ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ︽ᠠᠶᠢᠪᠠᠭ᠎ᠠ ᠶᠢᠨ ᠬᠤᠷᠳᠦ ᠬᠤᠨᠳᠠᠭᠠᠳᠦ︾ ᠬᠤᠷᠳᠤᠨ ᠮᠤᠷᠢ ᠪᠠ ᠵᠢᠷᠤᠭ᠎ᠠ ᠮᠤᠷᠢᠨ ᠤ ᠤᠷᠤᠯᠳᠤᠭᠠᠨ ᠡᠷᠬᠢᠯᠡᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2023/3/30
      3 ᠰᠠᠷ᠎ᠠ ᠶᠢᠨ29 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ︽ᠠᠶᠢᠪᠠᠭ᠎ᠠ ᠶᠢᠨ ᠬᠤᠷᠳᠦ ᠬᠤᠨᠳᠠᠭᠠᠳᠦ︾ ᠬᠤᠷᠳᠤᠨ ᠮᠤᠷᠢ ᠪᠠ ᠵᠢᠷᠤᠭ᠎ᠠ ᠮᠤᠷᠢᠨ ᠤ ᠤᠷᠤᠯᠳᠤᠭᠠᠨ ᠪᠠᠳᠤᠬᠠᠭᠠᠯᠭ᠎ᠠ ᠶᠢᠨ ᠨᠠᠭᠠᠳᠤᠮ ᠰᠤᠶᠤᠯ ᠤᠨ ᠠᠵᠦ ᠦᠢᠯᠡᠰ ᠤᠨ ᠲᠤᠭᠤᠷᠢᠭ ᠲᠤ ᠶᠠᠪᠤᠭᠳᠠᠭᠰᠠᠨ ᠪᠠᠶᠢᠨ᠎ᠠ᠃      ᠤᠷᠤᠯᠳᠤᠭᠠᠨ ᠳᠤ3200 ᠮᠧᠲᠷ ᠤᠨ ᠬᠤᠷᠳᠤᠨ ᠮᠤᠷᠢᠨ ᠤ ᠤᠷᠤᠯᠳᠤᠭᠠᠨ᠂6400 ᠮᠧᠲᠷ ᠤᠨ ᠬᠤᠷᠳᠤᠨ ᠮᠤᠷᠢᠨ ᠤ ᠤᠷᠤᠯᠳᠤᠭᠠᠨ᠂1600 ᠮᠧᠲᠷ ᠤᠨ ᠵᠢᠷᠤᠭ᠎ᠠ ᠮᠤᠷᠢᠨ ᠤ ᠤᠷᠤᠯᠳᠤᠭᠠᠨ᠂3200 ᠮᠧᠲᠷ  ᠤᠨ ᠵᠢᠷᠤᠭ᠎ᠠ ᠮᠤᠷᠢᠨ ᠤ ᠤᠷᠤᠯᠳᠤᠭᠠᠨ ᠶᠠᠪᠤᠭᠳᠠᠵᠦ᠂3200 ᠮᠧᠲᠷ ᠤᠨ ᠬᠤᠷᠳᠤᠨ ᠮᠤᠷᠢᠨ ᠤ ᠤᠷᠤᠯᠳᠤᠭᠠᠨ ᠳᠤ ᠤᠷᠳᠤᠰ ᠬᠤᠳᠠ ᠶᠢᠨ ᠪᠤᠶᠠᠨ ᠤ ᠮᠤᠷᠢ᠂6400 ᠮᠧᠲᠷ ᠤᠨ ᠬᠤᠷᠳᠤᠨ ᠮᠤᠷᠢᠨ ᠤ ᠤᠷᠤᠯᠳᠤᠭᠠᠨ ᠳᠤ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠴᠠᠭᠠᠠᠬᠠᠳᠠ ᠰᠤᠮᠤᠨ ᠤ ᠠᠳᠢᠶ᠎ᠠ ᠶᠢᠨ ᠰᠠᠷᠠ ᠲᠠᠢ ᠬᠦᠷᠡᠩ᠂1600 ᠮᠧᠲᠷ ᠤᠨ ᠵᠢᠷᠤᠭ᠎ᠠ ᠮᠤᠷᠢᠨ ᠤ ᠤᠷᠤᠯᠳᠤᠭᠠᠨ ᠳᠤ ᠬᠦᠬᠡᠬᠤᠳᠠ ᠶᠢᠨ ᠮᠧᠩ ᠼᠤᠤ ᠺᠤᠮᠫᠠᠨᠢ ᠶᠢᠨ ᠮᠤᠷᠢ᠂3200 ᠮᠧᠲᠷ ᠤᠨ ᠵᠢᠷᠤᠭ᠎ᠠ ᠮᠤᠷᠢᠨ ᠤ ᠤᠷᠤᠯᠳᠤᠭᠠᠨ ᠳᠤ ᠬᠦᠬᠡᠬᠤᠳᠠ ᠶᠢᠨ ᠮᠧᠩ ᠼᠤᠤ ᠺᠤᠮᠫᠠᠨᠢ ᠶᠢᠨ ᠮᠤᠷᠢ ᠲᠤᠰ ᠲᠤᠰ ᠠᠶᠢᠷᠠᠭ ᠤᠨ ᠮᠠᠩᠯᠠᠢ ᠳᠤ ᠲᠤᠳᠤᠷᠠᠵᠦ᠂ ᠤᠶᠠᠭᠰᠠᠨ ᠡᠵᠡᠨ ᠢᠶᠠᠨ ᠪᠠᠶᠠᠷᠯᠠᠭᠤᠯᠵᠦ ᠬᠤᠷᠠᠭᠰᠠᠨ ᠤᠯᠠᠨ ᠢᠶᠠᠨ ᠪᠠᠶᠠᠰᠬᠠᠭᠰᠠᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号