᠠᠮᠢᠳᠤᠷᠠᠯ | ᠳᠤ ᠠᠭᠤᠰᠤᠯᠴᠠᠭᠤᠯᠤᠭᠰᠠᠨ ᠪᠠᠶᠢᠨ᠎ᠠ᠃ | ᠣᠶᠢᠷ᠎ᠠ ᠶᠢᠨ ᠵᠢᠯ ᠠᠴᠠ᠂ ᠲᠠᠷᠬᠠᠨ ᠮᠤᠤᠶᠢᠩᠭᠠᠨ ᠬᠤᠰᠢᠭᠤ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ | ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠶᠡᠷᠦᠩᠭᠡᠢ ᠬᠠᠷᠠᠯᠳᠠ ᠶᠢᠨ ᠲᠤᠭᠤᠷᠢᠨ ᠳᠤ᠂ ︽ᠲᠠᠪᠤ ᠶᠢ | ᠵᠠᠰᠠᠬᠤ︾ ᠶᠢ ᠠᠭᠤᠰᠤᠯᠴᠠᠭᠤᠯᠬᠤ ᠶᠢ ᠪᠠᠷᠢᠮᠳᠠᠯᠠᠵᠦ᠂ ᠲᠤᠭᠳᠠᠯᠴᠠᠭ᠎ᠠ ᠪᠠᠶᠢᠭᠤᠯᠬᠤ᠂ ᠠᠷᠭ᠎ᠠ ᠬᠡᠮᠵᠢᠶ᠎ᠡ ᠶᠢ | ᠴᠢᠩᠭᠠᠳᠬᠠᠬᠤ᠂ ᠰᠠᠭᠤᠷᠢ ᠶᠢ ᠪᠠᠳᠤᠳᠬᠠᠬᠤ ᠪᠠᠷ ᠭᠠᠷᠳᠠᠴᠠ ᠪᠤᠯᠭᠠᠵᠦ᠂ ᠦᠭᠡᠷᠡᠴᠢᠯᠡᠯᠳᠡ ᠬᠢᠵᠦ ᠰᠢᠨ᠎ᠡ ᠶᠢ | ᠡᠭᠦᠳᠬᠦ ᠵᠤᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠳᠠ ᠶᠢᠨ | ᠤᠳᠤᠬᠢᠴᠢᠯᠠᠯᠳᠠ ᠶᠢᠨ ᠲᠤᠷᠰᠢᠯᠳᠠ ᠶᠢᠨ ᠠᠵᠢᠯ ᠢ ᠮᠠᠪᠳᠠᠭᠤᠨ ᠪᠠᠳᠣᠳᠠᠢ ᠠᠬᠢᠭᠤᠯᠵᠦ᠂ ᠬᠠᠮᠳᠤᠪᠠᠷ ᠪᠠᠶᠢᠭᠤᠯᠬᠤ | ᠬᠠᠮᠳᠤᠪᠠᠷ ᠡᠳ᠋ᠯᠡᠬᠦ ᠨᠡᠶᠢᠭᠡᠮ ᠤᠨ ᠵᠠᠰᠠᠯᠳᠠ ᠶᠢᠨ ᠰᠢᠰᠲ᠋ᠧᠮ ᠪᠤᠯᠤᠨ ᠨᠡᠶᠢᠭᠡᠮ ᠤᠨ ᠵᠠᠰᠠᠯᠳᠠ ᠶᠢᠨ ᠴᠢᠳᠠᠪᠤᠷᠢ ᠶᠢᠨ | ᠤᠳᠤᠬᠢᠴᠢᠯᠠᠯᠳᠠ ᠶᠢᠨ ᠲᠦᠪᠰᠢᠨ ᠢ ᠦᠷᠭᠦᠯᠵᠢᠯᠡᠨ ᠲᠡᠭᠡᠭᠰᠢᠯᠡᠭᠦᠯᠵᠦ᠂ ᠡᠬᠡ ᠤᠯᠤᠰ ᠤᠨ ᠤᠮᠠᠷᠠᠳᠦ ᠶᠢᠨ ᠠᠮᠤᠷ | ᠲᠦᠪᠰᠢᠨ ᠲᠤᠭᠳᠠᠭᠤᠨ ᠤ ᠬᠠᠯᠬᠠᠪᠴᠢ ᠶᠢ ᠪᠠᠳᠤ ᠪᠠᠬᠢ ᠴᠤᠭᠴᠠᠯᠠᠭᠰᠠᠨ ᠪᠠᠶᠢᠨ᠎ᠠ᠃ | ᠲᠠᠷᠢᠶᠠᠯᠠᠩ ᠮᠠᠯ ᠠᠵᠦ ᠠᠬᠤᠢ ᠶᠢᠨ ᠠᠵᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠭᠦᠯᠬᠦ | ᠶᠢ ᠲᠦᠷᠭᠡᠳᠭᠡᠨ ᠠᠬᠢᠭᠤᠯᠵᠦ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠳᠦᠭᠡᠭᠳᠡᠭᠦᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠳᠦᠭᠡᠨ ᠪᠠᠶᠢᠭᠤᠯᠵᠦ ᠪᠠᠶᠢᠨ᠎ᠠ | 2022 ᠤᠨ ᠳᠤ᠂ ᠲᠠᠷᠬᠠᠨ ᠮᠤᠤᠮᠢᠩᠭᠠᠨ ᠤ ᠲᠠᠯ᠎ᠠ ᠨᠤᠳᠤᠭ ᠤᠨ ᠬᠤᠨᠢᠨ ᠤ ᠤᠡᠤᠨ ᠪᠦᠰᠡ ᠶᠢᠨ ᠨᠡᠷᠡᠳᠦ | ᠲᠡᠮᠳᠡᠭᠳᠦ ᠶᠢ ᠨᠡᠶᠢᠳᠡᠯᠡᠬᠦ ᠬᠤᠷᠠᠯ ᠦᠪᠡᠳᠡᠭᠰᠢ ᠶᠡᠭᠡ ᠪᠠᠷ ᠶᠠᠪᠤᠭᠳᠠᠵᠦ᠂ ᠡᠨᠡ ᠵᠢᠯ ᠤᠨ2 ᠰᠠᠷ᠎ᠠ ᠳᠤ᠂ ︽ᠲᠠᠷᠬᠠᠨ | ᠮᠤᠤᠮᠢᠩᠭᠠᠨ ᠤ ᠲᠠᠯ᠎ᠠ ᠨᠤᠳᠤᠭ ᠤᠨ ᠬᠤᠨᠢ︾ ᠶᠢᠨ ᠤᠷᠤᠨ ᠪᠦᠰᠡ ᠶᠢᠨ ᠨᠡᠶᠢᠳᠡ ᠶᠢᠨ ᠬᠡᠷᠡᠭᠯᠡᠭᠡᠨ ᠤ ᠨᠡᠷᠡᠳᠦ | ᠲᠡᠮᠳᠡᠭ ᠤᠨ ᠲᠠᠨᠢᠯᠴᠠᠭᠤᠯᠭ᠎ᠠ ᠵᠢᠴᠢ ︽ᠲᠠᠷᠬᠠᠨ ᠮᠤᠤᠮᠢᠩᠭᠠᠨ ᠤ ᠲᠠᠯ᠎ᠠ ᠨᠤᠳᠤᠭ ᠤᠨ ᠬᠤᠨᠢᠨ ᠮᠢᠬ᠎ᠠ︾ ᠶᠢᠨ | ᠭᠠᠵᠠᠷ ᠤᠷᠤᠨ ᠤ ᠲᠡᠮᠳᠡᠭᠳᠦ ᠪᠦᠳᠦᠭᠡᠭᠳᠡᠭᠦᠨ ᠤ ᠪᠦᠭᠡᠮ ᠢᠶᠠᠷ ᠬᠤᠳᠠᠯᠳᠤᠬᠤ ᠵᠠᠬ᠎ᠠ ᠲᠡᠯᠭᠡᠭᠦᠷ ᠲᠤ ᠶᠠᠪᠤᠭᠳᠠᠵᠦ᠂ | ︽ᠲᠠᠷᠬᠠᠨ ᠮᠤᠤᠮᠢᠩᠭᠠᠨ ᠤ ᠲᠠᠯ᠎ᠠ ᠨᠤᠳᠤᠭ ᠤᠨ ᠬᠤᠨᠢᠨ ᠮᠢᠬ᠎ᠠ︾ ᠶᠢᠨ ᠪᠦᠳᠦᠭᠡᠭᠳᠡᠭᠦᠨ ᠤ ᠨᠡᠩ ᠶᠡᠭᠡ ᠵᠠᠬ᠎ᠠ | ᠲᠡᠯᠭᠡᠭᠦᠷ ᠲᠠᠢ ᠪᠤᠯᠬᠤ ᠳᠤ ᠬᠦᠴᠦᠨ ᠨᠡᠮᠡᠷᠢᠯᠡᠪᠡ᠃3 ᠳ᠋ᠤᠭᠠᠷ ᠰᠠᠷ᠎ᠠ ᠶᠢᠨ11 ᠤ ᠡᠳᠦᠷ᠂ ᠲᠠᠷᠬᠠᠨ ᠮᠤᠤᠮᠢᠩᠭᠠᠨ | ᠬᠤᠯᠪᠤᠭᠠᠳᠦ ᠬᠤᠰᠢᠭᠤᠨ ᠤ ᠼᠤᠤ ᠽᠠᠨ ᠶᠠᠩ ᠠᠮᠢ ᠠᠬᠤᠢ ᠶᠢᠨ ᠢᠳᠡᠭᠡᠨ ᠤ ᠬᠢᠵᠠᠭᠠᠷᠳᠦ ᠺᠤᠮᠫᠠᠨᠢ ᠬᠢᠬᠡᠳ | ᠪᠡᠭᠡᠵᠢᠩ ᠤᠨ ᠲᠠᠢ ᠹᠡᠩ ᠵᠢᠶᠠ ᠪᠠᠢ ᠰᠢᠨᠵᠢᠯᠡᠬᠦ ᠣᠬᠠᠭᠠᠨ ᠮᠡᠷᠭᠡᠵᠢᠯ ᠤᠨ ᠬᠢᠵᠠᠭᠠᠷᠳᠦ ᠺᠤᠮᠫᠠᠨᠢ ᠶᠢᠨ ᠲᠦᠮᠡᠨ | ᠲᠤᠯᠤᠭᠠᠢ ︽ᠲᠠᠷᠬᠠᠨ ᠮᠤᠤᠮᠢᠩᠭᠠᠨ ᠤ ᠲᠠᠯ᠎ᠠ ᠨᠤᠳᠤᠭ ᠤᠨ ᠬᠤᠨᠢ︾ ᠶᠢᠨ ᠬᠠᠩᠭᠠᠨ ᠪᠤᠷᠤᠯᠠᠭᠤᠯᠬᠤ ᠵᠠᠬᠢᠶᠠᠯᠠᠭ᠎ᠠ | ᠳᠤ ᠭᠠᠷ ᠤᠨ ᠦᠰᠦᠭ ᠵᠢᠷᠤᠬᠤ ᠶᠤᠰᠤᠯᠠᠯ ᠶᠠᠪᠤᠭᠳᠠᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠳᠦᠭᠡᠭᠳᠡᠭᠦᠨ ᠤ ᠨᠦᠯᠦᠭᠡᠯᠡᠬᠦ ᠬᠦᠴᠦᠨ ᠢ ᠤᠯᠠᠮ ᠨᠢᠭᠡ ᠠᠯᠬᠤᠮ | ᠲᠡᠭᠡᠭᠰᠢᠯᠡᠭᠦᠯᠵᠦ᠂ ᠨᠡᠷᠡᠳᠦ ᠲᠡᠮᠳᠡᠭ ᠢᠶᠠᠷ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠠᠯ ᠠᠵᠦ ᠠᠬᠤᠢ | ᠶᠢᠨ ᠴᠢᠨᠠᠷ ᠰᠠᠶᠢᠳᠠᠢ ᠬᠦᠭᠵᠢᠯᠳᠡ ᠶᠢ ᠬᠦᠳᠦᠯᠦᠨ ᠲᠠᠭᠠᠭᠤᠯᠤᠭᠰᠠᠨ ᠪᠠᠶᠢᠨ᠎ᠠ᠃ | ᠲᠠᠷᠢᠶᠠᠯᠠᠩ ᠮᠠᠯ ᠠᠵᠦ ᠠᠬᠤᠢ ᠶᠢᠨ ᠬᠦᠭᠵᠢᠯᠳᠡ ᠶᠢᠨ ᠰᠠᠭᠤᠷᠢ ᠶᠢ ᠨᠡᠩ ᠬᠦᠴᠦᠷᠬᠡᠭᠵᠢᠭᠦᠯᠦᠨ᠂ ᠪᠤᠬᠢᠷᠳᠤᠯ | ᠦᠭᠡᠢ ᠴᠢᠨᠠᠷ ᠰᠠᠶᠢᠳᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠳᠦᠭᠡᠭᠳᠡᠭᠦᠨ ᠤ ᠲᠤᠭ᠎ᠠ ᠬᠡᠮᠵᠢᠶ᠎ᠡ ᠶᠢ ᠨᠡᠩ | ᠤᠯᠠᠨ ᠪᠤᠯᠭᠠᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠬᠠᠷᠠᠯᠳᠠ ᠪᠠᠨ ᠤᠯᠠᠮ ᠲᠤᠳᠤᠷᠬᠠᠢ ᠪᠤᠯᠭᠠᠭᠰᠠᠨ | ᠪᠠᠶᠢᠨ᠎ᠠ᠃ ᠲᠠᠷᠭᠠᠴᠢ ᠶᠢᠨ ᠠᠯᠬᠤᠮ ᠳᠤ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠶᠡᠷᠦᠩᠬᠡᠶᠢᠯᠡᠭᠰᠡᠨ | ᠦᠢᠯᠡᠳᠪᠦᠷᠢᠯᠡᠯ ᠤᠨ ᠲᠦᠪᠰᠢᠨ ᠢᠶᠠᠨ ᠴᠢᠨᠠᠭᠰᠢᠳᠠ ᠲᠡᠭᠡᠭᠰᠢᠯᠡᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠳᠦᠭᠡᠭᠳᠡᠭᠦᠨ ᠤ ᠬᠠᠩᠭᠠᠯᠭ᠎ᠠ ᠶᠢ ᠪᠠᠳᠤᠯᠠᠬᠤ ᠴᠢᠳᠠᠪᠤᠷᠢ ᠪᠠᠨ ᠨᠡᠮᠡᠭᠳᠡᠭᠦᠯᠦᠨ᠂ ᠤᠳᠤ ᠦᠶ᠎ᠡ ᠶᠢᠨ ᠲᠠᠷᠢᠶᠠᠯᠠᠩ | ᠤᠨ ᠰᠠᠭᠤᠷᠢ ᠶᠢ ᠪᠠᠬᠢᠵᠢᠭᠦᠯᠵᠦ᠂ ᠦᠷᠭᠦᠯᠵᠢᠯᠡᠩᠭᠦᠢ ᠬᠦᠭᠵᠢᠯᠳᠡ ᠶᠢᠨ ᠴᠢᠳᠠᠪᠤᠷᠢ ᠶᠢ ᠨᠡᠮᠡᠭᠳᠡᠭᠦᠯᠦᠨ᠂ ᠪᠦᠬᠦ ᠠᠵᠦ | ᠦᠢᠯᠡᠰ ᠤᠨ ᠬᠦᠭᠵᠢᠯᠳᠡ ᠶᠢ ᠪᠠᠷᠢᠮᠳᠠᠯᠠᠵᠦ᠂ ᠠᠵᠦ ᠦᠢᠯᠡᠰ ᠤᠨ ᠠᠭᠤᠰᠤᠯᠴᠠᠨ ᠬᠦᠭᠵᠢᠬᠦ ᠲᠤᠭᠳᠠᠯᠴᠠᠭ᠎ᠠ ᠶᠢ | ᠴᠢᠨᠠᠷ ᠰᠠᠶᠢᠳᠠᠢ ᠪᠠᠷ ᠰᠠᠳᠤᠨ ᠪᠠᠶᠢᠭᠤᠯᠤᠨ᠂ ᠪᠤᠬᠢᠷᠳᠤᠯ ᠦᠭᠡᠢ ᠬᠦᠭᠵᠢᠯᠳᠡ ᠶᠢᠨ ᠬᠦᠳᠡᠯᠭᠡᠬᠦ ᠬᠦᠴᠦᠨ ᠢ | ᠴᠢᠩᠭᠠᠷᠠᠭᠤᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠳᠦᠭᠡᠭᠳᠡᠭᠦᠨ ᠤ ᠶᠠᠰᠤ ᠴᠢᠨᠠᠷ ᠤᠨ ᠠᠮᠤᠷ | ᠲᠦᠪᠰᠢᠨ ᠤ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠤᠯᠭᠠᠬᠤ ᠴᠢᠳᠠᠪᠤᠷᠢ ᠶᠢ ᠨᠡᠮᠡᠭᠳᠡᠭᠦᠯᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠲᠤᠯᠭᠠᠭᠤᠷᠢᠯᠠᠬᠤ ᠲᠤᠭᠳᠠᠯᠴᠠᠭ᠎ᠠ ᠶᠢ ᠪᠠᠶᠢᠭᠤᠯᠤᠨ᠎ᠠ᠃ | ᠨᠡᠭᠡᠭᠡᠯᠳᠡ ᠶᠢᠨ ᠲᠠᠪᠬᠤᠷᠭ᠎ᠠ ᠪᠡ ᠬᠢᠷᠢ ᠲᠦᠪᠰᠢᠨ ᠢ ᠲᠡᠭᠡᠭᠰᠢᠯᠡᠭᠦᠯᠦᠨ ᠮᠠᠨ ᠤ ᠤᠯᠤᠰ ᠤᠨ ᠤᠮᠠᠷᠠᠰᠢ | ᠨᠡᠭᠡᠭᠡᠯᠳᠡ ᠬᠢᠬᠦ ᠴᠢᠬᠤᠯᠠ ᠪᠠᠬᠢᠯᠡᠯᠳᠡ ᠶᠢ ᠪᠦᠳᠦᠭᠡᠨ ᠪᠠᠶᠢᠭᠤᠯᠤᠨ᠎ᠠ | ᠤᠶᠢᠷ᠎ᠠ ᠶᠢᠨ ᠵᠢᠯ ᠠᠴᠠ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠶᠡᠷᠦᠩᠭᠡᠢ ᠱᠦᠵᠢ ᠰᠢ ᠶᠢᠨ ᠫᠢᠩ | ᠤᠨ ᠦᠪᠦᠷ ᠮᠤᠩᠭᠤᠯ ᠳᠤ ᠦᠭᠭᠦᠭᠰᠡᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠮᠢᠩᠭᠠᠨ ᠲᠦᠮᠡᠨ ᠲᠤᠨ ᠤ ᠲᠡᠰ ᠤᠨ ᠬᠢᠯᠢ ᠶᠢᠨ ᠭᠠᠳᠠᠨᠠᠬᠢ ᠶᠡᠭᠡ | ᠬᠡᠮᠵᠢᠶᠡᠨ ᠤ ᠠᠭᠤᠷᠬᠠᠢ ᠶᠢᠨ ᠭᠠᠷᠤᠯᠳᠠ ᠶᠢᠨ ᠡᠬᠢ ᠪᠠᠶᠠᠯᠢᠭ ᠢ ᠭᠠᠳᠠᠭᠠᠳᠦ ᠠᠴᠠ ᠤᠷᠤᠭᠤᠯᠬᠤ ᠲᠤᠰᠬᠠᠢ ᠵᠠᠮ ᠢ | ᠪᠠᠶᠢᠭᠤᠯᠬᠤ ᠬᠦᠭᠵᠢᠯᠳᠡ ᠶᠢᠨ ᠬᠠᠷᠠᠯᠳᠠ ᠶᠢ ᠲᠤᠭᠳᠠᠭᠠᠵᠦ᠂ ᠭᠠᠳᠠᠭᠠᠳᠦ ᠨᠡᠭᠡᠭᠡᠯᠳᠡ ᠶᠢ ᠪᠦᠬᠦ ᠲᠠᠯ᠎ᠠ ᠪᠠᠷ | ᠭᠦᠨᠵᠡᠭᠡᠶᠢᠡᠭᠦᠯᠵᠦ᠂ ᠮᠠᠨᠳᠤᠯ ᠪᠤᠭᠤᠮᠳᠠ ᠶᠢᠨ ᠪᠦᠳᠦᠭᠡᠨ ᠪᠠᠶᠢᠭᠤᠯᠤᠯᠳᠠ ᠶᠢᠨ ᠰᠢᠨ᠎ᠡ ᠬᠦᠭᠵᠢᠯᠳᠡ ᠶᠢ | ᠪᠡᠶᠡᠯᠡᠭᠦᠯᠦᠭᠰᠡᠨ ᠪᠠᠶᠢᠨ᠎ᠠ᠃2022 ᠤᠨ ᠳᠤ᠂ ᠮᠠᠨᠳᠤᠯ ᠪᠤᠭᠤᠮᠳᠠ ᠶᠢᠨ ᠭᠠᠳᠠᠭᠠᠳᠦ ᠠᠴᠠ ᠤᠷᠤᠭᠤᠯᠵᠦ | ᠭᠠᠳᠠᠭᠠᠳᠦ ᠳᠤ ᠭᠠᠷᠭᠠᠬᠤ ᠪᠤᠭᠤᠮᠳᠠ ᠳᠤ ᠮᠡᠳᠡᠭᠦᠯᠦᠭᠰᠡᠨ ᠪᠠᠷᠠᠭ᠎ᠠ309.77 ᠲᠦᠮᠡᠨ ᠲᠤᠨ ᠳᠤ ᠬᠦᠷᠴᠦ᠂ | ᠠᠳᠠᠯᠢ ᠬᠤᠭᠤᠴᠠᠭᠠᠨ ᠠᠴᠠ89.44% ᠨᠡᠮᠡᠭᠳᠡᠵᠦ᠂ ᠠᠷᠲᠠᠯᠵᠢᠶᠠᠨ ᠤ ᠬᠡᠮᠵᠢᠶ᠎ᠡ35.14 ᠳ᠋ᠦᠩᠰᠢᠭᠤᠷ | ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠠᠴᠠ159.72% ᠨᠡᠮᠡᠭᠳᠡᠵᠡᠢ᠃2023 ᠤᠨ ᠠᠴᠠ3 ᠰᠠᠷ᠎ᠠ | ᠶᠢᠨ14 ᠤ ᠡᠳᠦᠷ ᠪᠤᠯᠳᠠᠯ᠎ᠠ᠂ ᠪᠦᠬᠦ ᠵᠢᠯ ᠤᠨ ᠭᠠᠳᠠᠭᠠᠳᠦ ᠠᠴᠠ ᠤᠷᠤᠭᠤᠯᠵᠦ ᠭᠠᠳᠠᠭᠠᠳᠦ ᠳᠤ ᠭᠠᠷᠭᠠᠬᠤ | ᠪᠤᠭᠤᠮᠳᠠ ᠳᠤ ᠮᠡᠳᠡᠭᠦᠯᠦᠭᠰᠡᠨ ᠪᠠᠷᠠᠭ᠎ᠠ83.34 ᠲᠦᠮᠡᠨ ᠲᠤᠨ ᠳᠤ ᠬᠦᠷᠴᠦ᠂ ᠭᠠᠳᠠᠭᠠᠳᠦ ᠠᠴᠠ ᠤᠷᠤᠭᠤᠯᠵᠦ | ᠭᠠᠳᠠᠭᠠᠳᠦ ᠳᠤ ᠭᠠᠷᠭᠠᠬᠤ ᠠᠷᠠᠯᠵᠢᠶ᠎ᠠ9.06 ᠳ᠋ᠦᠩᠰᠢᠭᠤᠷ ᠲᠦᠭᠦᠷᠢᠭ ᠲᠤ ᠬᠦᠷᠴᠠᠢ᠃ | 2022 ᠤᠨ ᠤ4 ᠰᠠᠷ᠎ᠠ ᠳᠤ ᠬᠢᠯᠢ ᠶᠢᠨ ᠲᠤᠳᠤᠷᠠᠬᠢ ᠪᠤᠭᠤᠳᠦ ᠠᠴᠠ ᠮᠠᠨᠳᠤᠯ ᠬᠦᠷᠬᠦ ᠲᠡᠮᠦᠷ ᠵᠠᠮ ᠢ ᠪᠦᠬᠦ | ᠱᠤᠭᠤᠮ ᠢᠶᠠᠷ ᠨᠡᠪᠳᠡᠷᠡᠭᠦᠯᠵᠦ᠂ ᠬᠢᠯᠢ ᠶᠢᠨ ᠭᠠᠳᠠᠨᠠᠬᠢ ᠵᠡᠭᠦᠨ ᠪᠡᠶᠡᠨ ᠠᠴᠠ ᠬᠠᠩᠬᠢ ᠬᠦᠷᠬᠦ ᠲᠡᠮᠦᠷ ᠵᠠᠮ ᠢ2022 | ᠤᠨ ᠤ3 ᠰᠠᠷ᠎ᠠ ᠶᠢᠨ12 ᠤᠨ ᠡᠳᠦᠷ ᠵᠢᠩᠭᠢᠨᠢ ᠪᠠᠷ ᠡᠬᠢᠯᠡᠨ ᠪᠦᠳᠦᠭᠡᠨ ᠪᠠᠶᠢᠭᠤᠯᠵᠦ᠂2023 ᠤᠨ ᠤ2 ᠰᠠᠷ᠎ᠠ | ᠶᠢᠨ2 ᠤᠨ ᠡᠳᠦᠷ ᠠᠰᠢᠭᠯᠠᠯᠳᠠ ᠳᠤ ᠤᠷᠤᠭᠤᠯᠪᠠ᠃ ᠮᠠᠨᠳᠤᠯ ᠪᠤᠭᠤᠮᠳᠠ ᠶᠢᠨ ᠬᠢᠯᠢ ᠶᠢᠨ ᠠᠯᠤᠰᠯᠠᠭᠰᠠᠨ ᠲᠡᠮᠦᠷ | ᠵᠠᠮ ᠤᠨ ᠬᠤᠯᠪᠤᠭᠠᠳᠦ ᠱᠤᠭᠤᠮ ᠤᠨ ᠲᠦᠷᠦᠯ ᠵᠦᠢᠯ ᠢ ᠤᠷᠢᠳᠴᠢᠯᠠᠨ ᠰᠤᠳᠤᠯᠵᠦ ᠨᠠᠶᠢᠷᠠᠭᠤᠯᠤᠨ ᠵᠤᠬᠢᠶᠠᠬᠤ | ᠠᠵᠢᠯ ᠢ ᠢᠳᠡᠪᠬᠢᠳᠡᠢ ᠠᠬᠢᠭᠤᠯᠬᠤ ᠶᠢᠨ ᠬᠠᠮᠳᠦ ᠮᠤᠩᠭᠤᠯ ᠤᠯᠤᠰ ᠤᠨ ᠤᠯᠠᠭᠠᠨᠪᠠᠭᠠᠳᠤᠷ ᠤᠨ ᠲᠡᠮᠦᠷ ᠵᠠᠮ ᠤᠨ | ᠵᠢᠷᠤᠭ ᠲᠦᠯᠦᠪᠯᠡᠭᠡᠨ ᠤ ᠬᠦᠷᠢᠶᠡᠯᠡᠩ ᠲᠠᠢ ᠮᠡᠷᠭᠡᠵᠢᠯ ᠤᠨ ᠵᠤᠯᠭᠠᠯᠴᠠᠭ᠎ᠠ ᠬᠢᠵᠦ᠂ ᠪᠤᠭᠤᠮᠳᠠ ᠶᠢᠨ ᠪᠦᠳᠦᠭᠡᠨ | ᠪᠠᠶᠢᠭᠤᠯᠤᠯᠳᠠ ᠠᠴᠠ ᠠᠷᠠᠯᠵᠢᠶᠠᠴᠢᠨ ᠤᠷᠢᠵᠦ ᠪᠡᠯᠡ ᠤᠷᠤᠭᠤᠯᠬᠤ᠂ ᠪᠤᠭᠤᠮᠳᠠ ᠪᠠᠷ ᠦᠩᠭᠡᠷᠡᠬᠦ ᠦᠷ᠎ᠡ ᠪᠦᠳᠦᠮᠵᠢ | ᠠᠴᠠ ᠬᠢᠯᠢ ᠠᠯᠦᠰᠯᠠᠭᠰᠠᠨ ᠵᠠᠰᠠᠮᠠᠯ ᠵᠠᠮ ᠤᠨ ᠲᠡᠮᠦᠷ ᠵᠠᠮ ᠤᠨ ᠬᠤᠯᠪᠤᠯᠳᠤᠨ ᠨᠡᠪᠳᠡᠷᠡᠯᠴᠡᠬᠦ ᠬᠦᠷᠳᠡᠯ᠎ᠡ᠂ ᠠᠯᠢ | ᠤᠯᠠᠨ ᠭᠢᠯᠠᠯᠵᠠᠭᠰᠠᠨ ᠦᠷ᠎ᠡ ᠪᠦᠳᠦᠮᠵᠢ ᠨᠢ ᠮᠠᠨᠳᠤᠯ ᠪᠤᠭᠤᠮᠳᠠ ᠶᠢᠨ ᠬᠦᠭᠵᠢᠯᠳᠡ ᠶᠢ ᠡᠷᠢᠯᠬᠢᠯᠡᠬᠦ ᠬᠠᠯᠠᠭᠤᠨ | ᠰᠡᠳᠬᠢᠯᠭᠡ ᠪᠠ ᠬᠦᠰᠡᠯ ᠵᠡᠭᠦᠳᠦ ᠶᠢ ᠲᠡᠷᠭᠡᠯᠰᠢᠭᠦᠯᠵᠡᠢ᠃ | ᠤᠮᠠᠷᠠᠳᠦ ᠬᠢᠯᠢ ᠶᠢᠨ ᠨᠡᠭᠡᠭᠡᠯᠳᠡ ᠶᠢᠨ ᠤᠷᠤᠰᠬᠠᠯ ᠲᠠᠪᠠᠯᠭᠠᠯᠠᠵᠦ᠂ ᠡᠷᠡᠮᠬᠡᠶᠢᠯᠡᠨ ᠲᠠᠪᠰᠢᠬᠤ ᠴᠠᠭ ᠦᠶ᠎ᠡ | ᠬᠦᠷᠴᠦ ᠢᠷᠡᠵᠠᠢ᠃ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠶᠠᠭ ᠨᠡᠩ ᠦᠨᠳᠦᠷ ᠲᠦᠪᠰᠢᠨ ᠪᠦᠬᠦᠢ | ᠭᠠᠳᠠᠭᠠᠳᠦ ᠨᠡᠭᠡᠭᠡᠯᠳᠡ ᠶᠢ ᠪᠡᠶᠡᠯᠡᠭᠦᠯᠬᠦ ᠪᠠᠷ ᠭᠤᠤᠯᠳᠠᠭᠤᠯᠵᠦ᠂ ᠰᠢᠨ᠎ᠡ ᠬᠦᠭᠵᠢᠯᠳᠡ ᠶᠢᠨ ᠪᠠᠶᠢᠷᠢᠰᠢᠯ ᠳᠤ | ᠦᠢᠯᠡᠴᠢᠯᠡᠬᠦ ᠪᠠ ᠠᠭᠤᠰᠤᠯᠴᠠᠬᠤ ᠪᠠᠷ ᠬᠦᠴᠦᠯᠡᠵᠦ᠂ ᠪᠤᠭᠤᠮᠳᠠ ᠶᠢᠨ ᠰᠠᠭᠤᠷᠢ ᠲᠤᠬᠦᠭᠡᠷᠦᠮᠵᠢ ᠶᠢᠨ ᠪᠦᠳᠦᠭᠡᠨ | ᠪᠠᠶᠢᠭᠤᠯᠤᠯᠳᠠ᠂ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠨᠡᠩ ᠤᠯᠠᠨ | ᠲᠤᠮᠤ ᠲᠦᠷᠦᠯ ᠵᠦᠢᠯ ᠰᠠᠶᠢᠨ ᠲᠦᠷᠦᠯ ᠵᠦᠢᠯ ᠢ ᠤᠷᠤᠭᠤᠯᠤᠨ ᠠᠪᠴᠢᠷᠠᠵᠦ᠂ ᠡᠯ᠎ᠡ ᠲᠦᠷᠦᠯ ᠤᠨ ᠡᠬᠢ ᠪᠠᠶᠠᠯᠢᠭ | ᠤᠨ ᠡᠯᠧᠮᠧᠨ᠋ᠲ ᠢ ᠲᠠᠷᠬᠠᠨ ᠮᠤᠤᠮᠢᠩᠭᠠᠨ ᠤ ᠬᠠᠯᠠᠭᠤᠨ ᠬᠦᠷᠦᠰᠦᠨ ᠳᠤ ᠨᠡᠩ ᠰᠠᠶᠢᠨ ︽ᠴᠤᠭᠯᠠᠷᠠᠭᠤᠯᠵᠦ︾᠂ ︽ | ᠠᠮᠢᠳᠤᠯᠢᠭ ᠪᠤᠯᠭᠠᠵᠦ︾ ᠪᠠᠶᠢᠨ᠎ᠠ᠃ | ᠰᠠᠯᠬᠢᠨ ᠤ ᠡᠷᠴᠢᠨ ᠲᠡᠭᠡᠷ᠎ᠡ ᠠᠴᠠ ᠲᠠᠷᠪᠠᠭᠤᠯ ᠬᠡᠶᠢᠰᠬᠡᠨ ᠤᠷᠤᠭᠰᠢᠯᠠᠵᠦ᠂ ᠰᠢᠨ᠎ᠡ ᠠᠶᠠᠨ ᠳᠤ | ᠤᠷᠤᠭᠰᠢᠯᠠᠨ᠎ᠠ᠃ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠦᠷᠭᠦᠯᠵᠢᠯᠡᠨ ᠬᠠᠷᠢᠭᠤᠴᠠᠯᠭ᠎ᠠ ᠪᠠᠨ ᠪᠤᠳᠠᠳᠠᠢ | ᠳᠤ ᠨᠠᠶᠢᠳᠠᠪᠤᠷᠢᠵᠢᠭᠤᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠤᠭᠳᠠᠭᠠᠭᠰᠠᠨ ᠬᠠᠷᠠᠯᠳᠠ ᠡᠭᠦᠷᠭᠡ ᠶᠢ | ᠪᠡᠶᠡᠯᠡᠬᠦᠯᠬᠦ ᠶᠢᠨ ᠲᠦᠯᠦᠭᠡ ᠴᠦᠬᠦᠷᠡᠰᠢ ᠦᠭᠡᠢ ᠲᠡᠮᠡᠴᠡᠵᠦ᠂ ︽ᠲᠠᠪᠤᠨ ᠶᠡᠭᠡ ᠡᠭᠦᠷᠭᠡ︾ ᠶᠢ ᠪᠠᠶᠡᠯᠡᠭᠦᠯᠬᠦ ᠳᠤ | ᠠᠮᠵᠢᠯᠳᠠ ᠪᠦᠳᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠦ᠂ ᠰᠢᠨ᠎ᠡ ᠠᠶᠠᠨ ᠵᠠᠮ ᠳᠤ ᠵᠢᠳᠭᠦᠯ | ᠴᠢᠷᠮᠠᠶᠢᠯᠭ᠎ᠠ ᠭᠠᠷᠭᠠᠨ᠂ ᠰᠢᠨ᠎ᠡ ᠬᠠᠭᠤᠳᠠᠰᠦ ᠶᠢ ᠪᠢᠴᠢᠭᠯᠡᠵᠦ ᠪᠠᠶᠢᠨ᠎ᠠ᠃ |