ᠬᠠᠪᠤᠷ ᠤᠨ ᠤᠯᠠᠷᠢᠯ ᠳᠤ ᠨᠤᠷᠦ ᠸᠢᠷᠦ᠋ᠰ ᠤᠨ ᠬᠠᠯᠳᠠᠪᠤᠷᠢᠯᠠᠯ ᠢ ᠬᠡᠷᠬᠢᠨ ᠰᠡᠷᠭᠡᠶᠢᠯᠡᠬᠦ ᠪᠤᠢ︖
ᠨᠡᠶᠢᠲᠡᠯᠡᠭᠰᠡᠨ ᠴᠠᠭ᠄
2023/3/3
      ᠬᠠᠪᠤᠷ ᠤᠨ ᠡᠬᠢ ᠪᠤᠯᠬᠤ ᠳᠤ᠂ ᠠᠭᠠᠷ ᠤᠨ ᠲᠤᠯᠠᠭᠠᠨ ᠤ ᠬᠤᠪᠢᠷᠠᠯᠳᠠ ᠨᠡᠯᠢᠶᠡᠳ ᠶᠡᠭᠡ ᠪᠠᠶᠢᠵᠦ᠂ ᠨᠤᠷᠤ ᠸᠢᠷᠦ᠋ᠰ ᠤᠨ ᠬᠠᠯᠳᠠᠪᠤᠷᠢᠯᠠᠯ ᠨᠢ ᠤᠷᠬᠢᠯ ᠤᠨ ᠬᠤᠭᠤᠴᠠᠭᠠᠨ ᠳᠤ ᠤᠷᠤᠭᠰᠠᠨ ᠪᠠᠶᠢᠨ᠎ᠠ᠃ ᠨᠤᠷᠤ ᠸᠢᠷᠦ᠋ᠰ ᠤᠨ ᠬᠠᠯᠳᠠᠪᠤᠷᠢᠯᠠᠯ ᠢ ᠢᠯᠡᠷᠡᠯ ᠠᠴᠠ ᠨᠢ ᠬᠦᠩᠭᠡᠨ ᠪᠤᠶᠤ ᠬᠦᠨᠳᠦ ᠭᠡᠵᠦ ᠬᠤᠪᠢᠶᠠᠳᠠᠭ᠃ ᠡᠪᠡᠳᠴᠢᠨ ᠤ ᠢᠯᠡᠷᠡᠯ ᠨᠢ ᠤᠯᠠᠩᠭᠢ ᠳᠠᠭᠠᠨ ᠪᠡᠭᠡᠯᠵᠢᠵᠦ ᠰᠠᠭᠤᠯᠭᠠᠨ᠎ᠠ᠂ ᠤᠨᠴᠠ ᠵᠠᠷᠢᠮ ᠬᠦᠨᠳᠦ ᠡᠪᠡᠳᠴᠢᠳᠡᠨ ᠨᠢ ᠪᠠᠰᠠ ᠬᠠᠯᠠᠭᠤᠷᠠᠬᠤ ᠪᠠᠶᠢᠳᠠᠯ ᠭᠠᠷᠳᠠᠭ᠃ ᠨᠤᠷᠤ ᠸᠢᠷᠦ᠋ᠰ ᠬᠠᠯᠳᠠᠪᠤᠷᠢᠯᠠᠭᠳᠠᠭᠰᠠᠨ ᠤ ᠰᠡᠭᠦᠯᠡᠷ᠂ ᠲᠡᠵᠢᠭᠡᠯ ᠤᠨ ᠰᠢᠩᠭᠡᠨ ᠢ ᠭᠦᠢᠴᠡᠳ ᠶᠡᠭᠦᠯᠡᠵᠦ᠂ ᠤᠨᠳᠠᠵᠦ ᠠᠮᠠᠷᠠᠬᠤ ᠪᠠᠨ ᠠᠩᠬᠠᠷᠤᠨ᠂ ᠡᠪᠡᠳᠴᠢᠳᠡᠨ ᠳᠤ ᠰᠢᠬᠢᠷ ᠲᠠᠪᠤᠰᠦ ᠲᠠᠢ ᠤᠰᠤ ᠤᠤᠭᠤᠯᠭᠠᠬᠤ ᠪᠤᠶᠤ ᠰᠢᠩᠭᠡᠨ ᠲᠠᠪᠤᠰᠦ ᠶᠡᠭᠦᠯᠡᠬᠦ ᠠᠷᠭ᠎ᠠ ᠶᠢ ᠬᠡᠷᠡᠭᠯᠡᠨ᠎ᠡ᠂ ᠬᠡᠷᠪᠡ ᠡᠪᠡᠳᠴᠢᠳᠡᠨ ᠤᠨᠴᠠᠭᠠᠶᠢᠯᠠᠨ ᠬᠡᠥᠬᠡᠳ ᠨᠠᠰᠤᠳᠠᠶᠢᠴᠤᠳ ᠴᠢᠷᠠᠢ ᠨᠢ ᠪᠠᠯᠠᠷᠬᠠᠶᠢᠰᠢᠬᠤ᠂ ᠪᠦᠬᠦ ᠪᠡᠶ᠎ᠡ ᠨᠢ ᠬᠦᠴᠦ ᠦᠭᠡᠢ ᠪᠤᠯᠬᠤ᠂ ᠨᠢᠳᠦ ᠠᠮᠠ ᠨᠢ ᠬᠠᠳᠠᠬᠤ ᠵᠡᠷᠭᠡ ᠪᠠᠶᠢᠳᠠᠯ ᠢᠯᠡᠷᠡᠪᠡᠯ᠂ ᠴᠢᠰᠤᠨ ᠲᠠᠷᠤᠯᠳᠠ ᠨᠢ ᠲᠤᠤᠷ᠎ᠠ ᠪᠤᠯᠤᠭᠰᠠᠨ ᠪᠠᠶᠢᠵᠦ ᠮᠡᠳᠡᠨ᠎ᠡ᠃ ᠨᠤᠷᠤ ᠸᠢᠷᠦᠰ ᠪᠤᠯ ᠦᠪᠡᠷ ᠤᠨ ᠬᠢᠵᠠᠭᠠᠷᠳᠦ ᠴᠢᠨᠠᠷᠳᠡᠢ ᠡᠪᠡᠳᠴᠢᠨ ᠳᠤ ᠲᠤᠭᠠᠴᠠᠭᠳᠠᠨ᠎ᠠ᠂ ᠶᠡᠷᠦ ᠳᠡᠭᠡᠨ3 —5 ᠡᠳᠦᠷ ᠲᠤ ᠦᠪᠡᠷ  ᠢᠶᠠᠨ ᠡᠳᠡᠭᠡᠷᠡᠳᠡᠭ᠃ ᠡᠪᠡᠳᠴᠢᠨ ᠡᠭᠦᠳᠬᠦ ᠶᠠᠪᠤᠴᠠ ᠳᠤ ᠡᠪᠡᠳᠴᠢᠨ ᠳᠤᠨᠢ ᠲᠠᠭᠠᠷᠠᠭᠤᠯᠵᠦ ᠡᠮᠨᠡᠨ ᠵᠠᠰᠠᠪᠠᠯ ᠪᠤᠯᠴᠢᠬᠠᠨ᠎ᠠ᠂ ᠢᠳᠡᠭᠡᠨ ᠤᠮᠳᠠᠭᠠᠨ ᠤ ᠲᠠᠯ᠎ᠠ ᠪᠠᠷ ᠵᠦᠭᠡᠯᠡᠨ ᠪᠤᠶᠤ ᠰᠢᠩᠭᠡᠨ ᠢᠳᠡᠭᠡᠨ ᠢᠳᠡᠬᠦ ᠶᠢ ᠠᠩᠬᠠᠷᠬᠤ ᠶᠢᠨ ᠬᠠᠮᠳᠦ ᠤᠯᠠᠨ ᠤᠳᠠᠭ᠎ᠠ ᠪᠠᠷ ᠪᠠᠭ᠎ᠠ ᠢᠳᠡᠨ᠎ᠡ᠃      ᠨᠤᠷᠤ ᠸᠢᠷᠦ᠋ᠰ ᠢ ᠰᠡᠷᠭᠡᠶᠢᠯᠡᠬᠦ ᠳᠤ ᠬᠤᠪᠢ ᠬᠦᠮᠦᠨ ᠡᠷᠡᠭᠦᠯ ᠬᠠᠮᠠᠭᠠᠯᠠᠯ ᠢ ᠰᠠᠶᠢᠳᠤᠷ ᠬᠢᠵᠦ᠂ ᠢᠳᠡᠭᠡᠨ ᠤᠮᠳᠠᠭᠠᠨ ᠢᠶᠠᠨ ᠰᠠᠶᠢᠳᠤᠷ ᠠᠩᠬᠠᠷᠴᠦ᠂ ᠡᠪᠡᠳᠴᠢᠨ ᠠᠮᠠ ᠪᠠᠷ ᠤᠷᠤᠬᠤ ᠶᠢ ᠰᠡᠷᠭᠡᠶᠢᠯᠡᠬᠦ ᠬᠡᠷᠡᠭᠳᠡᠢ᠃ ᠡᠭᠦᠨ ᠠᠴᠠ ᠭᠠᠳᠠᠨ᠎ᠠ᠂ ᠭᠠᠷ ᠤᠨ ᠡᠷᠡᠭᠦᠯ ᠬᠠᠮᠠᠭᠠᠯᠠᠯ ᠢ ᠰᠠᠶᠢᠳᠤᠷ ᠬᠢᠵᠦ ᠭᠠᠷ ᠢᠶᠠᠨ ᠦᠷᠭᠦᠯᠵᠢ ᠤᠬᠢᠶᠠᠵᠦ᠂ ᠤᠨᠴᠠᠭᠠᠶᠢᠯᠠᠨ ᠪᠡᠶ᠎ᠡ ᠵᠠᠰᠠᠭᠰᠠᠨ ᠤ ᠲᠠᠷᠠᠭ᠎ᠠ ᠭᠠᠷ ᠢᠶᠠᠨ ᠰᠠᠶᠢᠳᠤᠷ ᠤᠬᠢᠶᠠᠬᠤ ᠬᠡᠷᠡᠭᠳᠡᠢ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号