ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠲᠤᠮᠳᠠᠳᠦ ᠤᠯᠤᠰ ᠤᠨ ᠦᠨᠳᠦᠰᠦᠳᠡᠨ ᠤ ᠡᠮ ᠡᠮᠨᠡᠯᠭᠡ  ᠶᠢᠨ ᠨᠡᠶᠢᠭᠡᠮᠯᠢᠭ ᠤᠨ ᠮᠤᠩᠭᠤᠯ ᠡᠮ ᠡᠮᠨᠡᠯᠭᠡ ᠶᠢᠨ ᠬᠤᠪᠢᠶᠠᠷᠢ ᠨᠡᠶᠢᠭᠡᠮᠯᠢᠭ ᠤᠨ ᠳ᠋ᠤᠺᠲ᠋ᠤᠷ ᠤᠨ ᠪᠦᠯᠬᠦᠮ ᠪᠤᠯᠤᠨ ᠲᠤᠰᠬᠠᠢ ᠮᠡᠷᠭᠡᠵᠢᠯᠳᠡᠨ ᠫᠷᠤᠹᠧᠰᠰᠤᠷ ᠤᠨ ᠠᠯᠪᠠᠨ ᠵᠢᠷᠤᠮ ᠤᠨ ᠲᠤᠭᠤᠷᠢᠨ ᠡᠮᠴᠢᠯᠡᠭᠡ ᠵᠢᠴᠢ ᠡᠮᠨᠡᠯᠭᠡ ᠶᠢᠨ ᠬᠠᠮᠳᠤᠷᠠᠭᠰᠠᠨ ᠴᠤᠭᠴᠠ ᠶᠢᠨ ᠡᠬᠢᠯᠡᠯᠳᠡ ᠶᠢᠨ ᠶᠤᠰᠤᠯᠠᠯ ᠡᠷᠬᠢᠯᠡᠪᠡ
ᠨᠡᠶᠢᠲᠡᠯᠡᠭᠰᠡᠨ ᠴᠠᠭ᠄
2023/3/24
      3 ᠰᠠᠷ᠎ᠠ ᠶᠢᠨ24 ᠤ ᠦᠳᠡ ᠶᠢᠨ ᠡᠮᠦᠨ᠎ᠡ᠂ ᠲᠤᠮᠳᠠᠳᠦ ᠤᠯᠤᠰ ᠤᠨ ᠦᠨᠳᠦᠰᠦᠳᠡᠨ ᠤ ᠡᠮ ᠡᠮᠨᠡᠯᠭᠡ ᠶᠢᠨ ᠨᠡᠶᠢᠭᠡᠮᠯᠢᠭ ᠤᠨ ᠮᠤᠩᠭᠤᠯ ᠡᠮ ᠡᠮᠨᠡᠯᠭᠡ ᠶᠢᠨ ᠬᠤᠪᠢᠶᠠᠷᠢ ᠨᠡᠶᠢᠭᠡᠮᠯᠢᠭ ᠤᠨ ᠳ᠋ᠤᠺᠲ᠋ᠤᠷ ᠤᠨ ᠪᠦᠯᠬᠦᠮ ᠪᠤᠯᠤᠨ ᠲᠤᠰᠬᠠᠢ ᠮᠡᠷᠭᠡᠵᠢᠯᠳᠡᠳ ᠫᠷᠤᠹᠧᠰᠰᠤᠷ ᠤᠨ ᠠᠯᠪᠠᠨ ᠵᠢᠷᠤᠮ ᠤᠨ ᠲᠤᠭᠤᠷᠢᠨ ᠡᠮᠴᠢᠯᠡᠭᠡ ᠵᠢᠴᠢ ᠡᠮᠨᠡᠯᠭᠡ ᠶᠢᠨ ᠬᠠᠮᠳᠤᠷᠠᠭᠰᠠᠨ ᠴᠤᠭᠴᠠ ᠶᠢᠨ ᠡᠬᠢᠯᠡᠯᠳᠡ ᠶᠢᠨ ᠶᠤᠰᠤᠯᠠᠯ ᠮᠤᠩᠭᠤᠯ ᠡᠮᠨᠡᠯᠭᠡ ᠶᠢᠨ ᠬᠤᠷᠢᠶᠠᠨ ᠤ ᠬᠤᠷᠠᠯ ᠤᠨ ᠲᠠᠰᠤᠭ ᠲᠤ ᠶᠠᠪᠤᠭᠳᠠᠭᠰᠠᠨ ᠪᠠᠶᠢᠨ᠎ᠠ᠃      ᠮᠤᠩᠭᠤᠯ ᠡᠮ ᠡᠮᠨᠡᠯᠭᠡ ᠶᠢᠨ ᠬᠤᠪᠢᠶᠠᠷᠢ ᠨᠡᠶᠢᠭᠡᠮᠯᠢᠭ ᠤᠨ ᠡᠯ᠎ᠡ ᠪᠦᠷᠢᠯᠳᠦᠭᠦᠨ ᠨᠢᠭᠡᠴᠡ ᠶᠢᠨ ᠲᠤᠰᠬᠠᠢ ᠮᠡᠷᠭᠡᠵᠢᠯᠳᠡᠨ᠂ ᠬᠤᠳᠠ ᠶᠢᠨ ᠤᠳᠤᠷᠢᠳᠤᠯᠭ᠎ᠠ ᠵᠤᠤ ᠵᠢᠶᠦ᠋ᠨ᠂ ᠼᠧᠩ ᠰᠢᠶᠠᠨ ᠴᠠᠩ᠂ ᠬᠤᠰᠢᠭᠤᠨ ᠤ ᠤᠳᠤᠷᠢᠳᠤᠯᠭ᠎ᠠ ᠵᠢᠶᠠ ᠪᠤᠤ ᠯᠢᠶᠠᠩ᠂ ᠯᠢ ᠶᠦᠨ ᠰᠢᠨ᠂ ᠵᠠᠩ ᠪᠠᠭᠠᠨ᠎ᠠ᠂ ᠰᠤ᠋ ᠷᠦᠢ ᠹᠧᠩ᠂ ᠵᠤᠤ ᠯᠢᠶᠠᠩ᠂ ᠡᠦ ᠼᠦᠨ ᠪᠤᠤ᠂ ᠲᠠᠢ ᠬᠠᠢ ᠶᠠᠨ ᠡᠬᠢᠯᠡᠯᠳᠡ ᠶᠢᠨ ᠶᠤᠰᠤᠯᠠᠯ ᠳᠤ ᠤᠷᠤᠯᠴᠠᠵᠦ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠲᠠᠷᠤᠭ᠎ᠠ ᠱᠢ ᠵᠦᠩ ᠴᠢᠨ ᠡᠬᠢᠯᠡᠯᠳᠡ ᠶᠢᠨ ᠶᠤᠰᠤᠯᠠᠯ ᠢ ᠡᠷᠬᠢᠯᠡᠪᠡ᠃
微信图片_20230406113751.jpg
      ᠶᠤᠰᠤᠯᠠᠯ ᠲᠡᠭᠡᠷ᠎ᠡ᠂ ᠵᠠᠩ ᠪᠠᠭᠠᠨ᠎ᠠ ᠡᠯ᠎ᠡ ᠲᠤᠰᠬᠠᠢ ᠮᠡᠷᠭᠡᠵᠢᠯᠳᠡᠨ ᠤ ᠬᠦᠷᠦᠯᠴᠡᠨ ᠢᠷᠡᠭᠰᠡᠨ ᠢ ᠬᠠᠯᠠᠭᠤᠨ  ᠢᠶᠠᠷ ᠤᠭᠳᠤᠵᠦ ᠪᠠᠶᠢᠬᠤ ᠪᠠᠨ ᠢᠯᠡᠳᠭᠡᠬᠦ ᠶᠢᠨ ᠬᠠᠮᠳᠦ ᠡᠮᠨᠡᠯᠭᠡ ᠶᠢᠨ ᠬᠠᠮᠳᠤᠷᠠᠭᠰᠠᠨ ᠴᠤᠭᠴᠠ ᠶᠢᠨ ᠪᠠᠶᠢᠭᠤᠯᠤᠯᠳᠠ ᠪᠤᠯ ᠤᠯᠤᠰ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠵᠢᠭᠠᠪᠤᠷᠦ ᠶᠢᠨ ᠵᠤᠷᠢᠭ ᠰᠠᠨᠠᠭ᠎ᠠ ᠪᠠᠷ ᠠᠷᠠᠳ ᠣᠯᠠᠨ ᠳᠤ ᠨᠡᠩ ᠰᠠᠶᠢᠨ ᠦᠢᠯᠡᠴᠢᠯᠡᠬᠦ ᠴᠢᠬᠤᠯᠠ ᠠᠷᠭ᠎ᠠ ᠬᠡᠮᠵᠢᠶ᠎ᠡ ᠪᠤᠯᠤᠨ᠎ᠠ᠃ ᠲᠤᠰ ᠤᠳᠠᠭᠠᠨ ᠤ ᠡᠬᠢᠯᠡᠯᠳᠡ ᠶᠢᠨ ᠶᠤᠰᠤᠯᠠᠯ ᠨᠢ ᠮᠠᠨ ᠤ ᠡᠮ ᠡᠮᠨᠡᠯᠭᠡ ᠶᠢᠨ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠬᠦ᠂ ᠡᠪᠡᠳᠴᠢᠳᠡᠨ ᠢ ᠪᠦᠳᠦᠮᠵᠢᠳᠡᠢ ᠠᠪᠤᠷᠠᠨ ᠵᠠᠰᠠᠬᠤ ᠶᠢ ᠪᠠᠳᠤᠯᠠᠬᠤ ᠶᠢᠨ ᠬᠠᠮᠳᠦ ᠬᠠᠮᠳᠦ ᠪᠠᠷ ᠪᠠᠶᠢᠭᠤᠯᠬᠤ ᠶᠢ ᠪᠡᠶᠡᠯᠡᠭᠦᠯᠵᠦ᠂ ᠮᠠᠨ ᠤ ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶ᠎ᠠ ᠶᠢᠨ ᠡᠮ ᠡᠮᠨᠡᠯᠭᠡ ᠶᠢᠨ ᠮᠡᠷᠭᠡᠵᠢᠯ ᠤᠨ ᠬᠢᠷᠢ ᠬᠡᠮᠵᠢᠶ᠎ᠡ ᠶᠢ ᠲᠡᠭᠡᠭᠰᠢᠯᠡᠭᠦᠯᠬᠦ ᠳᠤ ᠴᠢᠬᠤᠯᠠ ᠠᠴᠢ ᠬᠤᠯᠪᠤᠭᠳᠠᠯ ᠲᠠᠢ ᠶᠤᠮ᠃ ᠡᠮᠨᠡᠯᠭᠡ ᠶᠢᠨ ᠬᠠᠮᠳᠤᠷᠠᠭᠰᠠᠨ ᠴᠤᠭᠴᠠ ᠶᠢᠨ ᠪᠠᠶᠢᠭᠤᠯᠤᠯᠳᠠ ᠪᠠᠷ ᠰᠢᠪᠳᠤᠯᠤᠯᠳᠠ ᠶᠢᠨ ᠴᠤᠭᠴᠠ ᠪᠠ ᠦᠢᠯᠡᠴᠢᠯᠡᠭᠡᠨ ᠤ ᠬᠠᠮᠳᠦ  ᠶᠢᠨ ᠴᠤᠭᠴᠠ︾ ᠶᠢᠨ ᠬᠠᠮᠢᠶᠠᠷᠤᠯᠳᠠ ᠶᠢᠨ ᠪᠠᠶᠢᠭᠤᠯᠤᠯ ᠢ ᠢᠳᠡᠪᠬᠢᠳᠡᠢ ᠰᠦᠪᠡᠭᠴᠢᠯᠡᠨ ᠪᠠᠶᠢᠭᠤᠯᠵᠦ᠂ ᠡᠮᠴᠢᠯᠡᠭᠡᠨ  ᠤ ᠬᠤᠯᠪᠤᠭ᠎ᠠ ᠶᠢᠨ ᠲᠤᠳᠤᠭᠠᠳᠦ ᠶᠢᠨ ᠡᠬᠢ ᠪᠠᠶᠠᠯᠢᠭ ᠢ ᠬᠠᠮᠳᠤᠪᠠᠷ ᠡᠳ᠋ᠯᠡᠬᠦ᠂ ᠦᠨᠳᠦᠷ ᠪᠦᠳᠦᠮᠵᠢᠳᠡᠢ ᠠᠵᠢᠯᠯᠠᠬᠤ  ᠶᠢ ᠠᠬᠢᠭᠤᠯᠤᠭᠰᠠᠨ ᠪᠠᠶᠢᠨ᠎ᠠ ᠭᠡᠵᠡᠢ᠃
      ᠲᠤᠰ ᠣᠳᠠᠭᠠᠨ ᠤ ᠠᠯᠪᠠᠨ ᠵᠢᠷᠤᠮ ᠤᠨ ᠡᠮᠴᠢᠯᠡᠭᠡ ᠪᠤᠯᠤᠨ ᠡᠮᠨᠡᠯᠭᠡ ᠶᠢᠨ ᠬᠠᠮᠳᠤᠷᠠᠭᠰᠠᠨ ᠴᠤᠭᠴᠠ ᠶᠢ ᠬᠠᠮᠳᠤᠪᠠᠷ ᠪᠠᠶᠢᠭᠤᠯᠬᠤ ᠶᠢᠨ ᠠᠬᠢᠭᠤᠯᠤᠭᠴᠢ᠂ ᠦᠪᠡᠷᠳᠡᠭᠡᠨ ᠵᠠᠰᠠᠬᠤ ᠤᠷᠤᠨ ᠤ ᠮᠤᠩᠭᠤᠯ ᠡᠮ ᠡᠮᠨᠡᠯᠭᠡ ᠶᠢᠨ ᠬᠠᠮᠵᠢᠯᠴᠠᠨ ᠰᠢᠨ᠎ᠡ ᠶᠢ ᠡᠭᠦᠳᠬᠦ ᠲᠦᠪ ᠤᠨ ᠡᠷᠬᠢᠯᠡᠭᠴᠢ᠂ ᠲᠤᠮᠳᠠᠳᠦ ᠤᠯᠤᠰ ᠤᠨ ᠦᠨᠳᠦᠰᠦᠳᠡᠨ ᠤ ᠡᠮ ᠡᠮᠨᠡᠯᠭᠡ  ᠶᠢᠨ ᠨᠡᠶᠢᠭᠡᠮᠯᠢᠭ ᠤᠨ ᠮᠤᠩᠭᠤᠯ ᠡᠮ ᠡᠮᠨᠡᠯᠭᠡ ᠶᠢᠨ ᠬᠤᠪᠢᠶᠠᠷᠢ ᠨᠡᠶᠢᠭᠡᠮᠯᠢᠭ ᠤᠨ ᠲᠠᠷᠤᠭ᠎ᠠ ᠤᠯᠠᠭᠠᠨ ᠶᠠᠷᠢᠶᠠᠨ ᠳᠠᠭᠠᠨ ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶ᠎ᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠲᠠᠯ᠎ᠠ ᠶᠢᠨ ᠪᠦᠳᠦᠭᠡᠨ ᠪᠠᠶᠢᠭᠤᠯᠤᠯᠳᠠ ᠪᠠ ᠬᠦᠭᠵᠢᠯᠳᠡ ᠶᠢ ᠪᠦᠬᠦ ᠬᠦᠴᠦᠨ ᠢᠶᠠᠷ ᠢᠶᠠᠨ ᠲᠠᠮᠵᠢᠵᠦ᠂ ᠡᠯ᠎ᠡ ᠲᠠᠯ᠎ᠠ ᠶᠢᠨ ᠡᠮᠴᠢᠯᠡᠭᠡᠨ ᠤ ᠲᠤᠰᠬᠠᠢ ᠮᠡᠷᠭᠡᠵᠢᠯᠳᠡᠨ ᠴᠢᠳᠠᠪᠤᠷᠢᠳᠠᠨ ᠢ ᠴᠤᠭᠯᠠᠭᠤᠯᠤᠨ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠦᠷᠭᠡᠨ ᠤᠯᠠᠨ ᠲᠦᠮᠡᠨ ᠤ ᠡᠷᠡᠭᠦᠯ ᠮᠡᠨᠳᠦ ᠶᠢᠨ ᠬᠡᠷᠡᠭᠴᠡᠭᠡ ᠳᠤ ᠰᠢᠨ᠎ᠡ ᠬᠦᠳᠡᠯᠭᠡᠭᠦ ᠬᠦᠴᠦᠨ ᠨᠡᠮᠡᠷᠢᠯᠡᠵᠦ᠂ ᠬᠤᠶᠠᠷ ᠲᠠᠯ᠎ᠠ ᠪᠠᠷ ᠢᠶᠠᠨ ᠲᠤᠰ ᠤᠳᠠᠭᠠᠨ ᠤ ᠡᠮᠨᠡᠯᠭᠡ ᠶᠢᠨ ᠬᠠᠮᠳᠤᠷᠠᠭᠰᠠᠨ ᠴᠤᠭᠴᠠ ᠶᠢᠨ ᠬᠠᠮᠳᠤᠷᠠᠯᠴᠠᠭ᠎ᠠ ᠳᠤ ᠦᠨᠡᠨᠬᠦ ᠲᠦᠰᠢᠭᠯᠡᠨ ᠠᠵᠠ ᠲᠤᠬᠢᠶᠠᠯ ᠢ ᠬᠠᠮᠳᠤᠪᠠᠷ ᠪᠠᠶᠢᠭᠤᠯᠵᠦ᠂ ᠰᠢᠨ᠎ᠡ ᠶᠢ ᠡᠭᠦᠳᠬᠦ ᠰᠢᠯᠢᠳᠡᠭ ᠢ ᠡᠭᠦᠳᠴᠦ᠂ ᠬᠠᠷᠢᠯᠴᠠᠨ ᠬᠠᠮᠵᠢᠯᠴᠠᠵᠦ᠂ ᠬᠠᠮᠳᠤᠪᠠᠷ ᠬᠦᠴᠦᠯᠡᠵᠦ᠂ ᠦᠨᠳᠦᠰᠦᠨ ᠱᠠᠳᠤᠨ ᠤ ᠡᠮ ᠡᠮᠨᠡᠯᠭᠡ ᠶᠢᠨ ᠴᠢᠳᠠᠪᠤᠷᠢ ᠶᠢ ᠲᠡᠭᠡᠭᠰᠢᠯᠡᠭᠦᠯᠬᠦ ᠲᠠᠯ᠎ᠠ ᠪᠠᠷ ᠰᠢᠨ᠎ᠡ ᠦᠷ᠎ᠡ ᠪᠦᠳᠦᠮᠵᠢ ᠤᠯᠬᠤ ᠪᠠᠷ ᠴᠢᠷᠮᠠᠶᠢᠨ᠎ᠠ ᠭᠡᠵᠦ ᠢᠯᠡᠳᠭᠡᠭᠰᠡᠨ ᠪᠠᠶᠢᠨ᠎ᠠ᠃      ᠶᠤᠰᠤᠯᠠᠯ ᠲᠡᠭᠡᠷ᠎ᠡ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶ᠎ᠠ᠂ ᠦᠪᠦᠷ ᠮᠤᠩᠭᠤᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠬᠠᠷᠢᠶᠠᠳᠦ ᠡᠮᠨᠡᠯᠭᠡ ᠶᠢᠨ ᠬᠤᠷᠢᠶ᠎ᠠ ᠲᠠᠢ ᠲᠡᠭᠡᠳᠦ ᠲᠠᠪᠬᠤᠷᠭ᠎ᠠ ᠶᠢᠨ ᠬᠠᠮᠵᠢᠯᠴᠠᠬᠤ ᠴᠤᠭᠴᠠ ᠶᠢᠨ ᠬᠡᠯᠡᠯᠴᠡᠭᠡᠷ ᠤᠨ ᠪᠢᠴᠢᠭ᠂ ᠪᠡᠭᠡᠵᠢᠩ ᠶᠡᠭᠡ ᠰᠤᠷᠭᠠᠭᠤᠯᠢ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠶᠢᠨ ᠦᠪᠦᠷ ᠮᠤᠩᠭᠤᠯ ᠤᠨ ᠡᠮᠨᠡᠯᠭᠡ ᠶᠢᠨ ᠬᠤᠷᠢᠶ᠎ᠠ ᠯᠤᠭ᠎ᠠ ᠡᠮᠨᠡᠯᠭᠡ ᠶᠢᠨ ᠬᠤᠯᠪᠤᠭᠠᠳᠦ ᠴᠤᠭᠴᠠ ᠶᠢᠨ ᠵᠦᠳᠡᠯᠴᠡᠭᠡᠷ᠂ ᠦᠪᠦᠷ ᠮᠤᠩᠭᠤᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠬᠠᠷᠢᠶᠠᠳᠦ ᠮᠤᠩᠭᠤᠯ ᠬᠢᠳᠡᠳ ᠡᠮᠨᠡᠯᠭᠡ ᠶᠢᠨ ᠬᠤᠷᠢᠶ᠎ᠠ ᠲᠠᠢ ᠡᠮᠨᠡᠯᠭᠡ ᠶᠢᠨ ᠬᠠᠮᠳᠤᠷᠠᠭᠰᠠᠨ ᠴᠤᠭᠴᠠ ᠶᠢᠨ ᠵᠦᠪᠳᠡᠯᠴᠡᠭᠡᠷ᠂ ᠬᠦᠬᠡᠬᠤᠳᠠ ᠶᠢᠨ ᠮᠤᠩᠭᠤᠯ ᠬᠢᠳᠠᠳ ᠡᠮᠨᠡᠯᠭᠡ ᠶᠢᠨ ᠬᠤᠷᠢᠶ᠎ᠠ ᠲᠠᠢ ᠬᠤᠯᠪᠤᠭ᠎ᠠ ᠶᠢᠨ ᠬᠡᠯᠡᠯᠴᠡᠭᠡᠷ  ᠤᠨ ᠪᠢᠴᠢᠭ ᠲᠤᠭᠳᠠᠪᠠ᠃ ᠲᠠᠷᠠᠭ᠎ᠠ ᠨᠢ ᠪᠠᠰᠠ ᠦᠪᠦᠷ ᠮᠤᠩᠭᠤᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠬᠠᠷᠢᠶᠠᠳᠦ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠳᠡᠨ ᠤ ᠠᠵᠢᠯ ᠤᠨ ᠲᠠᠰᠤᠭ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠠᠨ ᠤᠯᠤᠰ ᠤᠨ ᠮᠤᠩᠭᠤᠯ ᠡᠮᠨᠡᠯᠭᠡ ᠶᠢᠨ ᠬᠤᠷᠢᠶ᠎ᠠ ᠶᠢᠨ ᠡᠮ ᠡᠮᠨᠡᠯᠭᠡ ᠶᠢᠨ ᠲᠡᠭᠡᠳᠦ ᠲᠡᠰ ᠲᠠᠪᠬᠤᠷᠭ᠎ᠠ ᠶᠢᠨ ᠬᠠᠮᠵᠢᠯᠴᠠᠬᠤ ᠴᠤᠭᠴᠠ ᠶᠢᠨ ᠪᠦᠷᠢᠯᠳᠦᠭᠦᠨ ᠨᠢᠭᠡᠴᠡ᠂ ᠦᠪᠦᠷ ᠮᠤᠩᠭᠤᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠬᠠᠷᠢᠶᠠᠳᠦ ᠮᠤᠩᠭᠤᠯ ᠬᠢᠳᠠᠳ ᠡᠮᠨᠡᠯᠭᠡ ᠶᠢᠨ ᠬᠤᠷᠢᠶ᠎ᠠ ᠶᠢᠨ ᠲᠤᠰᠬᠠᠢ ᠮᠡᠷᠭᠡᠵᠢᠯᠳᠡᠨ ᠤ ᠠᠵᠢᠯᠯᠠᠬᠤ ᠲᠠᠰᠤᠭ᠂ ᠤᠯᠤᠰ ᠤᠨ ᠬᠤᠶᠠᠳᠤᠭᠠᠷ ᠲᠡᠰ ᠤᠨ ᠫᠷᠤᠹᠧᠰᠰᠤᠷ ᠲᠡᠮᠦᠷᠪᠠᠭᠠᠨ᠎ᠠ ᠳ᠋ᠤᠺᠲ᠋ᠤᠷ ᠤᠨ ᠠᠵᠢᠯᠯᠠᠬᠤ ᠲᠠᠰᠤᠭ᠂ ᠤᠯᠤᠰ ᠤᠨ ᠬᠤᠶᠠᠳᠤᠭᠠᠷ ᠲᠡᠰ ᠤᠨ ᠫᠷᠦᠹᠧᠰᠰᠤᠷ ᠤᠨ ᠬᠦᠬᠦᠨ ᠪᠤᠯᠴᠢᠷᠬᠠᠢ  ᠶᠢᠨ ᠡᠪᠡᠳᠴᠢᠨ ᠤ ᠨᠡᠷᠡᠳᠦ ᠡᠮᠴᠢ ᠶᠢᠨ ᠠᠵᠢᠯᠠᠯᠠᠬᠤ ᠲᠠᠰᠤᠭ᠂ ᠦᠪᠦᠷ ᠮᠤᠩᠭᠤᠯ ᠤᠨ ᠬᠠᠪᠤᠳᠠᠷ ᠢ ᠰᠡᠷᠭᠡᠶᠢᠯᠡᠨ ᠵᠠᠰᠠᠬᠤ ᠡᠮᠴᠢᠯᠡᠭᠡᠨ ᠤ ᠬᠤᠯᠪᠤᠭᠠᠳᠦ ᠴᠤᠭᠴᠠ ᠶᠢᠨ ᠫᠠᠶᠢᠰᠠ ᠰᠡᠬᠦᠬᠦ ᠶᠤᠰᠤᠯᠠᠯ ᠢ ᠶᠠᠪᠤᠭᠳᠠᠭᠤᠯᠵᠦ᠂ ᠮᠠᠨ ᠤ ᠬᠤᠰᠢᠭᠤᠨ ᠤ ᠤᠮᠠᠷᠠᠳᠦ ᠬᠢᠯᠢ ᠶᠢᠨ ᠬᠢᠳᠠᠳ ᠮᠤᠩᠭᠤᠯ ᠡᠮᠨᠡᠯᠭᠡ ᠶᠢᠨ ᠬᠤᠷᠢᠶᠠᠨ ᠤ ᠡᠮᠨᠡᠯᠭᠡ ᠶᠢᠨ ᠬᠠᠮᠳᠤᠷᠠᠭᠰᠠᠨ ᠴᠤᠭᠴᠠ ᠶᠢᠨ ᠵᠢᠱᠢᠶ᠎ᠡ ᠦᠵᠡᠭᠦᠯᠬᠦ ᠴᠡᠭ ᠢ ᠪᠠᠶᠢᠭᠤᠯᠬᠤ ᠳᠤ ᠪᠠᠳᠤ ᠪᠠᠬᠢ ᠰᠠᠭᠤᠷᠢ ᠲᠠᠯᠪᠢᠪᠠ᠃      ᠲᠤᠰ ᠤᠳᠠᠭᠠᠨ ᠤ ᠡᠮ ᠡᠮᠨᠨᠡᠯᠭᠡ ᠶᠢᠨ ᠬᠠᠮᠳᠤᠷᠠᠭᠰᠠᠨ ᠴᠤᠭᠴᠠ ᠶᠢᠨ ᠪᠠᠶᠢᠭᠤᠯᠤᠯᠳᠠ ᠨᠢ ᠲᠠᠷᠬᠠᠨ ᠮᠤᠤᠮᠢᠩᠭᠠᠨ ᠤ ᠡᠮ ᠡᠮᠨᠡᠯᠭᠡ ᠶᠢᠨ ᠰᠢᠰᠲ᠋ᠧᠮ ᠤᠨ ᠪᠠᠶᠢᠭᠤᠯᠤᠯᠳᠠ ᠰᠢᠨ᠎ᠡ ᠭᠠᠷᠤᠭ᠎ᠠ ᠳᠤ ᠤᠷᠤᠭᠰᠠᠨ ᠢ ᠬᠠᠷᠠᠭᠤᠯᠵᠦ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号