| | ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ | ᠳᠡᠳ᠋ ᠬᠤᠰᠢᠭᠤ ᠳᠠᠷᠤᠭ᠎ᠠ ᠸᠠᠩ ᡁᠢ ᠶᠦᠩ ᠬᠤᠰᠢᠭᠤ ᠳᠠᠷᠤᠭ᠎ᠠ ᠶᠢ ᠬᠠᠪᠰᠤᠷᠤᠨ ᠠᠵᠤ ᠦᠢᠯᠡᠳᠪᠦᠷᠢ᠂ | ᠮᠡᠳᠡᠭᠡ ᠵᠠᠩᠭᠢᠵᠢᠯᠲᠠ᠂ ᠰᠢᠨᠵᠢᠯᠡᠬᠦ ᠤᠬᠠᠭᠠᠨ ᠮᠡᠷᠭᠡᠵᠢᠯ᠂ ᠬᠤᠳᠠᠯᠳᠤᠭᠠᠨ ᠤ ᠶᠠᠪᠤᠳᠠᠯ᠂ ᠠᠷᠠᠯᠵᠢᠶᠠᠴᠢᠨ ᠤᠷᠢᠵᠤ | ᠪᠠᠯᠠ ᠣᠷᠣᠭᠤᠯᠬᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ | ᠃ | ᠬᠤᠪᠢᠳᠠᠨ ᠬᠠᠮᠢᠶᠠᠷᠬᠤ᠄ ᠬᠤᠰᠢᠭᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠬᠤᠰᠢᠭᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︵ᠠᠷᠠᠯᠵᠢᠶ᠎ᠠ | ᠬᠤᠳᠠᠯᠳᠤᠭᠠᠨ ᠤ ᠦᠢᠯᠡᠴᠢᠯᠡᠭᠡᠨ ᠤ ᠦᠢᠯᠡᠰ︶᠂ ᠬᠤᠰᠢᠭᠤ ᠪᠠᠯᠠ ᠣᠷᠣᠭᠤᠯᠤᠯᠲᠠ ᠶᠢ ᠠᠬᠢᠭᠤᠯᠬᠤ ᠲᠥᠪ᠂ | ᠳᠠᠷᠬᠠᠨ ᠮᠤᠤᠮᠢᠩᠭᠠᠨ ᠬᠤᠰᠢᠭᠤᠨ ᠤ ᠰᠠᠢ ᠪᠸᠢ ᠯᠢᠩ ᠲᠥᠮᠥᠰᠥ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢ ᠬᠤᠪᠢᠳᠠᠨ ᠬᠠᠮᠢᠶᠠᠷᠤᠨ᠎ᠡ᠃ | ᠬᠤᠰᠢᠭᠤ ᠳᠠᠷᠤᠭ᠎ᠠ ᠶᠢ ᠬᠠᠮᠵᠢᠨ ᠪᠠᠷᠠᠭᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠪᠤᠭᠤᠲᠤ ᠶᠢᠨ ᠪᠠᠷᠠᠭᠤᠨ ᠠᠵᠤ ᠦᠢᠯᠡᠳᠪᠦᠷᠢ ᠶᠢᠨ ᠨᠡᠭᠡᠭᠡᠨ ᠬᠥᠭᠵᠢᠭᠦᠯᠵᠦ | ᠪᠥᠲᠥᠭᠡᠨ ᠪᠠᠶᠢᠭᠤᠯᠬᠤ ᠬᠢᠵᠠᠭᠠᠷᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃ | ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠬᠤᠰᠢᠭᠤᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠨᠡᠶᠢᠭᠡᠮᠯᠢᠭ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠪᠤᠭᠤᠲᠤ ᠬᠤᠲᠠ ᠶᠢᠨ ᠲᠠᠷᠬᠠᠨ ᠮᠤᠤᠮᠢᠩᠭᠠᠨ ᠤ ᠴᠠᠬᠢᠯᠭᠠᠨ ᠬᠠᠩᠭᠠᠬᠤ ᠬᠤᠪᠢᠶᠠᠷᠢ | ᠺᠣᠮᠫᠠᠨᠢ᠂ ᠪᠤᠭᠤᠲᠤ ᠬᠤᠲᠠ ᠶᠢᠨ ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠪᠴᠢᠨ ᠲᠠᠮᠠᠬᠢ ᠶᠢᠨ | ᠲᠤᠰᠬᠠᠶ ᠬᠤᠳᠠᠯᠳᠤᠭᠠᠨ ᠤ ᠲᠣᠪᠴᠢᠶ᠎ᠠ ︵ᠡᠵᠡᠩᠨᠡᠨ ᠪᠣᠷᠣᠯᠠᠭᠤᠯᠬᠤ ᠬᠡᠯᠲᠡᠰ︶᠂ ᠴᠢᠯᠠᠭᠤᠨ ᠲᠣᠰᠣᠨ ᠤ ᠺᠣᠮᠫᠠᠨᠢ | ᠲᠠᠢ ᠬᠠᠷᠢᠯᠴᠠᠨᠡ᠃ | ᠬᠤᠰᠢᠭᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠭᠡᠨ᠎ᠡ᠃ | | ᠤᠳᠤᠷᠢᠳᠤᠯᠭ᠎ᠠ ᠶᠢᠨ ᠲᠣᠪᠴᠢ ᠨᠠᠮᠲᠠᠷ | ᠸᠠᠩ ᡁᠢ ᠶᠦᠩ᠂ ᠡᠷᠡᠭᠲᠡᠶ᠂ ᠬᠢᠲᠠᠳ ᠦᠨᠳᠦᠰᠦᠲᠡᠨ᠂ ᠥᠪᠥᠷ ᠮᠣᠩᠭᠤᠯ ᠤᠨ ᠲᠦᠮᠡᠳ ᠪᠠᠷᠠᠭᠤᠨ | ᠬᠤᠰᠢᠭᠤᠨ ᠤ ᠬᠥᠮᠦᠨ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ 1980 ᠣᠨ ᠤ 4 ᠰᠠᠷ᠎ᠠ ᠳᠤ | ᠳᠦᠷᠦᠵᠡᠶ᠂ 2016 ᠣᠨ ᠤ 1 ᠰᠠᠷ᠎ᠠ ᠳᠤ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠵᠤ ᠠᠬᠤᠶ ᠶᠢᠨ | ᠬᠠᠮᠢᠶᠠᠷᠤᠯᠲᠠ ᠶᠢᠨ ᠲᠤᠰᠬᠠᠶ ᠮᠡᠷᠭᠡᠵᠢᠯ ᠠᠴᠠ ᠲᠡᠭᠦᠰᠴᠦ᠂ 2001 ᠣᠨ ᠤ 12 ᠰᠠᠷ᠎ᠠ ᠳᠤ ᠠᠵᠢᠯ ᠳᠤ ᠣᠷᠣᠵᠤ᠂ | ᠣᠲᠣ ᠳᠠᠷᠬᠠᠨ ᠮᠤᠤᠮᠢᠩᠭᠠᠨ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠲᠤᠰᠢᠶᠠᠯ ᠲᠠᠢ᠃ | 1996.09-2000.07 ᠪᠤᠭᠤᠲᠤ ᠶᠢᠨ ᠲᠠᠷᠢᠶᠠᠯᠠᠩ ᠮᠠᠯ ᠠᠵᠤ ᠠᠬᠤᠶ ᠶᠢᠨ ᠰᠤᠷᠭᠠᠭᠤᠯᠢ ᠶᠢᠨ ᠰᠢᠶᠠᠩ | ᠪᠠᠯᠭᠠᠰᠤᠨ ᠤ ᠠᠵᠤ ᠠᠬᠤᠶᠢᠯᠠᠯ ᠤᠨ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠳᠤ ᠰᠤᠷᠤᠯᠴᠠᠪᠠ | 2000.07-2001.12 ᠲᠦᠮᠡᠳ ᠪᠠᠷᠠᠭᠤᠨ ᠬᠤᠰᠢᠭᠤᠨ ᠤ ᠱᠠ ᠬᠠᠶ ᠽᠢ ᠰᠢᠶᠠᠩ ᠤᠨ ᠨᠠᠮ | ᠵᠠᠰᠠᠭ ᠤᠨ ᠠᠯᠪᠠᠨ ᠬᠡᠷ ᠤᠨ ᠨᠠᠷᠢᠨ ᠪᠢᠴᠢᠭᠡᠴᠢ | 2001.12-2004.03 ᠲᠦᠮᠡᠳ ᠪᠠᠷᠠᠭᠤᠨ ᠬᠤᠰᠢᠭᠤᠨ ᠤ ᠳ᠋ᠠ ᠴᠧᠩ ᠰᠢ ᠰᠢᠶᠠᠩ ᠳᠤ ᠠᠵᠢᠯᠯᠠᠵᠤ᠂ | ᠨᠠᠮ ᠵᠠᠰᠠᠭ ᠤᠨ ᠠᠯᠪᠠᠨ ᠬᠡᠷ ᠤᠨ ᠶᠡᠷᠦᠩᠬᠡᠶᠢᠯᠡᠭᠰᠡᠨ ᠨᠠᠷᠢᠨ ᠪᠢᠴᠢᠭᠡᠴᠢ᠂ ᠬᠠᠤᠯᠢ ᠴᠠᠭᠠᠵᠠ ᠶᠢᠨ ᠲᠤᠰᠠᠯᠠᠭᠴᠢ ᠶᠢᠨ | ᠲᠤᠰᠢᠶᠠᠯ ᠢ ᠬᠠᠷᠢᠭᠤᠴᠠᠪᠠ | 2004.03 — 2005.08 ᠲᠦᠮᠡᠳ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ | ᠨᠢᠭᠡᠳᠦᠮᠡᠯ ᠹᠷᠣᠨᠲ ᠤᠨ ᠬᠡᠯᠲᠡᠰ ᠤᠨ ᠠᠯᠪᠠᠨ ᠬᠡᠷ ᠤᠨ ᠨᠠᠷᠢᠨ ᠪᠢᠴᠢᠭᠡᠴᠢ᠂ ᠡᠷᠬᠢᠯᠡᠭᠴᠢ ︵ᠡᠨᠡ ᠬᠤᠭᠤᠴᠠᠭᠠᠨ ᠳᠤ | ᠄ 2002.09 —2005.06 ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠵᠠᠬᠢᠳᠠᠯ ᠢᠶᠠᠷ | ᠰᠤᠷᠤᠯᠴᠠᠬᠤ ᠳᠡᠭᠡᠳᠦ ᠰᠤᠷᠭᠠᠭᠤᠯᠢ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠤᠨ ᠠᠩᠭᠢ | ᠳᠤ ᠰᠤᠷᠤᠯᠴᠠᠪᠠ︶ | | 2005.08-2006.02 ᠲᠦᠮᠡᠳ ᠪᠠᠷᠠᠭᠤᠨ ᠬᠤᠰᠢᠭᠤᠨ ᠤ ᠮᠸᠢ ᠳ᠋ᠠᠢ ᠵᠣᠤ ᠪᠠᠯᠭᠠᠰᠤᠨ ᠤ ᠳᠡᠳ᠋ | ᠳᠠᠷᠤᠭ᠎ᠠ | 2006.02 — 2008.05 ᠲᠦᠮᠡᠳ ᠪᠠᠷᠠᠭᠤᠨ ᠬᠤᠰᠢᠭᠤᠨ ᠤ ᠰᠢᠨ᠎ᠡ ᠬᠡᠯᠪᠡᠷᠢ ᠶᠢᠨ ᠠᠵᠤ | ᠦᠢᠯᠡᠳᠪᠦᠷᠢ ᠶᠢᠨ ᠰᠠᠭᠤᠷᠢᠨ ᠭᠠᠵᠠᠷ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ︵ᠡᠨᠡ | ᠬᠤᠭᠤᠴᠠᠭᠠᠨ ᠳᠤ᠄ 2005.01 — 2008.01 ᠥᠪᠥᠷ ᠮᠣᠩᠭᠤᠯ ᠤᠨ ᠪᠠᠭᠰᠢ ᠶᠢᠨ ᠶᠡᠭᠡ | ᠰᠤᠷᠭᠠᠭᠤᠯᠢ ᠶᠢᠨ ᠲᠡᠤᠬᠡ ᠶᠢᠨ ᠤᠬᠠᠭᠠᠨ ᠤ ᠲᠤᠰᠬᠠᠶ ᠮᠡᠷᠭᠡᠵᠢᠯ ᠤᠨ ᠵᠢᠩᠬᠢᠨᠢ ᠠᠩᠭᠢ ᠳᠤ ᠰᠤᠷᠤᠯᠴᠠᠪᠠ︶ | 2008.05-2015.06 ᠲᠦᠮᠡᠳ ᠪᠠᠷᠠᠭᠤᠨ ᠬᠤᠰᠢᠭᠤᠨ ᠤ ᠰᠢᠨ᠎ᠡ ᠬᠡᠯᠪᠡᠷᠢ ᠶᠢᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠶᠡᠷᠦᠩᠬᠡᠶ ᠬᠡᠯᠲᠡᠰ ᠤᠨ ᠳᠠᠷᠤᠭ᠎ᠠ | ︵ᠡᠨᠡ ᠬᠤᠭᠤᠴᠠᠭᠠᠨ ᠳᠤ᠄ 2010.04-2010.07 ᠭᠤᠸᠠᠩᠳᠦ᠋ᠩ ᠮᠤᠵᠢ ᠶᠢᠨ ᠵᠣᠣ ᠴᠢᠩ ᠬᠤᠲᠠ ᠶᠢᠨ ᠰᠧ | ᠬᠤᠶ ᠬᠤᠲᠠ ᠳᠤ ᠲᠤᠰᠢᠶᠠᠯ ᠡᠭᠦᠷᠭᠡᠯᠡᠨ᠂ ᠨᠠᠨᠵᠢᠶᠠᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠢᠨ ᠲᠤᠰᠠᠯᠠᠭᠴᠢ ᠪᠣᠯᠪᠠ︶ | 2015.06 — 2022.01 ᠲᠦᠮᠡᠳ ᠪᠠᠷᠠᠭᠤᠨ ᠬᠤᠰᠢᠭᠤᠨ ᠤ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠶᠢᠨ ᠲᠡᠷᠢᠭᠦᠯᠡᠭᠴᠢ ︵ᠡᠨᠡ ᠬᠤᠭᠤᠴᠠᠭᠠᠨ ᠳᠤ᠄ 2013.08 — 2016.01 ᠥᠪᠥᠷ | ᠮᠣᠩᠭᠤᠯ ᠤᠨ ᠨᠠᠮ ᠤᠨ ᠰᠤᠷᠭᠠᠭᠤᠯᠢ ᠶᠢᠨ ᠠᠵᠤ ᠠᠬᠤᠶ ᠶᠢᠨ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠳᠤ | ᠰᠤᠷᠤᠯᠴᠠᠪᠠ︔ 2015. 03 — 2015. 06 ᠪᠤᠭᠤᠲᠤ ᠬᠤᠲᠠ ᠶᠢᠨ 30 ᠳ᠋ᠤᠭᠠᠷ ᠬᠤᠭᠤᠴᠠᠭᠠᠨ ᠤ | ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠳᠤ ᠰᠤᠷᠤᠯᠴᠠᠪᠠ︶ | 2022.01 — 2022.12 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠤᠰ | ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠦᠢᠯᠡᠳᠪᠦᠷᠢ ᠬᠤᠳᠠᠯᠳᠤᠭᠠᠴᠢᠳ ᠤᠨ ᠬᠤᠯᠪᠣᠭᠠᠲᠤ ᠡᠪᠯᠡᠯ ᠤᠨ | ᠲᠡᠷᠢᠭᠦᠯᠡᠭᠴᠢ | 2022.12 — ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠡᠳ᠋ ᠳᠠᠷᠤᠭ᠎ᠠ | |