ᠮᠤᠩᠭᠤᠯ ᠦᠨᠳᠦᠰᠦᠳᠡᠨ ᠤ ᠬᠡᠥᠬᠡᠳ ᠤᠨ ᠴᠡᠴᠡᠷᠯᠢᠭ ᠤᠨ ᠦᠪᠡᠷᠮᠢᠴᠡ ᠤᠨᠴᠠᠯᠢᠭ ᠲᠠᠢ ᠬᠢᠴᠢᠶᠡᠯ ᠨᠢ ᠬᠡᠥᠬᠡᠳ ᠤᠨ ᠰᠤᠨᠢᠷᠬᠠᠯ ᠢ ᠲᠠᠳᠠᠵᠦ ᠪᠠᠶᠢᠨ᠎ᠠ
ᠨᠡᠶᠢᠲᠡᠯᠡᠭᠰᠡᠨ ᠴᠠᠭ᠄
2023/3/30
      ᠤᠶᠢᠷ᠎ᠠ ᠳᠤ᠂ ᠮᠠᠨ ᠤ ᠬᠤᠰᠢᠭᠤᠨ ᠤ ᠮᠤᠩᠭᠤᠯ ᠦᠨᠳᠦᠰᠦᠳᠡᠨ ᠤ ᠬᠡᠥᠬᠡᠳ ᠤᠨ ᠴᠡᠴᠡᠷᠯᠢᠭ ᠨᠢᠭᠡ ᠭᠠᠷᠠᠭ  ᠤᠨ ᠬᠤᠭᠤᠴᠠᠭ᠎ᠠ ᠲᠠᠢ ᠭᠡᠷ ᠤᠨ ᠠᠬᠠᠮᠠᠳ ᠰᠤᠷᠭᠠᠭᠤᠯᠢ ᠶᠢᠨ ᠬᠦᠷᠢᠶᠡᠨ ᠳᠤ ᠭᠦᠨᠵᠡᠭᠡᠶᠢᠷᠡᠨ᠂ ᠲᠤᠰᠠᠯᠠᠬᠤ ᠪᠠᠭᠰᠢ ᠪᠤᠯᠵᠦ ᠬᠡᠥᠬᠡᠳ ᠲᠤ ᠬᠢᠴᠢᠶᠡᠯ ᠤᠷᠤᠬᠤ ᠠᠵᠢᠯᠯᠠᠭ᠎ᠠ ᠶᠠᠪᠤᠭᠳᠠᠭᠤᠯᠤᠭᠰᠠᠨ ᠪᠠᠶᠢᠨ᠎ᠠ᠃      ᠠᠩᠭᠢ ᠪᠤᠯᠭᠠᠨ ᠨᠢᠭᠡ ᠭᠤᠤᠯ ᠰᠡᠳᠦᠪ ᠲᠤᠭᠳᠠᠭᠠᠵᠦ᠂ ᠭᠡᠷ ᠤᠨ ᠠᠬᠠᠮᠠᠳ ᠭᠤᠤᠯ ᠰᠡᠳᠦᠪ ᠤᠨ ᠲᠤᠭᠤᠷᠢᠨ  ᠳᠤ ᠦᠢᠯᠡᠳᠦᠯᠭᠡ ᠶᠢᠨ ᠬᠢᠴᠢᠶᠡᠯ ᠤᠷᠤᠵᠦ᠂ ᠬᠡᠥᠬᠡᠳ ᠲᠤ ᠪᠤᠳᠠᠳᠠᠢ ᠦᠢᠯᠡᠳᠦᠯᠭᠡ᠂ ᠦᠵᠡᠭᠦᠯᠦᠯᠭᠡ ᠪᠠᠷ ᠲᠠᠮᠵᠢᠭᠤᠯᠤᠨ ᠦᠨᠳᠦᠰᠦᠳᠡᠨ ᠤ ᠤᠯᠠᠮᠵᠢᠯᠠᠯᠳᠦ ᠡᠳ᠋ ᠬᠡᠷᠡᠭᠰᠡᠯ ᠢ ᠲᠠᠨᠢᠭᠤᠯᠬᠤ᠂ ᠢᠳᠡᠭᠡᠨ ᠤᠮᠳᠠᠭᠠᠨ ᠤ ᠰᠤᠶᠤᠯ ᠢ ᠤᠶᠢᠯᠠᠭᠠᠭᠤᠯᠬᠤ ᠵᠡᠷᠭᠡ ᠬᠢᠴᠢᠶᠡᠯ ᠤᠷᠤᠭᠰᠠᠨ ᠪᠠᠶᠢᠨ᠎ᠠ᠃ ᠡᠭᠦᠨ ᠤ ᠲᠤᠳᠤᠷ᠎ᠠ ᠤᠳᠤ ᠭᠤᠷᠪᠠᠳᠤᠭᠠᠷ ᠠᠩᠭᠢ ᠶᠢᠨ  ᠬᠢᠨ ︵ᠮᠤᠩᠭᠤᠯ ᠪᠠᠭ᠎ᠠ ᠠᠩᠭᠢ︶ ᠭᠤᠤᠯ ᠰᠡᠳᠦᠪ ᠢᠶᠠᠨ ᠠᠳᠤᠭᠤᠨ ᠰᠤᠶᠤᠯ ᠤᠨ ᠠᠭᠤᠯᠭ᠎ᠠ ᠪᠠᠷ ᠲᠤᠭᠳᠠᠭᠠᠵᠦ᠂ ᠪᠤᠭᠤᠳᠦ ᠬᠤᠳᠠ ᠶᠢᠨ ᠠᠳᠤᠭᠤᠨ ᠬᠤᠳᠠ ᠶᠢ ᠪᠠᠶᠢᠭᠤᠯᠬᠤ ᠳᠤ ᠠᠩᠬᠠᠷᠣᠯ ᠢᠶᠠᠨ ᠲᠦᠪᠯᠡᠷᠡᠭᠦᠯᠦᠨ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠳᠤᠭᠤᠨ ᠰᠤᠶᠤᠯ ᠤᠨ ᠦᠪ ᠵᠠᠯᠭᠠᠮᠵᠢᠯᠠᠭᠴᠢ ᠪᠤᠯᠬᠤ ᠴᠢᠮᠡᠳ ᠢ ᠵᠠᠯᠠᠵᠦ᠂ ᠮᠤᠷᠢᠨ ᠤ ᠡᠳ᠋ᠯᠡᠯ ᠬᠡᠷᠡᠭᠰᠡᠯ ᠢ ᠲᠠᠨᠢᠯᠴᠠᠭᠤᠯᠵᠦ ᠦᠪᠡᠷᠮᠢᠴᠡ ᠤᠨᠴᠠᠯᠢᠭ ᠲᠠᠢ ᠬᠢᠴᠢᠶᠡᠯ ᠤᠷᠤᠭᠤᠯᠤᠨ᠂ ᠡᠮᠡᠭᠡᠯ᠂ ᠬᠠᠵᠠᠭᠠᠷ᠂ ᠨᠤᠭᠳᠦ᠂ ᠴᠢᠳᠤᠷ ᠵᠡᠷᠭᠡ ᠶᠢ ᠪᠤᠳᠠᠳᠠᠢ ᠦᠵᠡᠭᠦᠯᠦᠨ ᠲᠠᠨᠢᠯᠴᠠᠭᠤᠯᠵᠦ᠂ ᠬᠡᠥᠬᠡᠳ ᠤᠳ ᠲᠤ ᠠᠮᠢᠳᠤᠯᠢᠭ ᠤᠶᠢᠯᠠᠭᠠᠮᠵᠢᠳᠠᠢ ᠪᠠᠷ ᠮᠤᠷᠢᠨ ᠤ ᠡᠳ᠋ᠯᠡᠯ ᠬᠡᠷᠡᠭᠰᠡᠯ ᠢ ᠡᠵᠡᠮᠰᠢᠭᠦᠯᠦᠭᠰᠡᠨ ᠪᠠᠶᠢᠨ᠎ᠠ᠃      ᠡᠨᠡᠬᠦ ᠬᠢᠴᠢᠶᠡᠯᠡᠯᠭᠡ ᠨᠢ ᠪᠤᠰᠤᠳ ᠠᠩᠭᠢ ᠶᠢᠨ ᠬᠦᠭᠡᠷᠦᠬᠦᠨ ᠪᠦᠥᠪᠡᠢ ᠨᠠᠷ ᠤᠨ ᠲᠤᠷ᠎ᠠ ᠪᠠᠬ᠎ᠠ ᠶᠢ ᠴᠦ ᠲᠠᠳᠠᠵᠦ᠂ ᠬᠢᠳᠠᠳ ᠮᠤᠩᠭᠤᠯ ᠠᠩᠭᠢ ᠶᠢᠨ ᠬᠡᠥᠬᠡᠳ ᠤᠳ ᠬᠠᠮᠳᠤᠪᠠᠷ ᠬᠢᠴᠢᠶᠡᠯᠯᠡᠵᠦ᠂ ᠬᠠᠷᠢᠯᠴᠠᠨ ᠰᠤᠷᠤᠯᠴᠠᠨ᠂ ᠬᠠᠷᠢᠯᠴᠠᠨ ᠤᠶᠢᠯᠠᠭᠠᠯᠴᠠᠵᠦ᠂ ᠦᠨᠳᠦᠰᠦᠳᠡᠨ ᠤ ᠪᠦᠯᠬᠦᠮᠳᠡᠯ ᠢ ᠠᠬᠢᠭᠤᠯᠬᠤ ᠭᠤᠶᠤ ᠰᠠᠶᠢᠬᠠᠨ ᠠᠭᠤᠷ ᠠᠮᠢᠰᠬᠤᠯ ᠢ ᠪᠤᠢ ᠪᠤᠯᠭᠠᠭᠰᠠᠨ ᠪᠠᠶᠢᠨ᠎ᠠ᠃
 
 
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号