ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠰᠤᠳᠤᠯᠭᠠᠨ ᠤ ᠬᠦᠷᠢᠶᠡᠯᠡᠩ ᠤᠨ ᠦᠪᠦᠷ ᠮᠤᠩᠭᠤᠯ ᠤᠨ ᠬᠤᠪᠢᠶᠠᠷᠢ ᠬᠦᠷᠢᠶᠡᠯᠡᠩ ᠤᠨ ᠫᠠᠶᠢᠰᠠ ᠰᠡᠬᠦᠬᠦ ᠵᠢᠴᠢ ᠲᠦᠷᠦᠩ ᠵᠦᠢᠩ ᠤᠨ ᠭᠡᠷ᠎ᠡ ᠲᠤᠭᠳᠠᠬᠤ ᠶᠤᠰᠤᠯᠠᠯ ᠠᠮᠵᠢᠯᠳᠠ ᠲᠠᠢ ᠶᠠᠪᠤᠭᠳᠠᠭᠰᠠᠨ
ᠨᠡᠶᠢᠲᠡᠯᠡᠭᠰᠡᠨ ᠴᠠᠭ᠄
2023/3/30
      3 ᠳ᠋ᠤᠭᠠᠷ ᠰᠠᠷ᠎ᠠ ᠶᠢᠨ30 ᠤ ᠡᠳᠦᠷ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠰᠤᠳᠤᠯᠭᠠᠨ ᠤ ᠬᠦᠷᠢᠶᠡᠯᠡᠩ ᠤᠨ ᠦᠪᠦᠷ ᠮᠤᠩᠭᠤᠯ ᠤᠨ ᠬᠤᠪᠢᠶᠠᠷᠢ ᠬᠦᠷᠢᠶᠡᠯᠡᠩ ᠤᠨ ᠫᠠᠶᠢᠰᠠ ᠰᠡᠬᠦᠬᠦ ᠵᠢᠴᠢ ᠲᠦᠷᠦᠯ ᠵᠦᠢᠯ ᠤᠨ ᠭᠡᠷ᠎ᠡ ᠲᠤᠭᠳᠠᠬᠤ ᠶᠤᠰᠤᠯᠠᠯ ᠦᠪᠦᠷ ᠮᠤᠩᠭᠤᠯ ᠤᠨ ᠪᠤᠭᠤᠳᠦ ᠬᠤᠳᠠ ᠶᠢᠨ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠶᠡᠷᠦᠩᠭᠡᠢ ᠬᠡᠯᠳᠡᠰ ᠤᠨ ᠠᠵᠦ ᠠᠬᠤᠢ ᠶᠢᠨ ᠬᠦᠷᠢᠶᠡᠯᠡᠩ ᠳᠤ ᠶᠠᠪᠤᠭᠳᠠᠭᠰᠠᠨ ᠪᠠᠶᠢᠨ᠎ᠠ᠃      ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠰᠤᠳᠤᠯᠭᠠᠨ ᠤ ᠬᠦᠷᠢᠶᠡᠯᠡᠩ ᠤᠨ ᠲᠠᠷᠤᠭ᠎ᠠ᠂ ᠲᠤᠮᠳᠠᠳᠦ ᠤᠯᠤᠰ ᠤᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠦᠭᠵᠢᠯᠳᠡ ᠶᠢᠨ ᠰᠤᠳᠤᠯᠭᠠᠨ ᠤ ᠲᠦᠪ ᠤᠨ ᠡᠷᠬᠢᠯᠡᠭᠴᠢ ᠵᠤᠤ ᠯᠸᠢ᠂ ᠪᠤᠭᠤᠳᠦ ᠬᠤᠳᠠ ᠶᠢᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ ᠶᠢᠨ ᠲᠡᠳ᠋ ᠲᠠᠷᠤᠭ᠎ᠠ ᠸᠠᠩ ᠯᠢ ᠰᠢᠨ ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠬᠤᠰᠢᠭᠤ ᠲᠠᠷᠤᠭ᠎ᠠ ᠱᠢ ᠵᠦᠩ ᠴᠢᠨ᠂ ᠲᠤᠮᠳᠠᠳᠦ ᠤᠯᠤᠰ ᠤᠨ ᠬᠤᠶᠠᠳᠤᠭᠠᠷ ᠲᠡᠮᠦᠷᠯᠢᠭ ᠬᠠᠶᠢᠯᠤᠭᠤᠯᠬᠤ ᠪᠦᠯᠦᠭᠯᠡᠯ ᠤᠨ ᠬᠢᠵᠠᠭᠠᠷᠳᠦ ᠺᠤᠮᠫᠠᠨᠢ ᠶᠢᠨ ᠬᠡᠷᠡᠭ ᠮᠡᠳᠡᠭᠴᠢᠳ ᠤᠨ ᠲᠠᠷᠤᠭ᠎ᠠ ᠰᠢᠦᠢ ᠶᠦᠩ ᠹᠧᠩ᠂ ᠤᠯᠤᠰ ᠤᠨ ᠡᠨᠧᠷᠬᠢ ᠶᠢᠨ ᠪᠦᠯᠦᠭᠯᠡᠯ ᠤᠨ ᠦᠪᠦᠷ ᠮᠤᠩᠭᠤᠯ ᠤᠨ ᠴᠠᠬᠢᠯᠭᠠᠨ ᠬᠦᠴᠦᠨ ᠤ ᠮᠧᠩ ᠰᠢ ᠰᠢᠨ᠎ᠡ ᠡᠨᠧᠷᠬᠢ ᠶᠢᠨ ᠬᠢᠵᠠᠭᠠᠷᠳᠦ ᠺᠤᠮᠫᠠᠨᠢ ᠶᠢᠨ ᠬᠡᠷᠡᠭ ᠮᠡᠳᠡᠭᠴᠢᠳ ᠤᠨ ᠲᠡᠷᠤᠭ᠎ᠠ ᠪᠠᠢ ᠰᠢᠶᠤᠤ ᠵᠢᠶᠦ᠋ᠨ᠂ ᠲᠤᠮᠳᠠᠳᠦ ᠶᠢᠨ ᠲᠡᠮᠦᠷᠯᠢᠭ ᠬᠠᠶᠢᠯᠤᠭᠤᠯᠬᠤ ᠲᠢᠶᠠᠨ ᠭᠦᠩ ᠪᠦᠯᠦᠭᠯᠡᠯ ᠤᠨ ᠬᠢᠵᠠᠭᠠᠷᠳᠦ ᠺᠤᠮᠫᠠᠨᠢ ᠶᠢᠨ ᠦᠪᠦᠷ ᠮᠤᠩᠭᠤᠯ ᠤᠨ ᠬᠤᠪᠢᠶᠠᠷᠢ ᠺᠤᠮᠫᠠᠨᠢ ᠶᠢᠨ ᠲᠠᠭᠠᠭᠠᠮᠠᠯ ᠪᠠᠢ ᡁᠢ ᠴᠢᠶᠠᠩ ᠨᠠᠷ ᠫᠠᠶᠢᠰᠠ ᠡᠯᠬᠦᠬᠦ ᠶᠤᠰᠤᠯᠠᠯ ᠳᠤ ᠤᠷᠤᠯᠴᠠᠪᠠ᠃
微信图片_20230404112629.png
      ᠶᠤᠰᠤᠯᠠᠯ ᠨᠢ ︽ᠦᠪᠦᠷ ᠮᠤᠩᠭᠤᠯ ᠤᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠲᠦᠷᠭᠡᠳᠭᠡᠨ ᠬᠡᠷᠡᠭᠵᠢᠭᠦᠯᠬᠦ︾ ᠪᠠᠷ ᠭᠤᠤᠯ ᠰᠡᠳᠦᠪ ᠪᠤᠯᠭᠠᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ᠂ ᠬᠠᠩᠭᠢᠨ ᠬᠤᠰᠢᠭᠤ᠂ ᠳ᠋ᠧᠩᠺᠸᠦ ᠶᠢᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠡᠷᠦᠩᠭᠡᠶᠢᠯᠡᠭᠰᠡᠨ ᠤᠷᠴᠢᠯ ᠠᠵᠦ ᠠᠬᠤᠢ ᠶᠢᠨ ᠵᠢᠱᠢᠶ᠎ᠡ ᠦᠵᠡᠭᠦᠯᠬᠦ ᠤᠷᠤᠨ ᠵᠢᠴᠢ ᠦᠪᠦᠷ ᠮᠤᠩᠭᠤᠯ ᠤᠨ ᠡᠷᠬᠢᠨ ᠲᠤᠭᠤᠷᠢᠨ ᠤ ᠭᠠᠵᠠᠷ ᠤᠷᠤᠨ ᠤ ᠲᠦᠷᠦᠯ ᠵᠦᠢᠯ ᠢ ᠨᠡᠭᠡᠭᠡᠨ ᠬᠦᠭᠵᠢᠭᠦᠯᠬᠦ ᠪᠠ ᠨᠠᠶᠢᠳᠠᠪᠤᠷᠢᠵᠢᠭᠤᠯᠬᠤ ᠶᠢ ᠠᠬᠢᠭᠤᠯᠬᠤ ᠪᠠᠷ ᠵᠤᠷᠢᠯᠭ᠎ᠠ ᠪᠠᠨ ᠪᠤᠯᠭᠠᠵᠠᠢ᠃      ᠭᠠᠷ ᠤᠨ ᠦᠰᠦᠭ ᠵᠢᠷᠤᠬᠤ ᠶᠤᠰᠤᠯᠠᠯ ᠲᠡᠭᠡᠷ᠎ᠡ᠂ ᠬᠤᠷᠠᠯ ᠳᠤ ᠤᠷᠤᠯᠴᠠᠭᠰᠠᠨ ᠡᠯ᠎ᠡ ᠲᠠᠯ᠎ᠠ ᠶᠢᠨ ᠬᠢᠨ ᠪᠦᠬᠦ ᠤᠯᠤᠰ ᠤᠨ ᠰᠢᠶᠠᠨ ᠤ ᠬᠡᠪᠴᠢᠶᠡᠨ ᠤ ᠠᠵᠦ ᠠᠬᠤᠢ ᠶᠢᠨ ᠰᠢᠨ᠎ᠡ ᠶᠢ ᠡᠭᠦᠳᠬᠦ ᠬᠦᠭᠵᠢᠯᠳᠡ ︵ᠪᠦᠸᠧ ᠤᠦ︶ ᠶᠢᠨ ᠶᠡᠭᠡ ᠬᠤᠷᠠᠯ ᠤᠨ ᠦᠪᠦᠷ ᠮᠤᠩᠭᠤᠯ ᠤᠨ ᠵᠤᠬᠢᠶᠠᠨ ᠪᠠᠶᠢᠭᠤᠯᠤᠬᠤ ᠺᠤᠮᠢᠰ ᠤᠨ ᠫᠠᠶᠢᠰᠠ ᠰᠡᠬᠦᠬᠦ ᠵᠢᠴᠢ ᠲᠦᠷᠦᠯ ᠵᠦᠢᠯ ᠤᠨ ᠲᠠᠯ᠎ᠠ ᠪᠠᠷ ᠭᠠᠷ ᠤᠨ ᠦᠰᠦᠭ ᠵᠢᠷᠤᠭᠰᠠᠨ ᠪᠠᠶᠢᠨ᠎ᠠ᠃ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠰᠤᠳᠤᠯᠭᠠᠨ ᠤ ᠬᠦᠷᠢᠶᠡᠯᠡᠩ ᠤᠷᠢᠳ ᠬᠤᠵᠢᠳ ᠪᠤᠭᠤᠳᠦ ᠬᠤᠳᠠ ᠶᠢᠨ ᠲᠡᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠵᠠᠰᠠᠭ ᠤᠨ ᠤᠷᠳᠤᠨ᠂ ᠲᠤᠮᠳᠠᠳᠦ ᠤᠯᠤᠰ ᠤᠨ ᠡᠯᠧᠺᠲᠷᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ᠂ ᠤᠯᠤᠰ ᠤᠨ ᠡᠨᠧᠷᠬᠢ ᠶᠢᠨ ᠪᠦᠯᠦᠭᠯᠡᠯ ᠤᠨ ᠦᠪᠦᠷ ᠮᠤᠩᠭᠤᠯ ᠤᠨ ᠴᠠᠬᠢᠯᠭᠠᠨ ᠬᠦᠴᠦᠨ ᠤ ᠮᠧᠩ ᠰᠢ ᠰᠢᠨ᠎ᠡ ᠡᠨᠧᠷᠬᠢ ᠶᠢᠨ ᠬᠢᠵᠠᠭᠠᠷᠳᠦ ᠺᠤᠮᠫᠠᠨᠢ᠂ ᠡᠬᠢ ᠰᠤᠷᠪᠤᠯᠵ ᠶᠢᠨ ᠲᠤᠤᠷ ᠤᠨ ᠴᠡᠨᠡᠭ ᠨᠦᠬᠡᠴᠡᠯᠡᠬᠦ ᠰᠢᠨ᠎ᠡ ᠡᠨᠧᠷᠬᠢ ᠶᠢᠨ ᠰᠢᠨᠵᠢᠯᠡᠬᠦ ᠤᠬᠠᠭᠠᠨ ᠮᠡᠷᠭᠡᠵᠢᠯ ︵ᠱᠠᠩᠬᠠᠢ︶ ᠤᠨ ᠬᠢᠵᠠᠭᠠᠷᠳᠦ ᠺᠤᠮᠫᠠᠨᠢ  ᠲᠠᠢ ᠲᠦᠷᠦᠯ ᠵᠦᠢᠯ ᠤᠨ ᠭᠡᠷ᠎ᠡ ᠲᠤᠭᠳᠠᠭᠰᠠᠨ ᠪᠠᠶᠢᠨ᠎ᠠ᠃      ᠤᠶᠢᠯᠠᠭᠠᠭᠰᠠᠨ ᠢᠶᠠᠷ ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠰᠤᠳᠤᠯᠭᠠᠨ ᠤ ᠬᠦᠷᠢᠶᠡᠯᠡᠩ ᠪᠤᠯ ᠲᠤᠮᠳᠠᠳᠦ ᠤᠯᠤᠰ ᠤᠨ ᠬᠠᠮᠢᠶᠠᠷᠤᠯᠳᠠ ᠶᠢᠨ ᠰᠢᠨᠵᠢᠯᠡᠬᠦ ᠤᠬᠠᠭᠠᠨ ᠤ ᠰᠤᠳᠤᠯᠭᠠᠨ  ᠤ ᠬᠦᠷᠢᠶᠡᠯᠡᠩ ᠵᠢᠴᠢ ᠬᠤᠯᠪᠤᠭᠳᠠᠯ ᠪᠦᠬᠦᠢ ᠤᠳᠤᠷᠢᠳᠤᠯᠭ᠎ᠠ ᠲᠤᠤᠷ᠎ᠠ᠂ ᠬᠤᠳᠠ ᠬᠦᠳᠡᠭᠡ ᠶᠢᠨ ᠴᠢᠨᠡᠭᠡᠯᠢᠭᠵᠢᠯ ᠤᠨ ᠬᠦᠭᠵᠢᠯᠳᠡ ᠶᠢ ᠠᠬᠢᠭᠤᠯᠬᠤ ᠲᠦᠪ ᠤᠨ ᠬᠠᠮᠢᠶᠠᠷᠤᠯᠳᠠ ᠲᠤᠤᠷ᠎ᠠ᠂2016 ᠤᠨ ᠳᠤ ᠪᠠᠶᠢᠭᠤᠯᠤᠭᠰᠠᠨ ᠦᠢᠯᠡᠳᠪᠦᠷᠢᠯᠡᠯ᠂ ᠰᠤᠷᠤᠯᠴᠠᠯᠭ᠎ᠠ᠂ ᠰᠤᠳᠤᠯᠭᠠᠨ᠂ ᠬᠤᠳᠠᠯᠳᠤᠭ᠎ᠠ᠂ ᠬᠡᠷᠡᠭᠯᠡᠭᠡ ᠶᠢ ᠨᠢᠭᠡ ᠴᠤᠭᠴᠠᠵᠢᠭᠤᠯᠤᠭᠰᠠᠨ ᠠᠰᠢᠭ ᠤᠯᠵᠠᠪᠦᠷᠢ ᠶᠢᠨ ᠪᠤᠰᠤ ᠴᠢᠨᠠᠷᠳᠠᠢ ᠲᠦᠷᠦ ᠶᠢᠨ ᠪᠤᠳᠤᠯᠭ᠎ᠠ ᠶᠢᠨ ᠰᠤᠳᠤᠯᠭᠠᠨ ᠤ ᠪᠠᠶᠢᠭᠤᠯᠤᠮᠵᠢ ᠪᠤᠯᠤᠨ᠎ᠠ᠃ ᠰᠤᠳᠤᠯᠭᠠᠨ ᠤ ᠬᠦᠷᠢᠶᠡᠯᠡᠩ ᠨᠢ ᠲᠦᠪ ᠤᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠦᠷᠦ ᠶᠢᠨ ᠪᠤᠳᠤᠯᠭ᠎ᠠ ᠪᠠᠷ ᠤᠳᠤᠷᠢᠳᠤᠮᠵᠢ ᠪᠤᠯᠭᠠᠵᠦ᠂ ᠬᠦᠳᠡᠭᠡ ᠲᠤᠰᠬᠤᠨ ᠤ ᠰᠢᠨᠵᠢᠯᠡᠬᠦ ᠤᠬᠠᠭᠠᠨ ᠤ ᠬᠦᠭᠵᠢᠯᠳᠡ ᠪᠠᠷ ᠰᠠᠭᠤᠷᠢ ᠪᠤᠯᠭᠠᠵᠦ᠂ ᠰᠤᠶᠤᠯ ᠤᠨ ᠪᠠᠶᠢᠭᠤᠯᠤᠯᠳᠠ ᠪᠠᠷ ᠠᠴᠢᠶᠠᠯᠠᠪᠤᠷᠢ ᠪᠤᠯᠭᠠᠵᠦ᠂ ᠰᠢᠨᠵᠢᠯᠡᠬᠦ ᠤᠬᠠᠭᠠᠨ ᠮᠡᠷᠭᠡᠵᠢᠯ  ᠤᠨ ᠰᠢᠨ᠎ᠡ ᠶᠢ ᠡᠭᠦᠳᠬᠦ ᠬᠡᠷᠡᠭᠴᠡᠭᠡ ᠪᠠᠷ ᠬᠦᠳᠡᠯᠬᠡᠬᠦ ᠬᠦᠴᠦᠨ ᠪᠤᠯᠭᠠᠵᠦ᠂ ᠵᠤᠬᠢᠶᠠᠨ ᠪᠠᠶᠢᠭᠤᠯᠤᠯᠳᠠ ᠶᠢᠨ ᠲᠠᠪᠠᠭᠤᠯᠢᠭ ᠢᠶᠠᠨ ᠲᠠᠰᠤᠷᠠᠯᠳᠠ ᠦᠭᠡᠢ ᠪᠠᠳᠠᠷᠠᠭᠤᠯᠵᠦ᠂ ᠡᠯ᠎ᠡ ᠮᠦᠩᠭᠦᠨ ᠬᠦᠢᠯᠭᠡᠭᠡ᠂ ᠠᠵᠦ ᠦᠢᠯᠡᠰ᠂ ᠲᠦᠷᠦ  ᠶᠢᠨ ᠪᠤᠳᠤᠯᠭ᠎ᠠ᠂ ᠰᠢᠨᠵᠢᠯᠡᠬᠦ ᠤᠬᠠᠭᠠᠨ ᠮᠡᠷᠭᠡᠵᠢᠯ᠂ ᠰᠤᠶᠤᠯ᠂ ᠠᠮᠢ ᠠᠬᠤᠢ᠂ ᠵᠤᠬᠢᠶᠠᠨ ᠪᠠᠶᠢᠭᠤᠯᠤᠯᠳᠠ᠂ ᠠᠵᠦ ᠠᠬᠤᠶᠢᠯᠠᠯ ᠵᠡᠷᠭᠡ ᠪᠦᠬᠦ ᠲᠠᠯ᠎ᠠ ᠶᠢᠨ ᠡᠬᠢ ᠪᠠᠶᠠᠯᠢᠭ ᠢ ᠰᠢᠨᠵᠢᠯᠡᠬᠦ ᠣᠬᠠᠭᠠᠨᠴᠢ ᠪᠠᠷ ᠰᠢᠰᠲ᠋ᠧᠮ ᠲᠠᠢ ᠵᠤᠬᠢᠴᠠᠭᠤᠯᠵᠦ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠦᠳᠦᠭᠡᠨ ᠪᠠᠶᠢᠭᠤᠯᠤᠯᠳᠠ ᠪᠠ ᠬᠦᠭᠵᠢᠯᠳᠡ ᠶᠢ ᠪᠦᠳᠦᠮᠵᠢᠳᠡᠢ ᠠᠬᠢᠭᠤᠯᠬᠤ ᠪᠠᠷ ᠵᠤᠷᠢᠯᠭ᠎ᠠ ᠪᠠᠨ ᠪᠤᠯᠭᠠᠭᠰᠠᠨ ᠶᠤᠮ᠃ ᠲᠡᠭᠦᠨ ᠤ ᠦᠪᠦᠷ ᠮᠤᠩᠭᠤᠯ ᠳᠤ ᠫᠠᠶᠢᠰᠠ ᠡᠯᠭᠦᠭᠰᠡᠨ ᠨᠢ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠰᠤᠳᠤᠯᠭᠠᠨ ᠤ ᠬᠦᠷᠢᠶᠡᠯᠡᠩ ᠤᠨ ᠦᠪᠦᠷ ᠮᠤᠩᠭᠤᠯ ᠳᠤ ᠵᠢᠩᠭᠢᠨᠢ ᠪᠠᠷ ᠰᠠᠯᠪᠤᠷᠢ ᠪᠠᠶᠢᠭᠤᠯᠤᠮᠵᠢ ᠪᠠᠶᠢᠭᠤᠯᠵᠦ᠂ ᠦᠪᠦᠷ ᠮᠤᠩᠭᠤᠯ ᠤᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠠᠵᠢᠯ ᠳᠤ ᠪᠦᠬᠦ ᠲᠠᠯ᠎ᠠ ᠶᠢᠨ ᠦᠢᠯᠡᠴᠢᠯᠡᠭᠡ ᠬᠠᠩᠭᠠᠵᠦ᠂ ᠨᠡᠶᠢᠭᠡᠮ ᠵᠢᠷᠤᠮ ᠤᠨ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠶᠢ ᠪᠡᠶᠡᠯᠡᠭᠦᠯᠬᠦ ᠳᠤ ᠬᠤᠪᠢ ᠨᠡᠮᠡᠷᠢ ᠦᠵᠡᠭᠦᠯᠬᠦ ᠶᠢ ᠬᠠᠷᠠᠭᠤᠯᠵᠦ ᠪᠠᠶᠢᠨ᠎ᠠ᠃
微信图片_20230404112636.png
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号