ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠢᠴᠢᠭ ᠮᠠᠲ᠋ᠧᠷᠢᠶᠠᠯ      ᠠᠷᠪᠠᠨ ᠵᠢᠷᠭᠤᠭ᠎ᠠ
ᠨᠡᠶᠢᠲᠡᠯᠡᠭᠰᠡᠨ ᠴᠠᠭ᠄
2023/3/6
   ᠵᠠᠰᠠᠭ ᠤᠨ ᠣᠷᠳᠣᠨ ᠤ ᠠᠵᠢᠯ ᠤᠨ ᠢᠯᠡᠳᠬᠡᠯ — — 2023 ᠣᠨ ᠤ 1 ᠰᠠᠷ᠎ᠠ ᠶᠢᠨ 17 ᠤ ᠡᠳᠦᠷ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ   ᠱᠢ ᠵᠦᠩ ᠴᠢᠨᠲᠥᠯᠥᠭᠡᠯᠡᠭᠴᠢᠳ ᠠ᠋᠄ᠤᠲᠤ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠤ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠪᠠ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ᠨᠢᠭᠡ᠂ 2022 ᠣᠨ ᠤ ᠠᠵᠢᠯ ᠤᠨ ᠡᠷᠭᠢᠴᠡᠭᠦᠯᠦᠯ    ᠥᠩᠭᠡᠷᠡᠭᠰᠡᠨ ᠵᠢᠯ ᠪᠣᠯ ᠲᠤᠶᠢᠯ ᠤᠨ ᠶᠡᠷᠦ ᠪᠤᠰᠤ ᠶᠢᠨ ᠪᠦᠭᠡᠳ ᠠᠴᠢ ᠬᠤᠯᠪᠣᠭᠳᠠᠯ ᠲᠠᠢ ᠨᠢᠭᠡ ᠵᠢᠯ ᠶᠤᠮ᠃ ᠨᠢᠭᠡ ᠵᠢᠯ ᠤᠨ ᠲᠤᠷᠰᠢ᠂ ᠪᠢᠳᠡ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠪᠤᠭᠤᠲᠤ ᠳᠤ ᠥᠭᠭᠦᠭᠰᠡᠨ ︽ᠨᠢᠭᠡ ᠰᠢᠨ᠎ᠡ  ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠡᠷᠡᠰ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ︽ᠪᠣᠬᠢᠷᠳᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ᠂ ᠨᠡᠭᠡᠭᠡᠯᠲᠡᠲᠡᠢ ᠪᠠᠷ ᠬᠥᠭᠵᠢᠭᠦᠯᠬᠦ︾ ᠬᠠᠷᠠᠯᠲᠠ ᠶᠢ ᠭᠤᠶᠢᠪᠢᠰᠢ ᠦᠭᠡᠢ ᠪᠠᠷᠢᠮᠲᠠᠯᠠᠵᠤ᠂ ᠪᠡᠷᠬᠡ ᠶᠢ ᠲᠤᠭᠤᠯᠤᠨ ᠬᠦᠴᠢᠷ ᠢ ᠳᠠᠪᠠᠵᠤ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠶ ᠪᠠᠷ ᠨᠢᠭᠡᠳᠦᠯᠲᠡᠢ ᠲᠥᠯᠥᠪᠯᠡᠵᠦ᠂ ᠣᠳᠣᠬᠢᠴᠢᠯᠠᠯᠲᠠ ᠶᠢᠨ ᠰᠢᠨ᠎ᠡ ᠳᠠᠷᠬᠠᠨ ᠮᠤᠤᠮᠢᠩᠭᠠᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠪᠠ᠃      ᠨᠢᠭᠡ ᠳᠤ ᠠᠵᠤ ᠠᠬᠤᠢ ᠶᠢᠨ ᠠᠵᠢᠯᠯᠠᠭᠠᠨ ᠲᠣᠭᠲᠠᠭᠤᠨ ᠢᠶᠠᠷ ᠤᠷᠤᠭᠰᠢᠯᠠᠵᠤ᠂ ᠲᠤᠭ᠎ᠠ ᠬᠡᠮᠵᠢᠶ᠎ᠡ ᠶᠠᠰᠤ ᠴᠢᠨᠠᠷ ᠵᠡᠷᠭᠡ ᠪᠠᠷ  ᠳᠡᠭᠡᠭᠰᠢᠯᠡᠪᠡ᠃ ᠠᠵᠤ ᠠᠬᠤᠢ ᠶᠢ ᠲᠣᠭᠲᠠᠪᠤᠷᠢᠵᠢᠭᠤᠯᠬᠤ ᠬᠠᠮ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠲᠡ 3643 ᠲᠦᠮᠡᠨ ᠲᠥᠭᠦᠷᠢᠭ ᠤᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠵᠤ᠂ ᠥᠷᠲᠡᠭ ᠨᠡᠮᠡᠭᠳᠡᠯ ᠤᠨ ᠭᠠᠶᠢᠯᠢ ᠶᠢᠨ ᠦᠯᠡᠳᠡᠭᠡᠬᠦ ᠪᠠ ᠭᠠᠶᠢᠯᠢ ᠶᠢ ᠪᠤᠴᠠᠭᠠᠬᠤ 8902 ᠲᠦᠮᠡᠨ ᠲᠥᠭᠦᠷᠢᠭ ᠢ ᠬᠠᠰᠤᠵᠤ᠂ 52 ᠡᠷᠦᠬᠡ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ 1.9 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢ ᠨᠠᠶᠢᠳᠠᠪᠤᠷᠢᠵᠢᠭᠤᠯᠪᠠ᠃ 69 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠵᠦ᠂ 145.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠠᠩᠬ᠎ᠠ ᠠᠯᠬᠤᠮ ᠤᠨ ᠲᠣᠭᠠᠴᠠᠭ᠎ᠠ ᠪᠠᠷ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 116 ᠳ᠋ᠦᠩᠰᠢᠭᠤᠷ ᠲᠥᠭᠦᠷᠢᠭ ᠪᠡᠶᠡᠯᠡᠭᠦᠯᠵᠦ᠂ 7.5%  ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 3% ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 51.2% ᠨᠡᠮᠡᠭᠳᠡᠵᠦ᠂ ᠪᠦᠬᠦ ᠬᠤᠲᠠ ᠳᠤ ᠬᠤᠶᠠᠳᠤᠭᠠᠷ ᠲᠤ ᠣᠷᠣᠵᠤ᠂ ᠨᠡᠶᠢᠭᠡᠮ ᠤᠨ ᠬᠡᠷᠡᠭᠯᠡᠭᠡᠨ ᠤ ᠡᠳ᠋ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢ 18 ᠳ᠋ᠦᠩᠰᠢᠭᠤᠷ ᠲᠥᠭᠦᠷᠢᠭ ᠪᠡᠶᠡᠯᠡᠭᠦᠯᠵᠦ᠂ 4% ᠪᠠᠷ ᠨᠡᠮᠡᠭᠳᠡᠭᠦᠯᠦᠨ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 7.04 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠢᠭᠡ ᠯᠡ ᠤᠳᠠᠭ᠎ᠠ ᠶᠢᠨ ᠴᠢᠨᠠᠷᠲᠠᠢ ᠰᠢᠯᠳᠠᠭᠠᠨ ᠢ ᠭᠠᠷᠭᠠᠪᠠᠯ 11.4% ᠪᠠᠷ ᠨᠡᠮᠡᠭᠳᠡᠨ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 49600 ᠲᠥᠭᠦᠷᠢᠭ ᠪᠠ 22600 ᠲᠥᠭᠦᠷᠢᠭ ᠲᠤ ᠬᠦᠷᠴᠦ᠂ 6.5% ᠪᠠ 9% ᠪᠠᠷ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ 0.5 ᠪᠠ 2 ᠵᠠᠭᠤᠨ ᠤ ᠬᠤᠪᠢ ᠥᠨᠳᠥᠷ ᠪᠣᠯᠵᠤ᠂ ᠠᠵᠤ ᠠᠬᠤᠢ ᠶᠢᠨ ︽ᠲᠣᠭᠲᠠᠭᠤᠨ︾ ᠤ ᠰᠠᠭᠤᠷᠢ ᠨᠠᠩ ᠪᠠᠲᠤ ᠪᠠᠬᠢ ᠪᠣᠯᠵᠤ᠂ ︽ᠤᠷᠤᠭᠰᠢᠯᠠᠬᠤ︾ ᠬᠥᠳᠡᠯᠭᠡᠭᠴᠢ ᠡᠨᠧᠷᠭᠢ ᠨᠠᠩ ᠭᠦᠢᠴᠡᠳ ᠪᠣᠯᠪᠠ᠃      ᠬᠤᠶᠠᠷ ᠲᠤ ᠠᠵᠤ ᠦᠢᠯᠡᠰ ᠤᠨ ᠪᠦᠲᠦᠴᠡ ᠶᠢᠨ ᠲᠡᠰ ᠲᠡᠪᠰᠢᠯᠳᠠ ᠶᠢ ᠲᠦᠷᠭᠡᠳᠬᠡᠵᠦ᠂ ᠰᠢᠯᠢᠳᠡᠭ ᠢ ᠪᠤᠢ ᠪᠤᠯᠭᠠᠨ ᠦᠷ᠎ᠡ ᠠᠰᠢᠭ ᠢ ᠨᠡᠮᠡᠭᠳᠡᠭᠦᠯᠪᠡ᠃ ᠪᠠᠷᠢᠮᠵᠢᠶᠠᠲᠤ ᠲᠠᠷᠢᠶᠠᠨ ᠭᠠᠵᠠᠷ ᠢ 7 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠠᠮᠤ ᠪᠤᠳᠠᠭ᠎ᠠ᠂ ᠮᠢᠬᠠᠨ ᠤ ᠵᠦᠢᠯ ᠤᠨ ᠭᠠᠷᠤᠯᠲᠠ ᠶᠢᠨ ᠬᠡᠮᠵᠢᠶ᠎ᠡ ᠶᠢ ᠲᠣᠰ ᠲᠣᠰ 2.7 ᠳ᠋ᠦᠩᠰᠢᠭᠤᠷ ᠵᠢᠩ᠂ 3.6 ᠲᠦᠮᠡᠨ ᠲᠣᠨ ᠪᠡᠶᠡᠯᠡᠭᠦᠯᠪᠡ᠃ ᠮᠣᠩᠭᠤᠯ ᠦᠬᠡᠷ ᠤᠨ ᠡᠭᠦᠯᠳᠡᠷ ᠤᠨ ᠲᠤᠷᠰᠢᠯᠲᠠ ᠶᠢᠨ ᠰᠠᠭᠤᠷᠢᠨ ᠭᠠᠵᠠᠷ ᠢ ᠪᠠᠶᠢᠭᠤᠯᠵᠤ᠂ ᠤᠯᠤᠰ ᠤᠨ ᠲᠠᠰ ᠤᠨ ︽ᠦᠬᠡᠷ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ︾ ᠢᠶᠠᠷ ᠵᠥᠪᠰᠢᠶᠡᠷᠡᠭᠳᠡᠵᠦ᠂ ᠲᠢᠶᠠᠨ ᠢᠦᠢ ᠮᠦ ᠭᠧ ᠵᠠᠭᠤᠨ ᠲᠦᠮᠡᠨ ᠬᠤᠨᠢ ᠨᠢᠲᠤᠯᠵᠤ ᠡᠳ᠋ᠰᠢᠭᠦᠯᠬᠦ ᠦᠢᠯᠡᠳᠪᠦᠷᠢᠯᠡᠯ ᠤᠨ ᠱᠤᠭᠤᠮ ᠢ ᠠᠰᠢᠭᠯᠠᠯᠲᠠ ᠳᠤ ᠣᠷᠣᠭᠤᠯᠵᠤ᠂ ᠭᠤᠣᠯ ᠪᠣᠯᠬᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ 77% ᠳᠤ ᠬᠥᠷᠪᠡ᠃ ᠬᠤᠩᠭᠤᠷᠲᠠᠯ᠎ᠠ ᠶᠢᠨ ᠪᠣᠬᠢᠷᠳᠤᠯ ᠦᠭᠡᠢ ᠢᠳᠡᠭᠡᠨ ᠡᠳ᠋ᠰᠢᠭᠦᠯᠬᠦ ᠬᠦᠷᠢᠶᠡᠯᠡᠩ ᠢ ᠡᠬᠢᠯᠡᠨ ᠠᠵᠢᠯᠯᠠᠭᠤᠯᠵᠤ᠂ ᠰᠢᠯᠭᠠᠨ ᠪᠠᠶᠢᠴᠠᠭᠠᠵᠤ ᠬᠢᠨᠠᠨ ᠬᠡᠮᠵᠢᠬᠦ ᠲᠥᠪ ᠢ ᠠᠰᠢᠭᠯᠠᠯᠲᠠ ᠳᠤ ᠣᠷᠣᠭᠤᠯᠪᠠ᠃ ︽ᠳᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠬᠤᠨᠢ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠳᠡᠮᠳᠡᠭ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠵᠢᠴᠢ ᠭᠤᠣᠯ ᠰᠡᠳᠦᠪᠲᠦ ᠶᠠᠷᠢᠶᠠᠨ ᠤ ᠲᠠᠪᠴᠠᠩ ᠢ ᠡᠷᠭᠢᠯᠡᠵᠦ᠂ ᠨᠠᠷᠠᠲᠤ ᠳᠡᠮᠳᠡᠭ ᠢ ᠳᠤᠮᠳᠠᠳᠤ ᠤᠯᠤᠰ ︵ᠬᠠᠶᠢᠨᠠᠨ︶ ᠤᠨ ᠣᠯᠠᠨ ᠤᠯᠤᠰ ᠤᠨ ᠬᠠᠯᠠᠭᠤᠨ ᠪᠦᠰᠡᠨ ᠤ ᠲᠠᠷᠢᠶᠠᠯᠠᠩ ᠤᠨ ᠠᠷᠠᠯᠵᠢᠶᠠᠨ ᠤ ᠴᠤᠭᠯᠠᠭᠠᠨ᠂ ᠥᠪᠥᠷ ᠮᠣᠩᠭᠤᠯ ᠤᠨ ᠪᠠᠶᠢᠭᠠᠯᠢᠭ ᠢᠳᠡᠭᠡᠨ ᠤ ᠦᠵᠡᠭᠦᠯᠭᠡ ᠳᠤ ᠰᠠᠶᠢᠲᠤᠷ ᠲᠠᠨᠢᠯᠴᠠᠭᠤᠯᠪᠠ᠃ 236 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠰᠤᠷᠪᠤᠯᠵᠢ ᠶᠢᠨ ᠲᠦᠷᠦᠯ ᠵᠦᠢᠯ ᠢ ᠰᠢᠨ᠎ᠡ ᠪᠠᠷ ᠠᠵᠢᠯ ᠡᠬᠢᠯᠡᠭᠦᠯᠵᠦ᠂ ᠪᠦᠬᠦ ᠬᠤᠳᠠ ᠶᠢᠨ ᠲᠡᠷᠢᠭᠦᠨ ᠳᠤ ᠤᠷᠤᠵᠤ᠂ 20 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠢᠶᠠᠷ ᠤᠰᠤᠲᠥ᠋ᠷᠥᠭᠴᠢ ᠦᠢᠯᠡᠳᠬᠦ᠂ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠶᠡᠷᠦᠩᠬᠡᠶᠢᠯᠡᠨ ᠬᠡᠷᠡᠭᠯᠡᠬᠦ ᠵᠢᠱᠢᠶ᠎ᠡ ᠦᠵᠡᠭᠦᠯᠬᠦ ᠣᠷᠣᠨ ᠵᠡᠷᠭᠡ ᠲᠦᠷᠦᠯ ᠵᠦᠢᠯ ᠢ ᠲᠦᠷᠭᠡᠳᠭᠡᠨ ᠠᠬᠢᠭᠤᠯᠵᠤ᠂ ᠬᠤᠸᠠ ᠳ᠋ᠢᠶᠠᠨ ᠬᠥᠳᠡᠯᠭᠡᠭᠴᠢ ᠬᠦᠴᠦᠨ ᠤ ᠴᠡᠨᠡᠭ᠂ ᠲᠢᠶᠠᠨ ᠨᠧᠩ ᠰᠤᠪᠤᠷᠭ᠎ᠠ ᠶᠢᠨ ᠪᠠᠷᠢᠯᠭ᠎ᠠ ᠵᠡᠷᠭᠡ ᠲᠦᠷᠦᠯ ᠵᠦᠢᠯ ᠢ ᠠᠰᠢᠭᠯᠠᠯᠲᠠ ᠳᠤ ᠣᠷᠣᠭᠤᠯᠵᠤ᠂ ᠵᠢᠩ ᠨᠧᠩ 10 ᠲᠦᠮᠡᠨ ᠺᠢᠯᠣᠸᠠᠲ ᠤᠨ ᠭᠡᠷᠡᠯ ᠸᠣᠯᠲ ᠤᠨ ᠲᠦᠷᠦᠯ ᠵᠦᠢᠯ ᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠮᠢᠩᠭᠠᠨ ᠲᠦᠮᠡᠨ ᠺᠢᠯᠣᠸᠠᠲ ᠤᠨ ᠳᠡᠰ ᠤᠨ ᠰᠢᠨ᠎ᠡ ᠡᠨᠧᠷᠭᠢ ᠶᠢᠨ ᠰᠤᠷᠪᠤᠯᠵᠢ ᠶᠢᠨ ᠰᠠᠭᠤᠷᠢᠨ ᠭᠠᠵᠠᠷ ᠢ ᠢᠳᠡᠭ ᠢᠳᠡᠭ ᠢᠶᠠᠷ ᠬᠡᠪᠴᠢᠶᠡᠵᠢᠭᠦᠯᠪᠡ᠃ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠲᠣᠭᠤᠷᠢᠭ ᠠᠵᠢᠯ ᠢᠶᠠᠨ ᠡᠬᠢᠯᠡᠭᠦᠯᠵᠦ᠂ ᠠᠯᠲᠠᠨ ᠣᠪᠣᠭ᠎ᠠ ᠹᠯᠣᠷ ᠤᠨ ᠬᠢᠮᠢ ᠶᠢᠨ ᠠᠵᠤ ᠦᠢᠯᠡᠳᠪᠦᠷᠢ᠂ ᠬᠠᠢ ᠳ᠋ᠠ ᠪᠢᠯᠢᠭ ᠲᠤᠶᠢᠯ ᠤᠨ ᠮᠠᠲ᠋ᠧᠷᠢᠶᠠᠯ ᠵᠡᠷᠭᠡ ᠲᠥᠷᠥᠯ ᠵᠦᠢᠯ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠪᠠ᠃ ᠪᠦᠦ ᠰᠢᠨ ᠣᠨᠴᠠ ᠪᠣᠯᠣᠳ ᠲᠡᠮᠦᠷ ᠤᠨ ᠺᠣᠮᠫᠠᠨᠢ ᠶᠢᠨ 100 ᠲᠦᠮᠡᠨ ᠲᠣᠨ ᠤ ᠰᠢᠳᠠᠮ ᠮᠠᠲ᠋ᠧᠷᠢᠶᠠᠯ ᠤᠨ ᠲᠥᠷᠥᠯ ᠵᠦᠢᠯ ᠤᠨ ᠪᠠᠷᠢᠯᠭ᠎ᠠ ᠳᠠᠭᠤᠰᠴᠤ᠂ ᠰᠢᠨ᠎ᠡ ᠳᠠᠷᠬᠠᠨ ᠮᠤᠤᠮᠢᠩᠭᠠᠨ ᠤ ᠬᠤᠪᠣᠷ ᠰᠢᠷᠣᠢ ᠶᠢᠨ ᠦᠯᠡᠳᠡᠭᠳᠡᠯ ᠬᠦᠳᠡᠷ ᠠᠴᠠ ᠬᠠᠶᠢᠯᠤᠭᠤᠷ ᠵᠤᠩᠰᠢ ᠭᠠᠷᠭᠠᠨ ᠠᠪᠬᠤ᠂ ᠯᠢᠦᠢ ᠶᠤᠸᠠᠨ ᠬᠠᠶᠢᠯᠤᠭᠤᠷ ᠵᠤᠩᠰᠢ ᠶᠢᠨ ᠬᠦᠳᠡᠷ ᠰᠣᠩᠭᠤᠬᠤ ᠮᠡᠷᠭᠡᠵᠢᠯ ᠤᠨ ᠥᠭᠡᠷᠡᠴᠢᠯᠡᠯᠲᠡ ᠵᠡᠷᠭᠡ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ᠂ ᠤᠯᠤᠰ ᠤᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 2᠂ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 1 ᠶᠢ ᠰᠢᠨ᠎ᠡ ᠪᠠᠷ ᠪᠠᠲᠤᠯᠠᠨ ᠲᠣᠭᠲᠠᠭᠠᠪᠠ᠃ 4A ᠦᠵᠡᠮᠵᠢ ᠶᠢᠨ ᠣᠷᠣᠨ 1᠂ 3A ᠦᠵᠡᠮᠵᠢ ᠶᠢᠨ ᠣᠷᠣᠨ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠤᠯᠠᠭᠠᠨ ᠲᠠᠰ ᠤᠨ ᠵᠢᠭᠤᠯᠴᠢᠯᠠᠯ ᠤᠨ ᠬᠤᠪᠢ ᠶᠢᠨ ᠪᠠᠭᠤᠳᠠᠯ 2 ᠰᠢᠨ᠎ᠡ ᠪᠠᠷ ᠨᠡᠮᠡᠭᠳᠡᠵᠦ᠂ ᠬᠤᠲᠠ ᠶᠢᠨ ᠲᠠᠰ ᠤᠨ ᠰᠥᠨᠢ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠴᠤᠭᠯᠠᠷᠠᠯ ᠤᠨ ᠣᠷᠣᠨ 2  ᠢ ᠰᠢᠨ᠎ᠡ ᠪᠠᠷ ᠡᠭᠦᠳᠦᠨ ᠪᠠᠶᠢᠭᠤᠯᠵᠤ᠂ ᠲᠤᠸ ᠮᠠ ᠭᠧᠦ ᠲᠣᠰᠬᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠪᠦᠯᠦᠭ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠢᠶᠠᠷ ᠰᠤᠩᠭᠤᠭᠳᠠᠵᠤ᠂ ᠳᠤᠷᠭᠠᠨ ᠵᠠᠮ ᠤᠨ ᠮᠦᠷᠦᠭᠡᠳᠤᠯ ᠦᠵᠡᠮᠵᠢ ᠶᠢᠨ ᠣᠷᠣᠨ ᠢ ᠤᠯᠤᠰ ᠤᠨ 3C ᠲᠠᠰ ᠤᠨ ᠬᠤᠪᠢ ᠶᠢᠨ ᠮᠠᠰᠢᠨ ᠲᠡᠷᠭᠡᠨ ᠤ ᠵᠢᠭᠤᠯᠴᠢᠯᠠᠯ ᠤᠨ ᠪᠠᠭᠤᠳᠠᠯ ᠢᠶᠠᠷ ᠲᠣᠭᠲᠠᠭᠠᠵᠤ᠂ ᠮᠢᠩᠭᠠᠨ ᠤ ᠲᠠᠯ᠎ᠠ ᠨᠤᠲᠤᠭ ᠨᠢᠭᠡᠳᠦᠭᠡᠷ ᠪᠦᠯᠦᠭ ᠤᠨ ᠤᠯᠤᠰ ᠤᠨ ︽ᠬᠤᠪᠢᠰᠬᠠᠯᠲᠦ ᠲᠠᠯ᠎ᠠ ᠨᠤᠲᠤᠭ︾ ᠢᠶᠠᠷ ᠰᠣᠩᠭᠤᠭᠳᠠᠪᠠ᠃ ᠤᠯᠤᠰ ᠤᠨ ᠳᠣᠲᠣᠭᠠᠳᠤ ᠶᠢᠨ ᠠᠩᠬᠠᠳᠠᠭᠴᠢ ᠬᠥᠮᠥᠨ ᠦᠭᠡᠢ ᠣᠶᠤᠨᠴᠢ ᠰᠢᠰᠲ᠋ᠧᠮ ᠤᠨ ᠰᠤᠳᠤᠯᠤᠨ ᠪᠣᠯᠪᠠᠰᠤᠷᠠᠭᠤᠯᠬᠤ ᠰᠠᠭᠤᠷᠢᠨ ᠭᠠᠵᠠᠷ ᠵᠢᠩᠬᠢᠨᠢ ᠪᠠᠷ ᠫᠠᠶᠢᠰᠠ ᠰᠡᠬᠦᠭᠰᠡᠨ ᠨᠢ ᠬᠥᠮᠥᠨ ᠦᠭᠡᠢ ᠰᠢᠰᠲ᠋ᠧᠮ ᠤᠨ ᠲᠤᠷᠰᠢᠯᠲᠠ ᠶᠢᠨ ᠦᠢᠯᠡᠴᠢᠯᠡᠭᠡᠨ ᠤ ᠦᠢᠯᠡᠰ ᠲᠦᠷᠭᠡᠨ ᠢᠶᠠᠷ ᠴᠤᠭᠯᠠᠷᠠᠭᠰᠠᠨ ᠢ ᠬᠠᠷᠠᠭᠤᠯᠵᠤ ᠪᠠᠶᠢᠨ᠎ᠠ᠃ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠰᠡᠷᠭᠦᠭᠡᠵᠦ᠂ ᠪᠦᠬᠦ ᠤᠯᠤᠰ ᠤᠨ ᠠᠩᠬᠠᠳᠠᠭᠴᠢ ᠪᠦᠯᠦᠭ᠂ ᠪᠦᠬᠦ ᠬᠤᠳᠠ ᠶᠢᠨ ᠴᠤᠷ ᠤᠨ ᠭᠠᠭᠴᠠ ᠬᠤᠰᠢᠭᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢᠨ ᠲᠤᠷᠰᠢᠯᠲᠠ ᠶᠢᠨ ᠬᠤᠰᠢᠭᠤ ᠪᠣᠯᠪᠠ᠃ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠤᠭ᠎ᠠ ᠲᠣᠰ ᠲᠣᠰ 70 ᠳ᠋ᠦᠩᠰᠢᠭᠤᠷ ᠲᠥᠭᠦᠷᠢᠭ ᠪᠠ 37 ᠳ᠋ᠦᠩᠰᠢᠭᠤᠷ ᠲᠥᠭᠦᠷᠢᠭ ᠲᠤ ᠬᠦᠷᠴᠦ᠂ ᠨᠡᠮᠡᠭᠳᠡᠯ ᠤᠨ ᠬᠡᠮᠵᠢᠶ᠎ᠡ ᠨᠢ 3 ᠵᠢᠯ ᠤᠨ ᠲᠤᠷᠰᠢᠬᠢ ᠰᠢᠨ᠎ᠡ ᠲᠡᠮᠳᠡᠭᠯᠡᠯ ᠢ ᠡᠭᠦᠳᠪᠡ᠃      ᠭᠤᠷᠪᠠ ᠳᠤ ᠦᠨᠳᠦᠰᠦᠨ ᠱᠠᠲᠤᠨ ᠤ ᠠᠵᠢᠯᠯᠠᠭ᠎ᠠ ᠶᠢ ᠲᠦᠷᠭᠡᠨ ᠪᠦᠭᠡᠳ ᠦᠷ᠎ᠡ ᠪᠦᠲᠦᠮᠵᠢ ᠲᠠᠢ ᠪᠤᠯᠭᠠᠪᠠ᠃ ︽ᠲᠠᠪᠤᠨ ᠶᠡᠭᠡ ᠦᠨᠳᠦᠰᠦᠨ ᠵᠦᠢᠯ ᠠᠴᠠ ᠡᠬᠢᠯᠡᠬᠦ︾ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ 111 ᠵᠥᠪᠰᠢᠶᠡᠷᠡᠭᠦᠯᠬᠦ ᠪᠠᠷ ᠪᠠᠶᠢᠭ᠎ᠠ ᠲᠦᠷᠦᠯ ᠵᠦᠢᠯ᠂ 181 ᠵᠦᠢᠯ ᠤᠨ ᠭᠦᠢᠴᠡᠳᠬᠡᠬᠦ ᠴᠢᠬᠤᠯᠠᠲᠠᠢ ᠭᠠᠷ ᠭᠦᠢᠴᠡᠳᠬᠡᠯ ᠢ ᠪᠥᠬᠦᠳᠡ ᠶᠢ ᠭᠦᠢᠴᠡᠳᠬᠡᠵᠦ ᠳᠠᠭᠤᠰᠬᠠᠪᠠ᠃ ᠵᠥᠪᠰᠢᠶᠡᠷᠡᠭᠰᠡᠨ ᠪᠣᠯᠪᠠᠴᠤ ᠭᠠᠷᠭᠠᠵᠤ ᠥᠭᠭᠦᠭᠰᠡᠨ ᠦᠭᠡᠢ ᠭᠠᠵᠠᠷ ᠰᠢᠷᠣᠢ 184.4 ᠮᠦ ᠪᠠᠶᠢᠵᠤ᠂ 1916.7 ᠮᠦ ᠰᠤᠯᠠ ᠪᠠᠶᠢᠬᠤ ᠭᠠᠵᠠᠷ ᠰᠢᠷᠣᠢ ᠶᠢ ᠰᠢᠢᠳᠪᠦᠷᠢᠯᠡᠵᠦ᠂ ᠲᠣᠰ ᠲᠣᠰ 13.5% ᠪᠠ 120.6%  ᠪᠠᠷ ᠳᠠᠪᠠᠭᠤᠯᠤᠨ ᠪᠡᠶᠡᠯᠡᠭᠦᠯᠪᠡ᠃ 1496 ᠲᠦᠮᠡᠨ ᠲᠥᠭᠦᠷᠢᠭ ᠤᠨ ᠳᠠᠷᠤᠭᠳᠠᠮᠠᠯ ᠪᠡᠯᠡ ᠮᠥᠩᠭᠦ ᠶᠢ ᠬᠠᠷᠭᠤᠭᠤᠯᠤᠨ ᠪᠠᠶᠢᠴᠠᠭᠠᠵᠤ ᠮᠠᠭᠠᠳᠯᠠᠨ ᠲᠣᠭᠲᠠᠭᠠᠭᠰᠠᠨ ᠪᠥᠭᠡᠳ ᠬᠤᠷᠢᠶᠠᠨ ᠠᠪᠤᠪᠠ᠃ 6 ︽ᠬᠠᠭᠠᠰ ᠳᠤᠲᠠᠭᠤ︾ ᠢᠨᠵᠧᠨᠧᠷᠢᠩ ᠤᠨ ᠲᠥᠷᠥᠯ ᠵᠦᠢᠯ ᠢ ᠡᠮᠬᠢᠯᠡᠨ ᠳᠢᠭᠯᠡᠵᠦ ᠂ ᠪᠦᠬᠦᠨ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ ᠳ᠋ᠤᠭᠠᠷ ᠢ ᠨᠢ ᠬᠦᠴᠦᠨ ᠦᠭᠡᠢ ᠪᠣᠯᠭᠠᠬᠤ ᠶᠢ ᠴᠠᠭ ᠲᠤᠬᠠᠢ ᠳᠤᠨᠢ ᠪᠡᠶᠡᠯᠡᠭᠦᠯᠪᠡ᠃ ᠪᠠᠷᠠᠭᠤᠨ ᠠᠵᠤ ᠦᠢᠯᠡᠳᠪᠦᠷᠢ ᠶᠢᠨ ᠲᠣᠭᠤᠷᠢᠭ ᠤᠨ 9 ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ︾ ᠠᠰᠠᠭᠤᠳᠠᠯ᠂ 9 ᠥᠪᠡᠷᠲᠡᠭᠡᠨ ᠪᠠᠶᠢᠴᠠᠭᠠᠬᠤ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ 15 ᠥᠪᠡᠷᠲᠡᠭᠡᠨ ᠵᠠᠰᠠᠬᠤ ᠣᠷᠣᠨ ᠤ ᠬᠢᠨᠠᠨ ᠵᠢᠯᠤᠭᠤᠳᠴᠤ ᠪᠠᠶᠢᠭ᠎ᠠ ᠬᠢᠮᠢ ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ ᠣᠷᠣᠨ ᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠰᠢᠯᠭᠠᠨ ᠠᠪᠴᠤ᠂ ᠣᠶᠤᠨᠲᠤ ᠲᠣᠭᠤᠷᠢᠭ᠂ ᠵᠠᠮ ᠤᠨ ᠥᠭᠡᠷᠡᠴᠢᠯᠡᠯᠲᠡ ᠵᠡᠷᠭᠡ 9 ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ ᠲᠣᠭᠤᠷᠢᠭ ᠤᠨ ᠬᠥᠭᠵᠢᠯᠲᠡ ᠶᠢᠨ ᠰᠢᠨ᠎ᠡ ᠬᠠᠪᠤᠷ ᠢ ᠤᠭᠲᠤᠨ ᠠᠪᠴᠢᠷᠠᠪᠠ᠃     ᠳᠥᠷᠪᠡ ᠳᠤ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠦᠨ ᠥᠷᠭᠡᠳᠬᠡᠵᠦ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠣᠯᠪᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠢᠯᠡᠳᠲᠡ ᠦᠷ᠎ᠡ ᠪᠦᠲᠦᠮᠵᠢ ᠣᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠠᠢᠮᠠᠨ ᠭᠦᠢᠴᠡᠳᠬᠡᠬᠦ︾ ᠨᠢ ᠠᠵᠤ ᠠᠬᠤᠶᠢᠯᠠᠯ ᠤᠨ ᠣᠯᠠᠨ ᠲᠦᠮᠡᠨ ᠤ ᠣᠯᠠᠨ ᠶᠠᠩᠵᠤ ᠶᠢᠨ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ 94% ᠶᠢᠨ ᠬᠡᠷᠡᠭ ᠶᠠᠪᠤᠳᠠᠯ ᠢ ︽ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾ ᠶᠢ ᠪᠡᠶᠡᠯᠡᠭᠦᠯᠵᠦ᠂ ᠵᠠᠬ᠎ᠠ ᠳᠡᠯᠭᠡᠭᠦᠷ ᠤᠨ 1341 ᠭᠤᠣᠯ ᠴᠣᠭᠴᠠ ᠶᠢ ᠰᠢᠨ᠎ᠡ ᠪᠠᠷ ᠪᠠᠶᠢᠭᠤᠯᠪᠠ᠃ 6 ᠬᠤᠰᠢᠭᠤᠨ ᠳᠤ ᠬᠠᠷᠢᠶᠠᠯᠠᠭᠳᠠᠬᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠶᠢ ᠪᠡᠶᠡᠯᠡᠭᠦᠯᠵᠦ᠂ ᠵᠢᠷᠭᠤᠭᠠᠨ ᠲᠣᠮᠣ ᠠᠵᠤ ᠦᠢᠯᠡᠰ ᠤᠨ ᠬᠡᠰᠡᠭ ᠤᠨ ︽ᠳᠥᠷᠪᠡᠨ ᠨᠢᠷᠤᠭᠤ ᠨᠠᠢᠮᠠᠨ ᠲᠤᠯᠭᠠᠭᠤᠷᠢ︾ ᠶᠢ ᠪᠦᠷᠢᠯᠳᠦᠭᠦᠯᠪᠡ᠃ ᠭᠠᠶᠢᠯᠢ ᠪᠠᠲᠤᠯᠠᠬᠤ ᠬᠥᠮᠥᠷᠭᠡ᠂ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ H986 ᠢᠵᠢ ᠪᠦᠷᠢᠳᠦᠭᠦᠯᠬᠦ ᠰᠠᠭᠤᠷᠢ ᠪᠡᠯᠡᠳᠬᠡᠮᠵᠢ ᠵᠡᠷᠭᠡ ᠲᠥᠷᠥᠯ ᠵᠦᠢᠯ ᠢ ᠪᠥᠬᠦ ᠲᠠᠯ᠎ᠠ ᠪᠠᠷ ᠡᠬᠢᠯᠡᠭᠦᠯᠵᠦ᠂ ᠪᠤᠭᠤᠲᠤ ᠮᠠᠨᠳᠤᠯ ᠲᠡᠮᠦᠷ ᠵᠠᠮ ᠤᠨ ᠪᠠᠶᠠᠨᠬᠤᠸᠠ ᠭᠠᠯᠲᠤ ᠲᠡᠷᠭᠡᠨ ᠥᠷᠲᠡᠭᠡ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠮᠠᠨᠳᠤᠯ ᠪᠣᠭᠤᠮᠲᠠ ᠶᠢᠨ ᠭᠠᠳᠠᠭᠰᠢ ᠲᠡᠭᠡᠭᠡᠪᠦᠷᠢᠯᠡᠬᠦ ᠠᠷᠭ᠎ᠠ ᠮᠠᠶ᠋ᠢᠭ ᠢ ᠵᠠᠰᠠᠮᠠᠯ ᠵᠠᠮ ᠲᠡᠮᠦᠷ ᠵᠠᠮ ᠤᠨ ᠬᠠᠮᠲᠤᠷᠠᠭᠰᠠᠨ ᠲᠡᠭᠡᠭᠡᠪᠦᠷᠢ ᠪᠣᠯᠭᠠᠨ ᠬᠤᠪᠢᠷᠠᠭᠤᠯᠵᠤ᠂ ᠥᠪᠡᠷᠲᠡᠭᠡᠨ ᠵᠠᠰᠠᠬᠤ ᠣᠷᠣᠨ ᠳᠤ ᠡᠳ᠋ ᠪᠠᠷᠠᠭ᠎ᠠ ᠲᠠᠢ ᠰᠢᠭᠤᠳ ᠬᠦᠷᠦᠯᠴᠡᠬᠦ ᠦᠭᠡᠢ ᠳᠡᠭᠦᠵᠢᠯᠡᠨ ᠰᠠᠪᠠᠯᠠᠵᠤ ᠬᠢᠯᠢ ᠪᠠᠷ ᠥᠩᠭᠡᠷᠡᠬᠦ ᠵᠠᠭᠪᠤᠷ ᠢ ᠤᠷᠢᠳᠠᠪᠠᠷ ᠬᠡᠷᠡᠭᠵᠢᠭᠦᠯᠵᠦ᠂ ᠪᠥᠬᠦ ᠵᠢᠯ ᠳᠤ 310 ᠲᠦᠮᠡᠨ ᠲᠣᠨ ᠡᠳ᠋ ᠪᠠᠷᠠᠭ᠎ᠠ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠵᠤ᠂ 35 ᠳ᠋ᠦᠩᠰᠢᠭᠤᠷ ᠲᠥᠭᠦᠷᠢᠭ ᠤᠨ ᠠᠷᠠᠯᠵᠢᠶᠠᠨ ᠤ ᠬᠡᠮᠵᠢᠶ᠎ᠡ ᠶᠢ ᠪᠡᠶᠡᠯᠡᠭᠦᠯᠵᠦ᠂ ᠲᠡᠦᠬᠡᠲᠦ ᠴᠢᠨᠠᠷᠲᠠᠢ ᠰᠢᠪᠲᠤᠯᠤᠯᠲᠠ ᠶᠢ ᠪᠡᠶᠡᠯᠡᠭᠦᠯᠪᠡ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠨᠢ ᠤᠨᠤᠪᠴᠢᠲᠠᠢ ᠪᠥᠭᠡᠳ ᠪᠦᠲᠦᠮᠵᠢᠲᠡᠶ ᠪᠠᠶᠢᠵᠤ᠂ ᠨᠡᠶᠢᠲᠡ 521 ᠠᠵᠤ ᠠᠬᠤᠶᠢᠯᠠᠯ ᠲᠠᠢ ᠬᠤᠯᠪᠤᠭᠳᠠᠵᠤ᠂ 85 ᠲᠥᠷᠥᠯ ᠵᠦᠢᠯ ᠳᠤ ᠭᠡᠷ᠎ᠡ ᠲᠣᠭᠲᠠᠵᠤ᠂ 1273.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠵᠥᠪᠳᠡᠯᠴᠡᠨ ᠲᠣᠭᠲᠠᠵᠤ᠂ ᠲᠣᠰ ᠲᠣᠰ 121% ᠪᠠ 127% ᠶᠢᠨ ᠬᠠᠷᠠᠯᠲᠠ ᠡᠭᠦᠷᠭᠡ ᠪᠠᠨ ᠪᠡᠶᠡᠯᠡᠭᠦᠯᠵᠡᠢ᠃    ᠲᠠᠪᠤ ᠳᠤ᠂ ᠠᠮᠢ ᠠᠬᠤᠢ ᠪᠠᠷ ᠬᠤᠰᠢᠭᠤ ᠪᠠᠨ ᠮᠠᠨᠳᠤᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠯᠠᠪᠳᠠᠭᠤᠨ ᠪᠠᠲᠤ ᠬᠦᠴᠦᠨ ᠲᠠᠢ ᠪᠣᠯᠪᠠ᠃ ︽ᠬᠤᠣᠰ ᠨᠡᠭᠦᠷᠡᠰᠦᠲᠥ᠋ᠷᠥᠭᠴᠢ︾ ᠶᠢᠨ ᠠᠵᠢᠯᠯᠠᠭ᠎ᠠ ᠶᠢ ᠬᠠᠮᠵᠢᠯᠴᠠᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠬᠤᠰᠢᠭᠤ ᠰᠢᠶᠠᠨ ᠤ ᠱᠠᠲᠤᠨ ᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠪᠠ᠃ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ︽ᠭᠤᠷᠪᠠᠨ ᠣᠷᠣᠨ ᠭᠤᠷᠪᠠᠨ ᠱᠤᠭᠤᠮ︾ ᠢ ᠵᠠᠭᠠᠭᠯᠠᠨ ᠲᠣᠭᠲᠠᠭᠠᠬᠤ ᠠᠵᠢᠯ ᠢ ᠪᠡᠶᠡᠯᠡᠭᠦᠯᠵᠦ᠂ ᠪᠥᠬᠦ ᠬᠤᠰᠢᠭᠤ ᠶᠢ ᠬᠠᠮᠤᠷᠤᠭᠰᠠᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠰᠢᠰᠲ᠋ᠧᠮ ᠢ ᠪᠦᠷᠢᠯᠳᠦᠭᠦᠯᠪᠡ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠲᠤᠰᠢᠶᠠᠨ ᠰᠢᠢᠳᠪᠦᠷᠢᠯᠡᠭᠦᠯᠦᠭᠰᠡᠨ 18 ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ 591 ᠣᠶ ᠰᠢᠭᠤᠢ ᠡᠪᠡᠰᠦ ᠪᠡᠯᠴᠢᠭᠡᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠪᠠ᠃ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠤ ᠵᠠᠰᠠᠯᠲᠠ ᠶᠢ 36 ᠭᠠᠵᠠᠷ᠂ 2880 ᠮᠦ ᠪᠡᠶᠡᠯᠡᠭᠦᠯᠵᠦ᠂ ᠬᠤᠲᠠ ᠬᠥᠳᠡᠭᠡ ᠶᠢᠨ ᠤᠤᠭᠤᠬᠤ ᠤᠰᠤᠨ ᠤ ᠴᠢᠨᠠᠷ ᠲᠣᠭᠲᠠᠭᠤᠨ ᠢᠶᠠᠷ ᠪᠠᠷᠢᠮᠵᠢᠶ᠎ᠠ ᠳᠤ ᠬᠦᠷᠴᠦ᠂ ᠪᠥᠬᠦ ᠬᠤᠰᠢᠭᠤᠨ ᠤ ᠠᠭᠠᠷ ᠤᠨ ᠴᠡᠪᠡᠷᠴᠡ ᠰᠠᠶᠢᠨ ᠡᠳᠦᠷ ᠤᠨ ᠲᠤᠭ᠎ᠠ ᠶᠢᠨ ᠬᠠᠷᠢᠴᠠᠯ 94.9% ᠳᠤ ᠬᠦᠷᠴᠦ᠂ ᠪᠥᠬᠦ ᠬᠤᠲᠠ ᠶᠢᠨ ᠨᠢᠭᠡᠳᠦᠭᠡᠷ ᠲᠤ ᠣᠷᠣᠪᠠ᠃ 11 ᠤᠰᠤᠨ ᠠᠰᠢᠭᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ 74 ᠺᠢᠯᠣᠮᠧᠲᠷ ᠭᠤᠣᠯ ᠤᠨ ᠭᠤᠯᠳᠤᠷᠢᠯ ᠢ ᠵᠠᠰᠠᠵᠤ᠂ 7 ᠤᠰᠤᠨ ᠴᠥᠭᠦᠷᠥᠮ ᠢ ᠰᠡᠯᠪᠢᠨ ᠵᠠᠰᠠᠵᠤ᠂ 28 ᠤᠰᠤ ᠤᠮᠳᠠ ᠶᠢᠨ ᠠᠮᠤᠷ ᠲᠦᠪᠰᠢᠨ ᠤ ᠠᠷᠠᠴᠢᠯᠠᠯᠲᠠ ᠬᠠᠮᠠᠭᠠᠯᠠᠯᠲᠠ ᠶᠢ ᠬᠢᠪᠡ᠃ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ 202.6 ᠲᠦᠮᠡᠨ ᠮᠦ ᠦᠨᠳᠦᠰᠦᠨ ᠨᠤᠲᠤᠭ ᠪᠡᠯᠴᠢᠭᠡᠷ ᠢ ᠰᠢᠯᠢᠳᠡᠭᠵᠢᠭᠦᠯᠦᠨ ᠲᠣᠬᠢᠷᠠᠭᠤᠯᠪᠠ᠃ 10 ᠲᠦᠮᠡᠨ ᠮᠦ ᠠᠭᠤᠯᠠ ᠶᠢ ᠪᠢᠲᠡᠭᠦᠮᠵᠢᠯᠡᠨ ᠤᠶᠢᠵᠢᠭᠤᠯᠵᠤ᠂ 4 ᠲᠦᠮᠡᠨ ᠮᠦ ᠮᠠᠭᠤᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠵᠦ᠂ 2 ᠲᠦᠮᠡᠨ ᠮᠦ ᠴᠢᠨᠠᠷ ᠮᠠᠭᠤᠲᠠᠢ ᠦᠷ᠎ᠡ ᠠᠰᠢᠭ ᠢᠶᠠᠷ ᠳᠣᠣᠷ᠎ᠠ ᠣᠶ ᠰᠢᠭᠤᠢ ᠶᠢ ᠥᠭᠡᠷᠡᠴᠢᠯᠡᠨ ᠰᠠᠶᠢᠵᠢᠷᠠᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠳᠦᠷ ᠢᠷᠡᠬᠦᠶ᠎ᠡ ᠪᠠᠬᠢᠵᠢᠭᠦᠯᠪᠠ᠃    ᠵᠢᠷᠭᠤᠭ᠎ᠠ ᠳᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠪᠦᠲᠦᠮᠵᠢᠲᠡᠶ ᠠᠬᠢᠭᠤᠯᠵᠤ᠂ ᠠᠭᠤᠰᠤᠯᠴᠠᠯ ᠢ ᠲᠦᠷᠭᠡᠳᠭᠡᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ 33 ᠶᠢ ᠪᠡᠶᠡᠯᠡᠭᠦᠯᠵᠦ᠂ 249 ᠠᠵᠢᠭᠯᠠᠨ ᠬᠢᠨᠠᠬᠤ ᠡᠲᠡᠭᠡᠳ ᠤᠨ ᠳᠠᠬᠢᠨ ᠶᠠᠳᠠᠭᠤᠷᠠᠬᠤ ᠲᠦᠭᠰᠢᠭᠦᠷᠢ ᠶᠢ ᠠᠷᠢᠯᠭᠠᠵᠤ᠂ ᠠᠵᠢᠭᠯᠠᠨ ᠬᠢᠨᠠᠬᠤ ᠡᠲᠡᠭᠡᠳ ᠤᠨ ᠬᠥᠮᠥᠨ ᠳᠤᠮᠳᠠᠴᠢ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 15% ᠪᠠᠷ ᠨᠡᠮᠡᠭᠳᠡᠪᠡ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ 417 ᠨᠤᠷᠠᠬᠤ ᠠᠶᠤᠯᠲᠠᠢ ᠬᠠᠭᠤᠴᠢᠨ ᠰᠢᠷᠣᠢ ᠶᠢᠨ ᠪᠠᠶᠢᠰᠢᠩ ᠢ ᠨᠤᠷᠠᠭᠠᠵᠤ᠂ 1189 ᠵᠣᠷᠯᠣᠩ ᠢ ᠰᠢᠨ᠎ᠡ ᠪᠠᠷ ᠥᠭᠡᠷᠡᠴᠢᠯᠡᠨ ᠪᠠᠶᠢᠭᠤᠯᠪᠠ᠃ ᠬᠤᠳᠠ ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠦᠨ᠂ 7 ᠬᠠᠭᠤᠴᠢᠨ ᠪᠠᠭ᠎ᠠ ᠲᠣᠭᠤᠷᠢᠭ᠂ 6 ᠬᠤᠳᠠ ᠶᠢᠨ ᠶᠠᠪᠤᠳᠠᠯ ᠤᠨ ᠵᠠᠮ ᠤᠨ ᠥᠭᠡᠷᠡᠴᠢᠯᠡᠯᠲᠡ ᠶᠢ ᠪᠡᠶᠡᠯᠡᠭᠦᠯᠵᠦ᠂ 6 ᠲᠡᠷᠭᠡᠨ ᠵᠣᠭᠰᠣᠭᠠᠯ ᠢ ᠰᠢᠨ᠎ᠡ ᠪᠠᠷ ᠥᠭᠡᠷᠡᠴᠢᠯᠡᠨ ᠪᠠᠶᠢᠭᠤᠯᠪᠠ᠃ ︽ᠵᠡᠭᠡᠯᠢ ᠶᠢᠨ ᠳᠠᠷᠤᠭ᠎ᠠ ᠶᠢᠨ ᠳᠦᠷᠢᠮ︾ ᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠨᠢᠭᠡ ᠴᠣᠭᠴᠠᠵᠢᠭᠤᠯᠬᠤ ᠵᠠᠭᠪᠤᠷ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠪᠠᠲᠤᠬᠠᠭᠠᠯᠭ᠎ᠠ ᠪᠠᠯᠭᠠᠰᠤ ᠥᠪᠡᠷᠲᠡᠭᠡᠨ ᠵᠠᠰᠠᠬᠤ ᠣᠷᠣᠨ ᠤ ᠲᠡᠦᠬᠡ ᠰᠣᠶᠣᠯ ᠤᠨ ᠨᠠᠷᠠᠲᠤ ᠪᠠᠯᠭᠠᠰᠤ ᠪᠠᠷ ᠦᠨᠡᠯᠡᠭᠳᠡᠪᠡ᠃ ᠤᠯᠤᠰ ᠤᠨ ᠵᠠᠮ ᠤᠨ 335 ᠱᠤᠭᠤᠮ ᠤᠨ ᠪᠠᠶ᠋ᠬᠠᠤᠪᠤᠭ᠎ᠠ ᠠᠴᠠ ᠮᠢᠩᠭᠠᠨ ᠬᠦᠷᠬᠦ ᠬᠡᠰᠡᠭ ᠲᠤ ᠲᠡᠷᠭᠡ ᠨᠡᠪᠲᠡᠷᠡᠬᠦ ᠶᠢ ᠪᠡᠶᠡᠯᠡᠭᠦᠯᠵᠦ᠂ ᠰᠢᠨ᠎ᠡ ᠪᠠᠷ ᠥᠭᠡᠷᠡᠴᠢᠯᠡᠨ ᠪᠠᠶᠢᠭᠤᠯᠤᠭᠰᠠᠨ ᠬᠥᠳᠡᠭᠡ ᠲᠣᠰᠬᠤᠨ ᠤ ᠵᠠᠰᠠᠮᠠᠯ ᠵᠠᠮ 45 ᠵᠤᠷᠪᠤᠰ᠂ 365 ᠺᠢᠯᠤᠮᠥᠲᠷ ᠪᠠᠶᠢᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠂ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ ᠪᠦᠬᠦ ᠬᠤᠳᠠ ᠶᠢᠨ ᠲᠡᠷᠢᠭᠦᠨ ᠳᠤ ᠣᠷᠣᠭᠤᠯᠬᠤ ᠪᠠᠷ ᠴᠢᠷᠮᠠᠶᠢᠪᠠ᠃ ᠪᠤᠶᠢᠳᠠ ᠪᠥᠭᠯᠡᠭᠦᠦ ᠮᠠᠯᠵᠢᠬᠤ ᠲᠠᠷᠢᠶᠠᠯᠠᠬᠤ ᠡᠷᠦᠬᠡ ᠳᠤ ᠴᠠᠬᠢᠯᠭᠠᠨ ᠨᠡᠪᠲᠡᠷᠡᠭᠦᠯᠬᠦ᠂ ᠴᠢᠮᠡᠭᠡ ᠨᠡᠪᠲᠡᠷᠡᠯᠭᠡ ᠶᠢᠨ ᠲᠣᠣᠷ ᠰᠦᠯᠵᠢᠶ᠎ᠡ ᠶᠢ ᠨᠡᠪᠲᠡᠷᠡᠭᠦᠯᠬᠦ ᠢᠨᠵᠧᠨᠧᠷᠢᠩ ᠢ ᠬᠡᠷᠡᠭᠵᠢᠭᠦᠯᠵᠦ᠂ 5G ᠰᠠᠭᠤᠷᠢ ᠥᠷᠲᠡᠭᠡ 23 ᠶᠢ ᠰᠢᠨ᠎ᠡ ᠪᠠᠷ ᠪᠠᠶᠢᠭᠤᠯᠵᠤ᠂ ᠣᠶᠤᠨᠲᠤ ᠷᠠᠳᠢᠣ᠋ ᠲᠧᠯᠸᠢᠰ ᠤᠨ ᠬᠡᠷᠡᠭᠯᠡᠭᠴᠢ 3499 ᠰᠢᠨ᠎ᠡ ᠪᠠᠷ ᠨᠡᠮᠡᠭᠳᠡᠪᠡ᠃    ᠲᠤᠯᠤᠭ᠎ᠠ ᠳᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠤᠨ ᠮᠡᠳᠡᠷᠡᠮᠵᠢ ᠡᠳᠦᠷ ᠢᠷᠡᠬᠦᠶ᠎ᠡ ᠨᠡᠮᠡᠭᠳᠡᠵᠦ᠂ ᠤᠯᠠᠮ ᠢᠯᠡᠷᠭᠡᠢ ᠠᠰᠢᠭ ᠬᠦᠷᠲᠡᠪᠡ᠃ ᠬᠤᠲᠠ ᠪᠠᠯᠭᠠᠰᠤ ᠶᠢᠨ 1215 ᠬᠥᠮᠥᠨ ᠳᠤ ᠰᠢᠨ᠎ᠡ ᠪᠠᠷ ᠠᠵᠢᠯ ᠣᠯᠭᠤᠵᠤ ᠂ 2700 ᠲᠦᠮᠡᠨ ᠲᠥᠭᠦᠷᠢᠭ ᠤᠨ ᠦᠢᠯᠡᠰ ᠪᠤᠰᠬᠠᠬᠤ ᠳᠠᠭᠠᠭᠠᠯᠲᠠ ᠶᠢᠨ ᠵᠢᠭᠡᠯᠡᠯᠭᠡ ᠲᠠᠯᠪᠢᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 3.87% ᠪᠠᠶᠢᠵᠤ᠂ ᠡᠵᠡᠮᠳᠡᠬᠦ ᠬᠠᠷᠠᠯᠲᠠ  ᠠᠴᠠ ᠳᠣᠣᠷ᠎ᠠ ᠪᠣᠯᠵᠤ᠂ ᠲᠤᠸ ᠮᠠ ᠭᠧᠦ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠪᠤᠰᠬᠠᠬᠤ ᠲᠤᠭᠤᠷᠢᠭ ᠢ ᠪᠤᠭᠤᠲᠤ ᠬᠤᠲᠠ ᠶᠢᠨ ᠦᠢᠯᠡᠰ ᠪᠤᠰᠬᠠᠵᠤ ᠬᠥᠭᠵᠢᠭᠦᠯᠬᠦ ᠰᠠᠭᠤᠷᠢᠨ ᠭᠠᠵᠠᠷ ᠢᠶᠠᠷ ᠲᠣᠭᠲᠠᠭᠠᠵᠤ᠂ ︽ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠥᠷᠲᠡᠭᠡ︾ ᠶᠢ ᠪᠥᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠠᠴᠠ ︽ᠬᠠᠮᠤᠭ ᠤᠨ ᠭᠤᠶᠣ ᠠᠵᠢᠯᠴᠢᠨ ᠤ ᠡᠪᠯᠡᠯ ᠤᠨ ᠭᠡᠷ ᠤᠨ ᠭᠠᠳᠠᠨᠠᠬᠢ ᠬᠥᠳᠡᠯᠮᠦᠷᠢᠴᠢᠳ ᠤᠨ ᠦᠢᠯᠡᠴᠢᠯᠡᠭᠡᠨ ᠤ ᠥᠷᠲᠡᠭᠡ︾ ᠪᠠᠷ ᠲᠣᠭᠲᠠᠭᠠᠪᠠ᠃ ᠬᠤᠲᠠ ᠬᠥᠳᠡᠭᠡ ᠶᠢᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ ᠲᠤᠰᠠᠯᠠᠵᠤ ᠠᠰᠠᠷᠠᠨ ᠲᠡᠵᠢᠭᠡᠬᠦ ᠵᠡᠷᠭᠡ ᠪᠠᠷᠢᠮᠵᠢᠶ᠎ᠠ ᠶᠢ ᠤᠯᠠᠮ ᠨᠢᠭᠡ ᠠᠯᠬᠤᠮ ᠰᠠᠶᠢᠵᠢᠷᠠᠭᠤᠯᠵᠤ᠂ 1.3 ᠲᠦᠮᠡ ᠭᠠᠷᠤᠢ ᠮᠠᠯᠴᠢᠨ ᠲᠠᠷᠢᠶᠠᠴᠢᠨ ᠡᠷᠦᠬᠡ ᠳᠤ ᠡᠩ ᠤᠨ ᠦᠨ᠎ᠡ ᠶᠢᠨ ᠨᠡᠭᠦᠷᠡᠰᠦ ᠬᠠᠩᠭᠠᠪᠠ᠃ ᠪᠠᠲᠤᠬᠠᠭᠠᠯᠭ᠎ᠠ ᠬᠤᠶᠠᠳᠤᠭᠠᠷ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠠᠶ ᠶᠢ ᠥᠭᠡᠷᠡᠴᠢᠯᠡᠬᠦ ᠵᠡᠷᠭᠡ 5 ᠲᠥᠷᠥᠯ ᠵᠦᠢᠯ ᠢ ᠪᠥᠬᠦ ᠲᠠᠯ᠎ᠠ ᠪᠠᠷ ᠳᠠᠭᠤᠰᠬᠠᠵᠤ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠢ ᠵᠥᠪᠰᠢᠶᠡᠷᠡᠯ ᠢᠶᠠᠷ ᠡᠬᠢᠯᠡᠭᠦᠯᠵᠦ᠂ ᠥᠨᠳᠥᠷ ᠳᠤᠮᠳᠠᠳᠤ ᠶᠢᠨ ᠰᠢᠯᠭᠠᠯᠲᠠ ᠶᠢᠨ ᠴᠢᠨᠠᠷ ᠰᠠᠶᠢᠲᠠᠢ ᠡᠯᠰᠡᠯᠲᠡ ᠶᠢᠨ ᠨᠣᠷᠮ᠎ᠠ᠂ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠵᠢᠩᠬᠢᠨᠢ ᠠᠩᠭᠢ ᠳᠤ ᠰᠢᠯᠭᠠᠵᠤ ᠤᠷᠤᠭᠰᠠᠨ ᠨᠣᠷᠮ᠎ᠠ ᠶᠢᠨ ︽ᠬᠤᠣᠰ ᠳᠠᠪᠰᠢᠯᠲᠠ︾ ᠶᠢ ᠪᠡᠶᠡᠯᠡᠭᠦᠯᠵᠦ᠂ ᠪᠥᠬᠦ ᠤᠯᠤᠰ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠢ ᠡᠭᠦᠳᠦᠨ ᠪᠠᠶᠢᠭᠤᠯᠬᠤ ᠠᠵᠢᠯ ᠥᠪᠡᠷᠲᠡᠭᠡᠨ ᠵᠠᠰᠠᠬᠤ ᠣᠷᠣᠨ ᠤ ᠦᠨᠡᠯᠡᠨ ᠵᠢᠱᠢᠬᠦ ᠰᠢᠯᠭᠠᠯᠲᠠ ᠳᠤ ᠬᠢᠷᠢ ᠲᠡᠩᠴᠡᠵᠦ᠂ ᠮᠠᠨ ᠤ ᠬᠤᠰᠢᠭᠤ ᠪᠥᠬᠦ ᠤᠯᠤᠰ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠵᠢᠱᠢᠶ᠎ᠡ ᠦᠵᠡᠭᠦᠯᠬᠦ ᠬᠤᠰᠢᠭᠤ ᠪᠠᠷ ᠨᠡᠷᠡᠶᠢᠳᠦᠭᠳᠡᠪᠡ᠃ ᠰᠢᠨ᠎ᠡ ᠪᠠᠷ ᠨᠡᠮᠡᠭᠳᠡᠭᠰᠡᠨ ᠭᠡᠷ ᠪᠦᠯᠢ ᠶᠢᠨ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠥᠷᠲᠡᠭᠡ 7 ᠪᠠᠶᠢᠵᠤ᠂ ᠮᠣᠩᠭᠤᠯ ᠡᠮᠨᠡᠯᠭᠡ ᠶᠢᠨ ᠬᠤᠷᠢᠶ᠎ᠠ ᠶᠢᠨ P C R ᠲᠤᠷᠰᠢᠯᠲᠠ ᠶᠢᠨ ᠲᠠᠰᠤᠭ᠂ ᠬᠤᠰᠢᠭᠤ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ ᠠᠰᠠᠷ ᠢ ᠥᠭᠡᠷᠡᠴᠢᠯᠡᠨ ᠵᠠᠰᠠᠬᠤ ᠢᠨᠵᠧᠨᠧᠷᠢᠩ ᠢ ᠠᠰᠢᠭᠯᠠᠯᠲᠠ ᠳᠤ ᠣᠷᠣᠭᠤᠯᠵᠤ᠂ ᠡᠮᠨᠡᠨ ᠰᠤᠪᠢᠯᠠᠬᠤ ᠮᠠᠶ᠋ᠢᠭ ᠤᠨ ᠨᠠᠰᠤᠵᠢᠯ ᠤᠨ ᠦᠢᠯᠡᠴᠢᠯᠡᠭᠡᠨ ᠤ ᠲᠥᠪ᠂ ᠵᠡᠮᠳᠡᠭᠴᠦᠳ ᠢ ᠨᠠᠶᠢᠳᠠᠨ ᠠᠰᠠᠷᠠᠭᠤᠯᠬᠤ ᠲᠥᠪ ᠤᠨ ᠪᠠᠷᠢᠯᠭ᠎ᠠ ᠳᠠᠭᠤᠰᠴᠤ᠂ ᠪᠥᠬᠦ ᠬᠤᠲᠠ ᠶᠢᠨ ᠠᠩᠬᠠᠳᠠᠭᠴᠢ ︽5G ᠨᠡᠭᠦᠳᠡᠯ ᠰᠠ ᠡᠪᠡᠳᠴᠢᠨ ᠤ ᠡᠮᠴᠢᠯᠡᠭᠡ︾ ᠶᠢᠨ ᠲᠦᠷᠭᠡᠨ ᠠᠪᠤᠷᠠᠯᠳᠠ ᠶᠢᠨ ᠲᠡᠷᠭᠡ ᠶᠢ ᠬᠤᠰᠢᠭᠤ ᠡᠮᠨᠡᠯᠭᠡ ᠶᠢᠨ ᠬᠤᠷᠢᠶ᠎ᠠ ᠳᠤ ᠲᠤᠬᠢᠷᠠᠭᠤᠯᠪᠠ᠃ ᠲᠣᠭᠯᠠᠯᠲᠠ ᠶᠢᠨ ᠤᠷᠠᠯᠢᠭ ᠤᠨ ᠲᠥᠪ ᠢ ᠵᠠᠰᠠᠨ ᠴᠢᠮᠡᠭᠯᠡᠵᠦ᠂ ︽ᠲᠠᠯ᠎ᠠ ᠨᠤᠲᠤᠭ ᠤᠨ ᠦᠷ ᠤᠨ ᠲᠤᠶᠠᠭ᠎ᠠ︾ ᠳᠠᠭᠤᠤ ᠬᠥᠭᠵᠢᠮᠲᠦ ᠵᠦᠴᠦᠭᠡ ᠥᠪᠡᠷᠲᠡᠭᠡᠨ ᠵᠠᠰᠠᠬᠤ ᠣᠷᠣᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ᠲᠠᠪᠤᠨ ᠨᠢᠭᠡ︾ ᠢᠨᠵᠧᠨᠧᠷᠢᠩ ᠤᠨ ᠱᠠᠩᠨᠠᠯ ᠬᠦᠷᠲᠡᠵᠤ᠂ ᠮᠣᠩᠭᠤᠯ ᠰᠢᠲᠠᠷ᠎ᠠ ᠶᠢᠨ ᠰᠡᠶᠢᠯᠦᠮᠡᠯ᠂ ᠮᠥᠩᠭᠦᠨ ᠵᠠᠰᠠᠯ ᠦᠢᠯᠡᠳᠬᠦ ᠮᠡᠷᠭᠡᠵᠢᠯ ᠨᠢ ᠳᠣᠯᠣᠳᠤᠭᠠᠷ ᠪᠦᠯᠦᠭ ᠤᠨ ᠬᠤᠳᠠ ᠶᠢᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠤᠨ ᠨᠡᠷᠡᠰ ᠤᠨ ᠵᠢᠭᠰᠠᠭᠠᠯᠲᠠ ᠳᠤ ᠣᠷᠣᠵᠤ᠂ ᠪᠣᠳᠠᠰ ᠤᠨ ᠪᠤᠰᠤ ᠰᠣᠶᠣᠯ ᠤᠨ ᠥᠪ ᠤᠨ ᠣᠬᠤᠷ ᠸᠢᠳᠢᠤ᠋ ︽ᠤᠷᠠᠨ ᠰᠠᠨᠠᠭ᠎ᠠ︾ ᠨᠢ ᠨᠢᠦ᠋ ᠶᠣᠷᠺ ᠤᠨ ᠴᠠᠭ ᠦᠶ᠎ᠡ ᠶᠢᠨ ᠠᠭᠤᠳᠠᠮ ᠲᠠᠯᠠᠪᠠᠢ ᠶᠢᠨ ︽ᠳᠤᠮᠳᠠᠳᠤ  ᠶᠢᠨ ᠳᠡᠯᠭᠡᠴᠡ︾ ᠪᠠᠷ ᠭᠠᠷᠪᠠ᠃   ᠨᠠᠢᠮᠠ ᠳᠤ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ ᠲᠣᠭᠲᠠᠭᠤᠨ ᠪᠠᠶᠢᠵᠤ᠂ ᠦᠷᠭᠦᠯᠵᠢᠯᠡᠨ ᠪᠠᠬᠢᠵᠢᠪᠡ᠃ ᠳᠤᠮᠳᠠᠳᠤ  ᠶᠢᠨ ᠦᠨᠳᠦᠰᠦᠲᠡᠨ ᠤ ᠬᠠᠮᠲᠤ  ᠶᠢᠨ ᠴᠣᠭᠴᠠ  ᠶᠢᠨ ᠤᠬᠠᠮᠰᠠᠷ ᠤᠨ ᠬᠥᠮᠦᠵᠢᠯ ᠦᠢᠯᠡᠳᠦᠯᠭᠡ  ᠶᠢᠨ ᠰᠠᠭᠤᠷᠢᠨ ᠭᠠᠵᠠᠷ  ᠢ ᠴᠣᠭᠴᠠᠯᠠᠨ ᠪᠠᠶᠢᠭᠤᠯᠵᠤ᠂ ᠬᠤᠲᠠ  ᠶᠢᠨ ᠱᠠᠲᠤᠨ  ᠠᠴᠠ ᠳᠡᠭᠡᠭᠰᠢᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ  ᠶᠢᠨ ᠵᠢᠱᠢᠶ᠎ᠡ ᠦᠵᠡᠭᠦᠯᠬᠦ ᠨᠢᠭᠡᠴᠢ 5 ᠨᠡᠮᠡᠭᠳᠡᠵᠦ᠂ ᠮᠠᠨ ᠤ ᠬᠤᠰᠢᠭᠤ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ  ᠶᠢᠨ ᠵᠢᠱᠢᠶ᠎ᠡ ᠦᠵᠡᠭᠦᠯᠬᠦ ᠬᠤᠰᠢᠭᠤ ᠪᠠᠷ ᠨᠡᠷᠡᠶᠢᠳᠦᠭᠳᠡᠪᠡ᠃15 ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢᠨ ᠲᠦᠷᠦᠯ ᠵᠦᠢᠯ ᠢ ᠪᠦᠬᠦᠨ ᠢ ᠪᠠᠶᠢᠭᠤᠯᠵᠤ᠂ ᠬᠢᠯᠢ ᠬᠢᠵᠠᠭᠠᠷ ᠤᠨ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠪᠠ᠃ 5.36 ᠳ᠋ᠦᠩᠰᠢᠭᠤᠷ ᠲᠥᠭᠦᠷᠢᠭ ᠤᠨ ᠵᠠᠰᠠᠭ ᠤᠨ ᠣᠷᠳᠣᠨ ᠤ ᠳᠠᠯᠳᠠ ᠥᠭᠴᠡᠭᠡ ᠶᠢ ᠠᠷᠢᠯᠭᠠᠬᠤ ᠡᠭᠦᠷᠭᠡ ᠶᠢ ᠬᠤᠶᠠᠷ ᠰᠠᠷ᠎ᠠ ᠤᠷᠢᠳᠴᠢᠯᠠᠨ ᠪᠡᠶᠡᠯᠡᠭᠦᠯᠵᠦ᠂ ᠠᠷᠠᠳ ᠤᠨ ᠡᠵᠡᠩᠨᠡᠭᠰᠡᠨ ᠳᠤᠮᠳᠠ ᠵᠢᠵᠢᠭ ᠠᠵᠤ ᠠᠬᠤᠶᠢᠯᠠᠯ ᠤᠨ 1186 ᠲᠦᠮᠡᠨ ᠲᠥᠭᠦᠷᠢᠭ ᠤᠨ ᠵᠣᠭᠤᠰ ᠢ ᠲᠥᠯᠥᠵᠦ ᠳᠠᠭᠤᠰᠬᠠᠪᠠ᠃ ᠴᠠᠬᠢᠯᠭᠠᠨ ᠬᠤᠯᠪᠤᠭᠠᠨ ᠤ ᠮᠡᠬᠡᠯᠡᠯ ᠤᠨ ᠬᠡᠷᠡᠭ᠂ ᠡᠷᠡᠭᠦᠦ ᠶᠢᠨ ᠬᠡᠷᠡᠭ ᠤᠨ ᠲᠤᠭ᠎ᠠ ᠲᠣᠰ ᠲᠣᠰ 47.1% ᠪᠠ 32.4% ᠪᠠᠷ ᠪᠠᠭᠤᠷᠠᠵᠤ᠂ 2018 ᠣᠨ ᠠᠴᠠ ᠨᠠᠰᠢ ᠠᠩᠬ᠎ᠠ ᠤᠳᠠᠭ᠎ᠠ ᠠᠮᠢᠨ ᠬᠡᠷᠡᠭ ᠭᠠᠷᠤᠭᠰᠠᠨ ᠦᠭᠡᠢ ᠤᠨ ᠪᠤᠯᠪᠠ᠃ ᠲᠥᠪ ᠬᠤᠷᠢᠶᠠᠨ ᠤ ᠬᠠᠮᠲᠤᠷᠠᠭᠰᠠᠨ ᠠᠯᠪᠠᠨ ᠭᠡᠷ ᠪᠠ ᠥᠪᠡᠷᠲᠡᠭᠡᠨ ᠵᠠᠰᠠᠬᠤ ᠣᠷᠣᠨ ᠤ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠪᠦᠬᠦᠨ ᠢ ᠰᠢᠢᠳᠪᠦᠷᠢᠯᠡᠨ ᠳᠠᠭᠤᠰᠬᠠᠵᠤ᠂ ᠵᠠᠬᠢᠳᠠᠯ ᠰᠣᠷᠪᠤᠯᠵᠢᠯᠠᠭ᠎ᠠ ᠶᠢᠨ ︽ᠭᠤᠷᠪᠠᠨ ᠨᠣᠷᠮ᠎ᠠ︾ ᠨᠢ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠳᠠᠪᠠᠪᠠ᠃ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠡᠭᠦᠷᠭᠡ ᠶᠢ ᠪᠦᠬᠦᠨ ᠢ ᠪᠡᠶᠡᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠣᠶᠤᠨᠴᠢ ᠬᠠᠮᠢᠶᠠᠷᠤᠯᠲᠠ ᠶᠢᠨ ᠲᠠᠪᠴᠠᠩ ᠢ ᠲᠤᠷᠰᠢᠨ ᠠᠵᠢᠯᠯᠠᠭᠤᠯᠪᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠢ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠷᠠᠳᠴᠢᠯᠠᠯ ᠲᠠᠢ ᠬᠠᠤᠯᠢ ᠪᠠᠷ ᠵᠠᠰᠠᠬᠤ ᠭᠠᠴᠠᠭ᠎ᠠ ᠶᠢᠨ ᠵᠢᠱᠢᠶ᠎ᠡ ᠦᠵᠡᠭᠦᠯᠬᠦ ᠲᠣᠰᠬᠤᠨ 3 ᠶᠢ ᠡᠭᠦᠳᠦᠨ ᠪᠠᠶᠢᠭᠤᠯᠵᠤ᠂ ᠦᠨᠳᠦᠰᠦᠨ ᠱᠠᠲᠤᠨ ᠤ ᠨᠠᠷᠠᠲᠤ ᠲᠡᠮᠳᠡᠭᠲᠦ ᠡᠶᠡᠳᠡᠭᠦᠯᠬᠦ ᠠᠵᠢᠯ ᠤᠨ ᠲᠠᠰᠤᠭ ᠢ  ᠨᠡᠶᠢᠳᠡᠮ ᠪᠦᠷᠭᠦᠭᠦᠯᠪᠡ᠃    ᠨᠢᠭᠡ ᠵᠢᠯ ᠤᠨ ᠲᠤᠷᠰᠢ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠨ ᠬᠠᠷᠠᠭᠠᠯᠵᠠᠬᠤ᠂ ᠴᠡᠷᠢᠭ ᠠᠴᠠ ᠬᠠᠯᠠᠭᠳᠠᠭᠰᠠᠳ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠠᠵᠢᠯ ᠴᠥᠮ ᠰᠢᠨ᠎ᠡ ᠠᠮᠵᠢᠯᠲᠠ ᠪᠦᠲᠦᠮᠵᠢ ᠣᠯᠵᠤ᠂ ᠪᠦᠷᠢᠳᠬᠡᠨ ᠪᠠᠶᠢᠴᠠᠭᠠᠬᠤ᠂ ᠲᠠᠩᠰᠠ ᠡᠪᠬᠡᠮᠡᠯ ᠤᠨ ᠨᠢᠭᠤᠴᠠ ᠶᠢ ᠬᠠᠮᠠᠭᠠᠯᠠᠬᠤ᠂ ᠭᠠᠵᠠᠷ ᠬᠥᠳᠡᠯᠦᠯᠲᠡ ᠴᠠᠭ ᠠᠭᠤᠷ᠂ ᠭᠠᠵᠠᠷ ᠰᠢᠨᠵᠢᠯᠡᠭᠡᠨ ᠤ ᠬᠡᠮᠵᠢᠨ ᠵᠢᠷᠤᠭᠯᠠᠯᠲᠠ ᠵᠡᠷᠭᠡ ᠠᠵᠢᠯ ᠦᠢᠯᠡᠰ ᠴᠥᠮ ᠰᠢᠨ᠎ᠡ ᠠᠮᠵᠢᠯᠲᠠ ᠪᠦᠲᠦᠮᠵᠢ ᠣᠯᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠨᠠᠰᠤᠲᠠᠶᠢᠴᠤᠳ ᠤᠨ ᠵᠥᠪᠯᠡᠯ᠂ ᠬᠤᠶᠢᠴᠢ ᠦᠶ᠎ᠡ ᠶᠢᠨ ᠬᠢᠨ ᠢ ᠬᠠᠷᠠᠭᠠᠯᠵᠠᠬᠤ ᠠᠵᠢᠯ ᠤᠨ ᠵᠥᠪᠯᠡᠯ ᠵᠡᠷᠭᠡ ᠵᠣᠬᠢᠶᠠᠨ ᠪᠠᠶᠢᠭᠤᠯᠤᠯᠲᠠ ᠴᠥᠮ ᠰᠢᠨ᠎ᠡ ᠪᠠᠶᠢᠳᠠᠯ ᠲᠠᠢ ᠪᠣᠯᠪᠠ᠃    ᠨᠢᠭᠡ ᠵᠢᠯ ᠤᠨ ᠲᠤᠷᠰᠢ᠂ ᠪᠢᠳᠡ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠬᠤᠶᠠᠷ ᠢ ᠲᠣᠭᠲᠠᠭᠠᠬᠤ︾ ᠶᠢ  ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠪᠡ᠃ ᠲᠣᠭᠤᠷᠢᠨ ᠦᠵᠡᠵᠤ ᠲᠣᠭᠤᠷᠢᠨ ᠪᠠᠶᠢᠴᠠᠭᠠᠬᠤ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠬᠢᠨᠠᠮᠠᠭᠠᠢ ᠠᠳᠬᠤᠵᠤ᠂ ᠨᠢᠭᠡ ᠪᠦᠯᠦᠭ ᠲᠣᠪᠣᠶᠢᠮ᠎ᠠ ᠠᠰᠠᠭᠤᠳᠠᠯ ᠢ ᠪᠦᠲᠦᠮᠵᠢᠲᠡᠶ ᠪᠠᠷ ᠰᠢᠢᠳᠪᠦᠷᠢᠯᠡᠬᠦ ᠶᠢ ᠲᠦᠯᠬᠢᠨ ᠠᠬᠢᠭᠤᠯᠪᠠ᠃ ᠴᠢᠬᠤᠯᠠ ᠶᠡᠭᠡ ᠤᠴᠢᠷ ᠶᠠᠪᠤᠳᠠᠯ ᠢ ᠬᠤᠰᠢᠭᠤᠨ ᠤ ᠨᠠᠮ ᠤᠨ ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ 51 ᠬᠤᠪᠢ ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ᠂ 109 ᠬᠤᠪᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ  ᠰᠠᠨᠠᠯ ᠳᠤᠷᠠᠳᠤᠯᠭ᠎ᠠ ᠶᠢ ᠰᠢᠢᠳᠪᠦᠷᠢᠯᠡᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠭᠰᠡᠨ ᠨᠣᠷᠮ᠎ᠠ ᠶᠢ 100% ᠪᠠᠷ ᠪᠠᠲᠤᠯᠠᠪᠠ᠃ ᠠᠷᠪᠢᠯᠠᠨ ᠭᠠᠮᠨᠠᠬᠤ ᠶᠢ ᠪᠠᠷᠢᠮᠲᠠᠯᠠᠵᠤ᠂ ᠪᠦᠬᠦ ᠵᠢᠯ ᠳᠤ ᠡᠩ ᠤᠨ ᠴᠢᠨᠠᠷᠲᠠᠢ ᠵᠠᠷᠤᠯᠭ᠎ᠠ ᠶᠢ 3% ᠪᠠᠷ ᠪᠠᠭᠠᠰᠬᠠᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠦᠭᠦᠮ ᠦᠵᠡᠭᠦᠯᠬᠦ 12345 ᠦᠢᠯᠡᠴᠢᠯᠡᠭᠡᠨ ᠤ ᠤᠲᠠᠰᠤ ᠶᠢ ᠰᠢᠯᠢᠳᠡᠭᠵᠢᠭᠦᠯᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠡᠶᠢᠳᠡ 1.3 ᠲᠦᠮᠡᠨ ᠬᠤᠪᠢ ᠰᠢᠢᠳᠪᠦᠷᠢᠯᠡᠪᠡ᠃ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠵᠠᠰᠠᠭ ᠤᠨ ᠣᠷᠳᠣᠨ ᠤ ᠠᠵᠢᠯ ᠤᠨ ᠦᠷ᠎ᠡ ᠪᠦᠲᠦᠮᠵᠢ᠂ ᠨᠠᠶᠢᠳᠠᠪᠤᠷᠢᠵᠢᠭᠤᠯᠤᠭᠰᠠᠨ ᠦᠷ᠎ᠡ ᠪᠦᠲᠦᠮᠵᠢ᠂ ᠵᠠᠰᠠᠯᠲᠠ ᠶᠢᠨ ᠦᠷ᠎ᠡ ᠪᠦᠲᠦᠮᠵᠢ ᠲᠠᠰᠤᠷᠠᠯᠲᠠ ᠦᠭᠡᠢ ᠳᠡᠭᠡᠭᠰᠢᠯᠡᠪᠡ᠃    ᠲᠥᠯᠥᠭᠡᠯᠡᠭᠴᠢᠳ ᠠ᠋︕ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ ᠳᠠᠮᠵᠢᠨ᠂ ᠪᠢᠳᠡ ᠤᠷᠢᠳᠤ ᠡᠮᠦᠨ᠎ᠡ ᠭᠠᠷᠤᠭ᠎ᠠ ᠦᠭᠡᠢ ᠬᠦᠴᠢᠷ ᠪᠡᠷᠬᠡᠰᠢᠶᠡᠯ ᠪᠠ ᠥᠷᠢᠰᠦᠯᠳᠦᠭᠡᠨ ᠢ ᠢᠯᠠᠨ ᠳᠠᠪᠠᠭᠰᠠᠨ ᠶᠤᠮ᠂ ᠡᠨᠡ ᠪᠦᠬᠦᠨ ᠲᠡᠶᠢᠮᠦ ᠬᠢᠯᠪᠡᠷ ᠪᠠᠶᠢᠭ᠎ᠠ ᠦᠭᠡᠢ᠃ ᠮᠠᠷᠲᠠᠭᠳᠠᠰᠢ ᠦᠭᠡᠢ ᠵᠦᠢᠯ ᠭᠡᠪᠡᠯ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠤᠨ ᠡᠮᠦᠨ᠎ᠡ᠂ ᠲᠠᠯ᠎ᠠ ᠨᠤᠲᠤᠭ ᠤᠨ 11 ᠲᠦᠮᠡᠨ ᠪᠠᠭᠠᠲᠤᠷ ᠬᠥᠪᠡᠭᠦᠳ ᠥᠬᠢᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠮᠥᠷᠥ ᠵᠡᠷᠭᠡᠴᠡᠨ ᠪᠠᠶᠢᠯᠳᠤᠵᠤ᠂ ᠴᠠᠭ ᠬᠤᠭᠤᠴᠠᠭ᠎ᠠ ᠲᠠᠢ ᠤᠷᠤᠯᠳᠤᠨ᠂ ᠡᠪᠡᠳᠴᠢᠨ ᠡᠮᠭᠡᠭ ᠲᠠᠢ ᠦᠵᠡᠯᠴᠡᠵᠦ᠂ ᠠᠷᠭ᠎ᠠ ᠪᠦᠬᠦᠨ ᠢ ᠰᠦᠪᠡᠭᠴᠢᠯᠡᠵᠦ ᠵᠤᠬᠢᠴᠠᠭᠤᠯᠤᠨ᠂ ᠪᠥᠭᠡᠮ ᠬᠦᠴᠢᠯ ᠤᠨ ᠪᠠᠶᠢᠴᠠᠭᠠᠯᠲᠠ᠂ ᠨᠡᠶᠢᠭᠡᠮ ᠢ ᠬᠠᠮᠢᠶᠠᠷᠤᠨ ᠡᠵᠡᠮᠳᠡᠬᠦ᠂ ᠡᠮᠴᠢᠯᠡᠭᠡ ᠪᠠᠷ ᠠᠪᠤᠷᠠᠨ ᠳᠤᠰᠠᠯᠠᠬᠤ᠂ ᠲᠤᠰᠠᠭᠠᠷᠯᠠᠨ ᠲᠥᠪᠬᠢᠨᠡᠭᠦᠯᠬᠦ ᠵᠡᠷᠭᠡ ᠰᠡᠳᠬᠢᠭᠳᠡᠰᠢ ᠦᠭᠡᠢ ᠬᠦᠴᠢᠷᠳᠡᠯ ᠢ ᠢᠯᠠᠨ ᠳᠠᠪᠠᠵᠤ᠂ ᠬᠠᠯᠠᠭᠤᠨ ᠰᠡᠳᠬᠢᠯ ᠢᠶᠠᠷ 281 ᠨᠡᠷᠡᠰ ᠦᠪᠦᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠣᠶᠤᠲᠠᠨ ᠢ ᠰᠢᠯᠵᠢᠭᠦᠯᠦᠨ ᠠᠪᠴᠢᠷᠠᠵᠤ ᠲᠤᠰᠠᠭᠠᠷᠯᠠᠨ ᠡᠮᠨᠡᠵᠤ᠂ 1020 ︽ᠪᠢᠴᠢᠬᠠᠨ ᠨᠦᠷ᠎ᠡ︾ ᠶᠢ ᠬᠠᠮᠠᠭᠠᠯᠠᠨ ᠨᠤᠲᠤᠭ ᠲᠤ ᠨᠢ ᠪᠤᠴᠠᠭᠠᠵᠤ᠂ 95 ᠬᠥᠮᠥᠨ ᠤᠳᠠᠭ᠎ᠠ ᠶᠢᠨ ᠡᠮᠨᠡᠯᠭᠡ ᠶᠢᠨ ᠠᠵᠢᠯᠲᠠᠨ ᠢ ᠲᠣᠮᠢᠯᠠᠨ ᠬᠥᠷᠰᠢ ᠵᠡᠷᠭᠡᠯᠡᠳᠡᠭᠡ ᠲᠣᠭᠤᠷᠢᠭ ᠰᠢᠶᠠᠨ ᠢ ᠲᠤᠰᠠᠯᠠᠭᠤᠯᠵᠤ᠂ ᠬᠠᠮᠤᠭ ᠤᠨ ᠣᠬᠤᠷᠬᠠᠨ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠮᠠᠭᠲᠠᠭᠠᠯ ᠰᠠᠶᠢᠰᠢᠶᠠᠯ ᠢ ᠣᠯᠵᠤ᠂ ᠰᠢᠷᠭᠠᠭᠤ ᠬᠠᠲᠠᠭᠤᠵᠢᠯᠲᠠᠢ ᠪᠠᠷ ᠡᠷᠡᠯᠬᠡᠭᠯᠡᠨ ᠪᠠᠶᠢᠯᠳᠤᠵᠤ ᠂ ᠬᠦᠴᠢᠷ ᠢ ᠳᠠᠪᠠᠨ ᠤᠷᠤᠭᠰᠢᠯᠠᠵᠤ ᠪᠠᠶᠢᠭ᠎ᠠ ᠬᠦᠮᠦᠰ ᠤᠨ ᠰᠡᠳᠬᠢᠯ ᠢ ᠳᠣᠭᠳᠣᠯᠤᠭᠤᠯᠤᠮ᠎ᠠ ᠦᠵᠡᠭᠳᠡᠯ ᠤᠳ ᠨᠢ ᠪᠢᠳᠡᠨ ᠤ ᠡᠭᠦᠷᠢᠳᠡ ᠮᠠᠷᠲᠠᠬᠤ ᠦᠭᠡᠢ ᠬᠠᠮᠲᠤ ᠶᠢᠨ ᠳᠤᠷᠠᠳᠬᠠᠯ ᠪᠣᠯᠤᠭᠰᠠᠨ ᠪᠠᠶᠢᠨ᠎ᠠ᠃ ᠬᠥᠮᠥᠰ ᠢ ᠵᠣᠷᠢᠭᠵᠢᠭᠤᠯᠤᠮ᠎ᠠ ᠶᠠᠪᠤᠳᠠᠯ ᠭᠡᠪᠡᠯ᠂ ᠦᠷᠭᠦᠯᠵᠢᠯᠡᠨ ᠨᠡᠮᠡᠭᠳᠡᠵᠦ ᠪᠠᠶᠢᠭ᠎ᠠ ᠠᠵᠤ ᠠᠬᠤᠢ ᠶᠢᠨ ᠪᠠᠭᠤᠷᠠᠯᠲᠠ ᠶᠢᠨ ᠳᠠᠷᠤᠭᠠᠰᠤ ᠶᠢᠨ ᠡᠮᠦᠨ᠎ᠡ᠂ ᠪᠢᠳᠡ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠷᠢᠮᠲᠠᠯᠠᠵᠤ᠂ ︽ᠭᠤᠷᠪᠠ ᠶᠢ ᠲᠡᠮᠡᠴᠡᠨ ᠣᠯᠬᠤ︾ ᠪᠠᠷ ᠭᠠᠷᠳᠠᠴᠠ ᠪᠣᠯᠭᠠᠵᠤ᠂ ᠪᠦᠬᠦ ᠬᠦᠴᠦᠨ ᠢᠶᠠᠷ ᠢᠶᠠᠨ ᠰᠢᠨ᠎ᠡ ᠨᠡᠮᠡᠭᠳᠡᠯ ᠤᠨ ᠬᠡᠮᠵᠢᠶ᠎ᠡ ᠶᠢ ᠪᠤᠢ ᠪᠤᠯᠭᠠᠵᠤ᠂ ᠦᠷᠯᠦᠭᠡ ᠦᠳᠡᠰᠢ ᠦᠭᠡᠢ ᠲᠡᠮᠡᠴᠡᠨ ᠰᠢᠨ᠎ᠡ ᠬᠥᠳᠡᠯᠭᠡᠭᠦ ᠬᠦᠴᠦᠨ ᠢ ᠡᠭᠦᠳᠴᠦ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠰ ᠤᠨ ᠲᠥᠷᠥᠯ ᠵᠦᠢᠯ 29 ᠶᠢ ᠰᠢᠨ᠎ᠡ ᠪᠠᠷ ᠠᠵᠢᠯ ᠡᠬᠢᠯᠡᠭᠦᠯᠵᠦ᠂ ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ 12 ᠪᠠᠶᠢᠵᠤ᠂ ᠡᠯ᠎ᠡ ᠲᠥᠷᠥᠯ ᠤᠨ ᠪᠡᠯᠡ ᠮᠥᠩᠭᠦ ᠶᠢ 13.5 ᠳ᠋ᠦᠩᠰᠢᠭᠤᠷ ᠲᠥᠭᠦᠷᠢᠭ ᠣᠯᠵᠤ᠂ 10.6% ᠪᠠᠷ ᠨᠡᠮᠡᠭᠳᠡᠭᠦᠯᠦᠨ᠂ ᠬᠤᠲᠠ ᠶᠢᠨ ᠲᠠᠰ  ᠠᠴᠠ ᠳᠡᠭᠡᠭᠰᠢᠬᠢ 15 ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠪᠠᠷ ᠴᠢᠷᠮᠠᠶᠢᠵᠤ᠂ ᠠᠯᠬᠤᠮ ᠠᠯᠬᠤᠮ ᠢᠶᠠᠷ ᠵᠢᠷᠤᠭᠯᠠᠨ ᠲᠥᠯᠥᠪᠯᠡᠭᠰᠡᠨ ᠵᠢᠷᠤᠭ ᠲᠥᠰᠥᠪ᠂ ᠲᠦᠷᠭᠡᠨ ᠬᠥᠭᠵᠢᠯᠳᠡ ᠶᠢᠨ ᠵᠢᠭᠠᠯᠳᠠ ᠱᠤᠭᠤᠮ᠂ ᠨᠢᠰᠬᠦ ᠮᠡᠲᠦ ᠲᠦᠷᠭᠡᠨ ᠳᠡᠭᠡᠭᠰᠢᠯᠡᠭᠰᠡᠨ ᠲᠤᠭ᠎ᠠ ᠪᠠᠷᠢᠮᠲᠠ ᠨᠤᠭᠤᠳ ᠨᠢ ᠥᠷᠯᠥᠭᠡ ᠦᠳᠡᠰᠢ ᠦᠭᠡᠢ ᠲᠡᠮᠡᠴᠡᠨ ᠲᠥᠷᠥᠯ ᠵᠦᠢᠯ ᠢ ᠠᠳᠬᠤᠬᠤ ᠠᠮᠢᠳᠤᠯᠢᠭ ᠪᠠᠶᠢᠳᠠᠯ ᠢ ᠢᠯᠡᠷᠡᠭᠦᠯᠵᠦ᠂ ᠬᠥᠭᠵᠢᠯᠲᠡ ᠶᠢ ᠡᠷᠢᠯᠬᠢᠯᠡᠬᠦ ᠣᠷᠭᠢᠯᠤᠮ᠎ᠠ ᠬᠠᠯᠠᠭᠤᠨ ᠰᠡᠳᠬᠢᠯᠭᠡ ᠶᠢ ᠳᠠᠬᠢᠨᠲᠠ ᠬᠥᠭᠵᠢᠭᠡᠪᠡ᠃ ᠪᠠᠶᠠᠷᠯᠠᠭᠤᠰᠢᠲᠠᠢ ᠶᠠᠪᠤᠳᠠᠯ ᠭᠡᠪᠡᠯ᠂ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶᠢᠯᠭᠠᠬᠤ ᠬᠠᠲᠠᠭᠤ ᠪᠡᠷᠬᠡ ᠡᠭᠦᠷᠭᠡ ᠶᠢᠨ ᠡᠮᠦᠨ᠎ᠡ᠂ ᠮᠠᠨ ᠤ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷᠴᠤᠳ ᠨᠠᠮ ᠤᠨ ᠲᠤᠭ ᠤᠨ ᠳᠣᠣᠷ᠎ᠠ ︽ᠪᠣᠯᠣᠳ ᠬᠡᠷᠡᠮ︾ ᠪᠣᠯᠣᠨ ᠪᠦᠯᠬᠦᠮᠳᠡᠵᠦ᠂ ᠬᠦᠴᠢᠷ ᠠᠴᠠ ᠠᠶᠤᠬᠤ ᠦᠭᠡᠢ᠂ ᠬᠠᠷᠢᠭᠤᠴᠠᠯᠭ᠎ᠠ ᠠᠴᠠ ᠠᠶᠤᠬᠤ ᠦᠭᠡᠢ᠂ ᠬᠥᠮᠥᠨ ᠪᠣᠯᠭᠠᠨ ᠳᠠᠷᠬᠠᠨ ᠮᠤᠤᠮᠢᠩᠭᠠᠨ ᠤ ᠬᠥᠭᠵᠢᠯᠲᠡ ᠶᠢᠨ ᠣᠷᠣᠯᠴᠠᠭᠴᠢ᠂ ᠠᠬᠢᠭᠤᠯᠤᠭᠴᠢ᠂ ᠭᠠᠪᠰᠢᠭᠠᠶᠢᠯᠠᠭᠴᠢ ᠪᠣᠯᠬᠤ ᠪᠠᠷ ᠴᠢᠷᠮᠠᠶᠢᠵᠤ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠥᠮᠥᠰ ᠤᠨ ᠳᠠᠪᠰᠢᠬᠤ ᠶᠢ ᠪᠤᠳᠤᠬᠤ᠂ ᠤᠷᠤᠭᠰᠢᠯᠠᠬᠤ ᠶᠢ ᠪᠤᠳᠤᠬᠤ᠂ ᠠᠵᠢᠯᠯᠠᠬᠤ ᠶᠢ ᠪᠤᠳᠤᠬᠤ ᠠᠮᠢᠳᠤᠯᠢᠭ ᠬᠡᠪ ᠪᠠᠶᠢᠳᠠᠯ ᠢ ᠪᠣᠶ ᠪᠣᠯᠭᠠᠭᠰᠠᠨ ᠪᠠᠶᠢᠨ᠎ᠠ᠃     ᠡᠳᠡᠭᠡᠷ ᠠᠮᠵᠢᠯᠲᠠ ᠶᠢ ᠣᠯᠣᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠢᠨᠵᠢᠯᠡᠬᠦ ᠤᠬᠠᠭᠠᠨᠴᠢ ᠪᠠᠷ ᠵᠢᠯᠤᠭᠤᠳᠴᠤ᠂ ᠠᠮᠢᠳᠤᠯᠢᠭ ᠦᠢᠯᠡᠳᠦᠯᠭᠡᠵᠢᠭᠦᠯᠦᠭᠰᠡᠨ ᠤ ᠦᠷ᠎ᠡ ᠳ᠋ᠦᠩ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠴᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ ᠳ᠋ᠦᠩ᠂ ᠬᠤᠰᠢᠭᠤ ᠨᠠᠮ ᠤᠨ ᠬᠤᠷᠢᠶ᠎ᠠ ᠶᠢᠨ ᠪᠥᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠡᠷᠡᠰ ᠴᠢᠩᠭ᠎ᠠ ᠤᠳᠤᠷᠢᠳᠤᠭᠰᠠᠨ ᠤ ᠦᠷ᠎ᠡ ᠳ᠋ᠦᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠪᠦᠲᠦᠮᠵᠢᠲᠡᠶ ᠬᠢᠨᠠᠯᠲᠠ ᠲᠠᠯᠪᠢᠵᠤ᠂ ᠬᠦᠴᠦᠲᠡᠢ ᠳᠡᠮᠵᠢᠭᠰᠡᠨ ᠤ ᠦᠷ᠎ᠡ ᠳ᠋ᠦᠩ᠂ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠤ ᠪᠦᠯᠬᠦᠮᠳᠡᠨ ᠲᠡᠮᠡᠴᠡᠵᠦ᠂ ᠰᠢᠷᠭᠠᠭᠤ ᠠᠵᠢᠯᠯᠠᠵᠤ ᠪᠣᠳᠠᠲᠠᠢ ᠠᠵᠢᠯᠯᠠᠭᠰᠠᠨ ᠤ ᠦᠷ᠎ᠡ ᠳ᠋ᠦᠩ ᠪᠣᠯᠣᠨ᠎ᠠ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠡᠯ᠎ᠡ ᠹᠷᠣᠨᠲ ᠲᠤ ᠰᠢᠷᠭᠠᠭᠤ ᠠᠵᠢᠯᠯᠠᠵᠤ ᠪᠠᠶᠢᠭ᠎ᠠ ᠥᠷᠭᠡᠨ ᠣᠯᠠᠨ ᠺᠠᠳ᠋ᠷ ᠣᠯᠠᠨ ᠲᠦᠮᠡᠨ ᠳᠤ ᠵᠠᠰᠠᠭ ᠤᠨ ᠣᠷᠳᠣᠨ ᠤ ᠠᠵᠢᠯ ᠢ ᠶᠡᠭᠡ ᠪᠠᠷ ᠳᠡᠮᠵᠢᠵᠦ ᠪᠠᠶᠢᠭ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠥᠰ ᠪᠠ ᠡᠯ᠎ᠡ ᠠᠷᠠᠳ ᠤᠨ ᠪᠦᠯᠬᠦᠮ᠂ ᠬᠤᠰᠢᠭᠤᠨ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠶᠢᠨ ᠭᠡᠰᠢᠭᠦᠨ ᠪᠣᠯᠣᠨ ᠬᠤᠰᠢᠭᠤᠨ ᠳᠤ ᠰᠠᠭᠤᠭ᠎ᠠ ᠪᠠᠶᠢᠭᠤᠯᠭ᠎ᠠ ᠨᠢᠭᠡᠴᠢ᠂ ᠡᠯ᠎ᠡ ᠠᠬᠠᠮᠠᠳ ᠤᠳᠤᠷᠢᠳᠤᠯᠭ᠎ᠠ᠂ ᠠᠬᠠᠮᠠᠳ ᠨᠥᠬᠦᠳ ᠪᠣᠯᠣᠨ ᠳᠠᠷᠬᠠᠨ ᠮᠤᠤᠮᠢᠩᠭᠠᠨ ᠤ ᠥᠭᠡᠷᠡᠴᠢᠯᠡᠯᠲᠡ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠬᠦᠨᠳᠦᠳᠬᠡᠯ ᠢᠶᠠᠨ ᠳᠡᠪᠰᠢᠭᠦᠯᠦᠶ᠎ᠡ︕    ᠠᠮᠵᠢᠯᠲᠠ ᠪᠠᠨ ᠣᠯᠵᠤ ᠬᠠᠷᠠᠬᠤ ᠶᠢᠨ ᠵᠡᠷᠭᠡᠴᠡᠭᠡᠪᠡᠷ ᠪᠢᠳᠡ ᠪᠠᠰᠠ ᠬᠥᠭᠵᠢᠯᠲᠡ ᠶᠢᠨ ᠳᠤᠮᠳᠠ ᠮᠠᠰᠢ ᠤᠯᠠᠨ ᠬᠦᠴᠢᠷ ᠪᠡᠷᠬᠡᠰᠢᠶᠡᠯ ᠪᠠ ᠥᠷᠢᠰᠦᠯᠳᠦᠭᠡᠨ ᠲᠤᠯᠭᠠᠷᠠᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠵᠠᠢ᠃ ᠡᠭᠦᠨ ᠳᠤ ᠭᠤᠣᠯᠳᠠᠭᠤ᠄ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠦᠲᠦᠴᠡ ᠶᠢᠨ ᠠᠰᠠᠭᠤᠳᠠᠯ᠂ ᠪᠠᠶᠢᠭᠤᠯᠤᠮᠵᠢ ᠶᠢᠨ ᠬᠠᠷᠰᠢ ᠰᠠᠭᠠᠳ ᠢ ᠬᠠᠷᠠᠬᠠᠨ ᠦᠨᠳᠦᠰᠦᠨ ᠠᠴᠠ ᠨᠢ ᠰᠢᠢᠳᠪᠦᠷᠢᠯᠡᠭᠡ ᠦᠭᠡᠢ ᠪᠠᠶᠢᠬᠤ᠂ ᠡᠬᠢ ᠪᠠᠶᠠᠯᠢᠭ ᠤᠨ ᠬᠡᠯᠪᠡᠷᠢ ᠶᠢᠨ ᠠᠵᠤ ᠦᠢᠯᠡᠰ ᠢ ᠲᠤᠬᠠᠢ ᠶᠢᠨ ᠭᠠᠵᠠᠷ ᠲᠤᠨᠢ ᠬᠤᠪᠢᠷᠠᠭᠤᠯᠬᠤ ᠨᠤᠷᠮ᠎ᠠ ᠳᠣᠣᠷ᠎ᠠ ᠪᠠᠶᠢᠬᠤ ᠂ ᠦᠢᠯᠡᠳᠬᠦᠨ ᠤ ᠨᠡᠮᠡᠯᠲᠡ ᠦᠷᠳᠡᠭ ᠥᠨᠳᠥᠷ ᠪᠢᠰᠢ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠠᠷᠢᠶᠠᠯᠠᠩ ᠮᠠᠯ ᠠᠵᠤ ᠠᠬᠤᠢ᠂ ᠰᠣᠶᠣᠯ ᠵᠤᠭᠠᠴᠠᠯ᠂ ᠬᠢᠯᠢ ᠶᠢᠨ ᠪᠣᠭᠤᠮᠲᠠ ᠵᠡᠷᠭᠡ ᠠᠵᠤ ᠦᠢᠯᠡᠰ ᠤᠨ ᠬᠥᠭᠵᠢᠯᠲᠡ ᠶᠢᠨ ᠨᠥᠭᠡᠴᠡ ᠬᠦᠴᠦᠨ ᠬᠦᠷᠦᠯᠴᠡᠬᠦ ᠦᠭᠡᠢ ᠪᠠᠶᠢᠬᠤ︔ ᠭᠤᠣᠯᠳᠠᠭᠤ᠄ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠦᠲᠦᠴᠡ ᠶᠢᠨ ᠠᠰᠠᠭᠤᠳᠠᠯ᠂ ᠪᠠᠶᠢᠭᠤᠯᠤᠮᠵᠢ ᠶᠢᠨ ᠬᠠᠷᠰᠢ ᠰᠠᠭᠠᠳ ᠢ ᠦᠨᠳᠦᠰᠦᠨ ᠠᠴᠠ ᠨᠢ ᠰᠢᠢᠳᠪᠦᠷᠢᠯᠡᠭᠡ ᠦᠭᠡᠢ ᠪᠠᠶᠢᠭᠰᠠᠭᠠᠷ︔ ᠰᠠᠭᠤᠷᠢ ᠲᠥᠬᠦᠭᠡᠷᠦᠮᠵᠢ᠂ ᠤᠯᠠᠨ ᠨᠡᠶᠢᠲᠡ ᠶᠢᠨ ᠦᠢᠯᠡᠴᠢᠯᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠬᠦᠷᠢᠶᠡᠨ ᠳᠠᠬᠢ ᠳᠤᠲᠠᠭᠤᠳᠠᠯ ᠨᠡᠯᠢᠶᠡᠳ ᠲᠣᠪᠣᠶᠢᠮ᠎ᠠ ᠪᠠᠶᠢᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠰᠣᠶᠣᠯ᠂ ᠪᠡᠶ᠎ᠡ ᠶᠢᠨ ᠲᠠᠮᠢᠷ ᠵᠡᠷᠭᠡ ᠠᠷᠠᠳ ᠤᠨ ᠠᠮᠢᠳᠤᠷᠠᠯ ᠤᠨ ᠠᠵᠢᠯ ᠳᠤ ᠪᠠᠰᠠ ᠴᠥᠭᠡᠨ ᠪᠤᠰᠤ ᠪᠠᠭᠤᠷᠠᠢ ᠲᠠᠯ᠎ᠠ ᠣᠷᠣᠰᠢᠵᠤ᠂ ᠠᠷᠠᠳ ᠤᠨ ᠠᠮᠢᠳᠤᠷᠠᠯ ᠤᠨ ᠬᠡᠰᠡᠭ ᠪᠣᠳᠠᠲᠤ ᠶᠠᠪᠤᠳᠠᠯ ᠢ ᠪᠣᠳᠠᠲᠠᠢ ᠪᠠᠷ ᠬᠢᠵᠦ ᠴᠢᠳᠠᠭ᠎ᠠ ᠦᠭᠡᠢ ᠪᠠᠶᠢᠨ᠎ᠠ︔ ᠲᠥᠷᠥᠯ ᠵᠦᠢᠯ ᠤᠨ ᠨᠥᠭᠡᠴᠡ᠂ ᠲᠥᠷᠥᠯ ᠵᠦᠢᠯ ᠤᠨ ᠪᠦᠲᠦᠴᠡ ᠂ ᠲᠥᠷᠥᠯ ᠵᠦᠢᠯ ᠤᠨ ᠬᠡᠪᠴᠢᠶ᠎ᠡ ᠶᠢᠨ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠲᠤᠯᠭᠠᠭᠤᠷᠢᠯᠠᠬᠤ ᠬᠦᠴᠦᠨ ᠢᠯᠡᠳᠲᠡ ᠬᠦᠷᠦᠯᠴᠡᠬᠦ ᠦᠭᠡᠢ ᠪᠠᠶᠢᠵᠤ᠂ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠡᠮᠵᠢᠶ᠎ᠡ ᠪᠠ ᠰᠢᠨ᠎ᠡ ᠪᠠᠷ ᠪᠠᠶᠢᠭᠤᠯᠬᠤ ᠲᠥᠷᠥᠯ ᠵᠦᠢᠯ ᠴᠥᠭᠡᠨ ᠪᠠᠶᠢᠵᠤ᠂ ᠬᠥᠮᠥᠷᠭᠡ ᠳᠤ ᠣᠷᠣᠭᠤᠯᠬᠤ ︽ᠳᠥᠷᠪᠡ ᠶᠢ ᠬᠥᠭᠵᠢᠭᠦᠯᠬᠦ︾ ᠠᠵᠤ ᠠᠬᠤᠶᠢᠯᠠᠯ ᠤᠨ ᠪᠣᠳᠠᠲᠤ ᠬᠦᠴᠦᠨ ᠴᠢᠩᠭ᠎ᠠ ᠪᠢᠰᠢ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠯ᠎ᠠ ᠪᠠᠷ ᠤᠨᠤᠪᠴᠢᠲᠠᠢ ᠪᠢᠰᠢ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠰᠢᠯᠢᠳᠡᠭᠵᠢᠭᠰᠡᠨ ᠢᠶᠠᠷ ᠬᠦᠷᠦᠯᠴᠡᠬᠦ ᠦᠭᠡᠢ ᠪᠠᠶᠢᠨ᠎ᠠ︔ ᠵᠠᠰᠠᠭ ᠤᠨ ᠣᠷᠳᠣᠨ ᠤ ᠰᠢᠰᠲ᠋ᠧᠮ ᠤᠨ ᠬᠠᠷᠠᠭᠠᠰᠤ᠂ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠂ ᠬᠡᠷᠡᠭ ᠡᠷᠬᠢᠯᠡᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠪᠠᠰᠠ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠬᠤ ᠵᠡᠷᠭᠡ ᠪᠣᠯᠣᠨ᠎ᠠ᠃ ᠡᠭᠦᠨ ᠳᠤ᠂ ᠪᠢᠳᠡ ᠵᠠᠪᠠᠯ ᠠᠰᠠᠭᠤᠳᠠᠯ ᠳᠤ ᠰᠢᠭᠤᠳ ᠬᠠᠨᠳᠤᠵᠤ᠂ ᠨᠢᠭᠡ ᠨᠢᠭᠡ ᠪᠠᠷ ᠰᠠᠶᠢᠲᠤᠷ ᠰᠢᠢᠳᠪᠦᠷᠢᠯᠡᠵᠦ᠂ ᠪᠥᠬᠦ ᠬᠤᠰᠢᠭᠤᠨ ᠤ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠶᠠᠭᠠᠬᠢᠭᠰᠠᠨ ᠴᠤ ᠬᠦᠰᠡᠷᠳᠡᠭᠦᠯᠵᠤ ᠪᠤᠯᠬᠤ ᠦᠭᠡᠢ︕    ᠬᠤᠶᠠᠷ᠂ 2023 ᠣᠨ ᠤ ᠶᠡᠷᠦᠩᠬᠡᠢ ᠪᠠᠶᠢᠷᠢᠯᠠᠭᠤᠯᠤᠯᠲᠠ    ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠠᠩᠬᠠᠨ ᠤ ᠵᠢᠯ᠂ ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠬᠡᠷᠡᠭᠵᠢᠭᠦᠯᠵᠤ ᠤᠷᠢᠳᠤᠬᠢ ᠶᠢ ᠵᠠᠯᠭᠠᠮᠵᠢᠯᠠᠨ ᠬᠤᠶᠢᠰᠢᠲᠠ ᠳᠤ ᠵᠠᠮ ᠨᠡᠭᠡᠭᠡᠬᠦ ᠵᠠᠩᠭᠢᠯᠠᠭ᠎ᠠ ᠶᠢᠨ ᠨᠢᠭᠡ ᠵᠢᠯ ᠶᠤᠮ᠃ ᠬᠤᠰᠢᠭᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠶᠡᠷᠦᠩᠬᠡᠢ ᠲᠣᠬᠢᠷᠠᠭᠤᠯᠤᠯᠲᠠ ᠶᠣᠰᠣᠭᠠᠷ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠣᠨ ᠪᠤᠭᠤᠲᠤ ᠳᠤ ᠳᠤᠷᠠᠳᠤᠭᠰᠠᠨ ︽ᠨᠢᠭᠡ ᠰᠢᠨ᠎ᠡ  ᠶᠢ ᠡᠭᠦᠳᠴᠦ᠂  ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ  ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠲᠠᠭᠤᠨ ᠢᠶᠠᠷ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ  ᠪᠠᠷ ᠲᠤᠤᠱᠯᠠᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠨᠢᠭᠡᠳᠦᠯᠲᠡᠢ ᠲᠥᠯᠥᠪᠯᠡᠵᠦ᠂ ᠬᠥᠭᠵᠢᠯᠲᠡ ᠪᠠ ᠠᠮᠤᠷ ᠲᠦᠪᠰᠢᠨ ᠢ ᠨᠡᠩ ᠢᠯᠡᠬᠦᠦ ᠨᠢᠭᠡᠳᠦᠯᠲᠡᠢ ᠲᠥᠯᠥᠪᠯᠡᠵᠦ᠂ ᠪᠣᠬᠢᠷᠳᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ᠂ ᠨᠡᠭᠡᠭᠡᠯᠲᠡᠲᠡᠢ ᠪᠠᠷ ᠬᠥᠭᠵᠢᠭᠦᠯᠬᠦ  ᠶᠢ ᠪᠠᠷᠢᠮᠲᠠᠯᠠᠵᠤ᠂ ︽ᠭᠤᠷᠪᠠᠨ ᠶᠡᠭᠡ ᠪᠠᠶᠢᠯᠳᠤᠬᠤ ᠪᠣᠳᠣᠯᠭ᠎ᠠ︾ ᠶᠢ ᠬᠡᠷᠡᠭᠵᠢᠭᠦᠯᠵᠦ᠂ ︽ᠭᠤᠷᠪᠠᠨ ᠶᠡᠭᠡ ᠳᠠᠪᠠᠭᠤᠯᠢᠭ︾ ᠢ ᠪᠠᠳᠠᠷᠠᠭᠤᠯᠵᠤ᠂ ︽ᠭᠤᠷᠪᠠᠨ ᠶᠡᠭᠡ ᠠᠴᠢᠶᠠᠯᠠᠪᠤᠷᠢ︾᠂ ︽ᠭᠤᠷᠪᠠᠨ ᠦᠢᠯᠡᠰ ᠤᠨ ᠠᠭᠤᠰᠤᠯᠴᠠᠯ︾᠂ ︽ᠭᠤᠷᠪᠠ ᠶᠢ ᠳᠡᠭᠡᠭᠰᠢᠯᠡᠭᠦᠯᠬᠦ︾᠂ ︽ᠭᠤᠷᠪᠠᠨ ᠶᠡᠭᠡ ᠬᠠᠷᠢᠭᠤᠴᠠᠯᠭ᠎ᠠ ︾ ᠶᠢ ᠴᠢᠩᠭ᠎ᠠ ᠠᠳᠬᠤᠵᠤ᠂ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠷᠢᠮᠲᠠᠯᠠᠵᠤ᠂ ᠨᠡᠮᠡᠭᠳᠡᠯ ᠤᠨ ᠤᠬᠠᠮᠰᠠᠷ ᠢᠶᠠᠨ ᠴᠢᠩᠭᠠᠳᠬᠠᠵᠤ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠢᠲᠡᠭᠡᠯ ᠢ ᠶᠡᠬᠡᠪᠡᠷ ᠨᠡᠮᠡᠭᠳᠡᠭᠦᠯᠦᠨ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶᠡᠨ ᠳᠤ ᠨᠢᠭᠡ ᠪᠦᠯᠦᠭ ᠰᠢᠨ᠎ᠡ ᠨᠡᠮᠡᠭᠳᠡᠯ ᠤᠨ ᠴᠡᠭ ᠢ ᠪᠤᠢ ᠪᠣᠯᠭᠠᠵᠤ᠂ ᠠᠵᠤ ᠠᠬᠤᠢ ᠶᠢᠨ ᠴᠢᠨᠠᠷ ᠢ ᠪᠦᠲᠦᠮᠵᠢᠲᠡᠶ ᠪᠠᠷ ᠳᠡᠭᠡᠭᠰᠢᠯᠡᠭᠦᠯᠬᠦ ᠪᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠲᠦᠯᠬᠢᠨ ᠠᠬᠢᠭᠤᠯᠵᠤ᠂ ᠳᠤᠮᠳᠠᠳᠤ ᠤᠯᠤᠰ ᠤᠨ ᠤᠨᠴᠠᠯᠢᠭᠲᠤ ᠣᠳᠣᠬᠢᠴᠢᠯᠠᠯᠲᠠ ᠶᠢ ᠪᠡᠶᠡᠯᠡᠭᠦᠯᠬᠦ ᠰᠢᠨ᠎ᠡ ᠠᠶᠠᠨ ᠵᠠᠮ ᠳᠤ ᠳᠠᠷᠬᠠᠨ ᠮᠤᠤᠮᠢᠩᠭᠠᠨ ᠤ ᠬᠤᠪᠢ ᠨᠡᠮᠡᠷᠢ ᠶᠢ ᠦᠵᠡᠭᠦᠯᠦᠨ᠎ᠡ᠃    ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠠᠳᠠᠯᠢ ᠬᠤᠭᠤᠴᠠᠭᠠᠨ ᠤ ᠬᠢ ᠠᠴᠠ 8% ᠠᠴᠠ ᠳᠡᠭᠡᠭᠰᠢ ᠨᠡᠮᠡᠭᠳᠡᠭᠦᠯᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 25%  ᠠᠴᠠ ᠳᠡᠭᠡᠭᠰᠢ ᠨᠡᠮᠡᠭᠳᠡᠭᠦᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 12%  ᠠᠴᠠ ᠳᠡᠭᠡᠭᠰᠢ ᠨᠡᠮᠡᠭᠳᠡᠭᠦᠯᠵᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ ᠶᠢ 9%   ᠠᠴᠠ ᠳᠡᠭᠡᠭᠰᠢ ᠨᠡᠮᠡᠭᠳᠡᠭᠦᠯᠵᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 8%  ᠠᠴᠠ ᠳᠡᠭᠡᠭᠰᠢ ᠨᠡᠮᠡᠭᠳᠡᠭᠦᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠪᠣᠯᠣᠨ ᠠᠵᠤ ᠠᠬᠤᠢ ᠶᠢᠨ ᠨᠡᠮᠡᠭᠳᠡᠯ ᠢ ᠠᠯᠬᠤᠮ ᠨᠢᠭᠡᠲᠡᠢ ᠪᠠᠷ ᠨᠡᠮᠡᠭᠳᠡᠭᠦᠯᠦᠨ᠎ᠡ᠃    ᠡᠨᠡ ᠵᠢᠯ ᠤᠨ ᠠᠵᠢᠯ ᠢ ᠰᠠᠶᠢᠲᠤᠷ ᠬᠢᠵᠦ᠂ ᠳᠠᠷᠬᠠᠨ ᠮᠤᠤᠮᠢᠩᠭᠠᠨ ᠤ ᠠᠵᠢᠯ ᠢ ᠰᠠᠶᠢᠲᠤᠷ ᠬᠢᠬᠦ ᠳᠤ᠂ ᠪᠢᠳᠡᠨ ᠳᠤ ᠪᠠᠲᠤ ᠴᠢᠩᠭ᠎ᠠ ᠤᠯᠤᠰ ᠲᠦᠷᠦ ᠶᠢᠨ ᠵᠢᠯᠣᠭᠤᠳᠤᠯᠭ᠎ᠠ᠂ ᠬᠦᠴᠦᠷᠬᠡᠭ ᠶᠡᠭᠡ ᠲᠦᠷᠦ ᠶᠢᠨ ᠪᠣᠳᠣᠯᠭ᠎ᠠ ᠶᠢᠨ ᠳᠡᠮᠵᠢᠯᠭᠡ᠂ ᠪᠠᠶᠢᠯᠳᠤᠬᠤ ᠪᠣᠳᠣᠯᠭ᠎ᠠ ᠶᠢᠨ ᠳᠠᠪᠬᠤᠴᠠᠭᠰᠠᠨ ᠠᠵᠠ ᠲᠣᠬᠢᠶᠠᠯ ᠪᠠ ᠪᠠᠲᠤ ᠪᠠᠬᠢ ᠬᠥᠭᠵᠢᠯᠲᠡ ᠶᠢᠨ ᠰᠠᠭᠤᠷᠢ ᠪᠠᠶᠢᠬᠤ ᠶᠤᠮ᠃ ᠠᠵᠢᠯ ᠤᠨ ᠳᠤᠮᠳᠠ ᠪᠠᠨ ᠳᠣᠣᠷᠠᠬᠢ ᠲᠦᠷᠪᠡᠨ ᠲᠠᠯ᠎ᠠ ᠶᠢ ᠰᠠᠶᠢᠲᠤᠷ ᠡᠵᠡᠮᠳᠡᠨ᠎ᠡ᠄ ᠨᠢᠭᠡ ᠳᠤ ︽ᠲᠣᠭᠲᠠᠭᠤᠨ ᠪᠠᠶᠢᠯᠭᠠᠬᠤ︾ ᠦᠨᠳᠦᠰᠦᠨ ᠬᠦᠭ ᠠᠶᠠᠰ ᠢ ᠲᠣᠪᠤᠶᠢᠯᠭᠠᠨ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠬᠤ ᠶᠢ ᠪᠠᠷᠢᠮᠲᠠᠯᠠᠵᠤ ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠥᠭᠵᠢᠯᠲᠡ ᠶᠢᠨ ᠵᠢᠱᠢᠯᠲᠡ ᠶᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠲᠣᠭᠲᠠᠪᠤᠷᠢᠵᠢᠭᠤᠯᠬᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠶᠢ ᠴᠢᠷᠮᠠᠶᠢᠨ ᠪᠡᠶᠡᠯᠡᠭᠦᠯᠵᠦ᠂ ᠬᠤᠷᠳᠤᠴᠠ ᠪᠠ ᠪᠦᠲᠦᠴᠡ᠂ ᠶᠠᠰᠤ ᠴᠢᠨᠠᠷ᠂ ᠦᠷ᠎ᠡ ᠠᠰᠢᠭ ᠢ ᠨᠢᠭᠡᠳᠭᠡᠬᠦ ᠪᠠᠷ ᠴᠢᠷᠮᠠᠶᠢᠨ᠎ᠠ᠃ ᠬᠤᠶᠠᠷ ᠲᠤ᠂ ︽ᠤᠷᠤᠭᠰᠢᠯᠠᠬᠤ ︾ ᠪᠠᠶᠢᠳᠠᠯ ᠢ ᠪᠠᠲᠤᠯᠠᠵᠤ᠂ ᠬᠥᠭᠵᠢᠯᠲᠡ ᠶᠢ ᠲᠦᠷᠭᠡᠳᠬᠡᠬᠦ᠂ ᠬᠥᠭᠵᠢᠯᠲᠡ ᠶᠢ ᠶᠡᠬᠡᠪᠡᠷ ᠠᠳᠬᠤᠬᠤ ᠣᠶᠢᠯᠠᠭᠠᠭᠳᠠᠬᠤᠨ ᠢ ᠪᠤᠢ ᠪᠣᠯᠭᠠᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠤᠷᠤᠭᠰᠢᠯᠠᠬᠤ᠂ ᠨᠡᠭᠦᠷᠡᠰᠦᠲᠥ᠋ᠷᠥᠭᠴᠢ ᠦᠭᠡᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠤᠷᠤᠭᠰᠢᠯᠠᠯᠲᠠ᠂ ᠪᠣᠭᠤᠮᠲᠠ ᠶᠢᠨ ᠠᠵᠤ ᠠᠬᠤᠢ ᠶᠢᠨ ᠤᠷᠤᠭᠰᠢᠯᠠᠯᠲᠠ᠂ ᠠᠷᠠᠯᠵᠢᠶᠠᠴᠢᠨ ᠤᠷᠢᠵᠤ ᠪᠡᠯᠡ ᠮᠥᠩᠭᠦ ᠤᠷᠤᠭᠤᠯᠬᠤ᠂ ᠠᠮᠢ ᠠᠬᠤᠢ ᠶᠢᠨ ᠪᠣᠯᠪᠠᠰᠤᠨ ᠤ ᠤᠷᠤᠭᠰᠢᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠤᠨ ᠲᠦᠪᠰᠢᠨ ᠤ ᠤᠷᠤᠭᠰᠢᠯᠠᠯᠲᠠ ᠶᠢ ᠠᠬᠢᠭᠤᠯᠵᠤ᠂ ᠤᠷᠤᠭᠰᠢᠯᠠᠯᠲᠠ ᠪᠠᠷ ᠲᠣᠭᠲᠠᠭᠤᠨ ᠢ ᠲᠣᠭᠲᠠᠪᠤᠷᠢᠵᠢᠭᠤᠯᠵᠤ᠂ ᠯᠠᠪᠳᠠᠭᠤᠨ ᠢᠶᠠᠷ ᠠᠶᠠᠯᠠᠨ᠎ᠠ᠃ ᠭᠤᠷᠪᠠ ᠳᠤ᠂ ︽ᠭᠠᠪᠰᠢᠭᠠᠶᠢᠯᠠᠬᠤ︾ ᠵᠣᠷᠢᠭ ᠰᠠᠨᠠᠭ᠎ᠠ ᠶᠢ ᠡᠭᠦᠷᠢᠳᠡ ᠪᠠᠲᠤᠯᠠᠵᠤ᠂ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠲᠤᠪᠤᠶᠢᠯᠭᠠᠵᠦ᠂ ᠨᠡᠮᠡᠭᠳᠡᠯ ᠤᠨ ᠤᠬᠠᠮᠰᠠᠷ ᠢᠶᠠᠨ ᠴᠢᠩᠭᠠᠳᠬᠠᠵᠤ᠂ ᠴᠠᠭ ᠮᠥᠴᠡ ᠶᠢ ᠠᠮᠵᠢᠨ ᠲᠦᠷᠦᠯ ᠵᠦᠢᠯ ᠢ ᠠᠳᠬᠤᠵᠤ᠂ ᠦᠷᠯᠦᠭᠡ ᠦᠳᠡᠰᠢ  ᠶᠢᠨ ᠢᠯᠭᠠᠯ ᠦᠭᠡᠢ ᠠᠮᠵᠢᠭᠤᠯᠤᠨ ᠵᠣᠯᠭᠠᠭᠤᠯᠵᠤ᠂ ᠲᠦᠷᠦᠯ ᠵᠦᠢᠯ ᠢ ᠠᠵᠤ ᠦᠢᠯᠡᠰ ᠪᠣᠯᠭᠠᠨ ᠠᠳᠬᠤᠵᠤ᠂ ᠪᠦᠲᠦᠭᠡᠨ ᠪᠠᠶᠢᠭᠤᠯᠤᠯᠲᠠ ᠶᠢᠨ ᠨᠢᠭᠡᠴᠢ ᠶᠢ ᠭᠠᠶᠢᠯᠢ ᠲᠤᠰᠢᠶᠠᠬᠤ ᠨᠢᠭᠡᠴᠢ ᠪᠣᠯᠭᠠᠨ ᠠᠳᠬᠤᠵᠤ᠂ ᠰᠢᠨ᠎ᠡ ᠨᠢᠭᠡ ᠡᠭᠡᠯᠵᠢ ᠶᠢᠨ ᠬᠥᠭᠵᠢᠯᠲᠡ ᠶᠢᠨ ᠳᠤᠮᠳᠠ ᠪᠣᠬᠢᠷᠳᠤᠯ ᠦᠭᠡᠢ ᠪᠠᠷ ᠬᠥᠭᠵᠢᠨ ᠮᠠᠨᠳᠤᠬᠤ᠂ ᠬᠥᠭᠡᠭᠡᠵᠦ ᠭᠦᠢᠴᠡᠬᠦ ᠪᠠ ᠳᠠᠪᠠᠵᠤ ᠭᠠᠷᠬᠤ ᠶᠢ ᠪᠡᠶᠡᠯᠡᠭᠦᠯᠬᠦ ᠬᠡᠷᠡᠭᠲᠡᠢ᠃ ᠳᠥᠷᠪᠡ ᠳᠤ᠂ ︽ᠠᠵᠢᠯᠯᠠᠬᠤ︾ ᠰᠤᠷᠲᠠᠯ ᠢ ᠪᠠᠳᠠᠷᠠᠭᠤᠯᠵᠤ᠂ ᠪᠦᠯᠬᠦᠮᠳᠡᠨ ᠲᠡᠮᠡᠴᠡᠬᠦ ᠶᠢ ᠪᠠᠷᠢᠮᠲᠠᠯᠠᠵᠤ᠂ ︽ᠪᠢ ᠬᠢᠬᠦ︾ ᠡᠭᠦᠷᠭᠡᠯᠡᠯ ᠢ ᠴᠢᠩᠭᠠᠳᠬᠠᠵᠤ᠂ ᠬᠠᠷᠠᠯᠲᠠ ᠡᠭᠦᠷᠭᠡ ᠪᠠᠨ ᠲᠣᠭᠲᠠᠭᠠᠨ ᠶᠡᠬᠡᠪᠡᠷ ᠬᠢᠵᠦ᠂ ᠲᠦᠷᠭᠡᠨ ᠬᠢᠵᠦ᠂ ᠱᠠᠯᠠᠪᠳᠠᠨ ᠬᠢᠵᠦ᠂ ᠦᠵᠡᠬᠦ ᠳᠤ ᠬᠢᠵᠦ ᠳᠡᠶᠢᠯᠬᠦ ᠦᠭᠡᠢ ᠪᠤᠶᠤ ᠪᠤᠰᠤᠳ ᠬᠥᠮᠥᠨ ᠬᠢᠵᠦ ᠳᠡᠶᠢᠯᠬᠦ ᠦᠭᠡᠢ  ᠠᠵᠢᠯ ᠢ ᠠᠷᠭ᠎ᠠ ᠪᠦᠬᠦᠨ ᠢ ᠰᠦᠪᠡᠭᠴᠢᠯᠡᠨ ᠠᠮᠵᠢᠯᠲᠠ ᠲᠠᠢ ᠬᠢᠵᠦ᠂ ᠰᠠᠶᠢᠨ ᠬᠢᠵᠦ᠂ ᠦᠷ᠎ᠡ ᠪᠦᠲᠦᠮᠵᠢ ᠲᠠᠢ ᠪᠣᠯᠭᠠᠬᠤ ᠬᠡᠷᠡᠭᠲᠡᠢ᠃ᠭᠤᠷᠪᠠ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠭᠤᠣᠯ ᠡᠭᠦᠷᠭᠡᠪᠢᠳᠡ ᠨᠢᠭᠡᠳᠦᠯᠲᠡᠢ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠭᠤᠣᠯᠳᠠᠯᠭ᠎ᠠ ᠶᠢ ᠲᠣᠪᠤᠶᠢᠯᠭᠠᠨ᠂ ᠳᠣᠣᠷᠠᠬᠢ ᠨᠠᠢᠮᠠᠨ ᠲᠠᠯ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠄︵ᠨᠢᠭᠡ︶ ᠲᠦᠷᠪᠡᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠤᠶᠢᠪᠢᠰᠢ ᠦᠭᠡᠢ ᠰᠠᠶᠢᠲᠤᠷ ᠬᠢᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠭᠦ ᠬᠦᠴᠦᠨ ᠢ ᠪᠦᠬᠦ ᠲᠠᠯ᠎ᠠ ᠪᠠᠷ ᠴᠣᠭᠴᠠᠯᠠᠨ᠎ᠠ᠃ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠤᠶᠤᠨ ᠴᠢᠳᠠᠯ ᠢᠶᠠᠨ ᠲᠥᠪᠯᠡᠷᠡᠭᠦᠯᠦᠨ ᠭᠤᠣᠯᠳᠠᠯᠭ᠎ᠠ ᠶᠢ ᠠᠳᠬᠤᠵᠤ᠂ ᠬᠦᠴᠢᠷ ᠠᠰᠠᠭᠤᠳᠠᠯ ᠢ ᠰᠢᠢᠳᠪᠦᠷᠢᠯᠡᠨ᠂ ᠬᠢᠯᠠᠰ ᠴᠡᠭ ᠢ ᠡᠭᠦᠳᠴᠤ᠂ ᠰᠢᠨ᠎ᠡ ᠨᠡᠮᠡᠭᠳᠡᠯ ᠤᠨ ᠬᠡᠮᠵᠢᠶ᠎ᠡ ᠶᠢ ᠪᠦᠬᠦ ᠬᠦᠴᠦᠨ ᠢᠶᠠᠷ ᠢᠶᠠᠨ ᠪᠤᠢ ᠪᠤᠯᠭᠠᠵᠤ᠂ ᠰᠢᠨ᠎ᠡ ᠳᠠᠪᠠᠭᠤᠯᠢᠭ ᠢ ᠪᠤᠢ ᠪᠣᠯᠭᠠᠨ᠎ᠠ᠃   ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠦᠴᠢᠷ ᠠᠰᠠᠭᠤᠳᠠᠯ ᠢ ᠰᠢᠢᠳᠪᠦᠷᠢᠯᠡᠬᠦ ᠲᠠᠶᠢᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠠᠵᠤ ᠦᠢᠯᠡᠰ ᠤᠨ ᠬᠡᠯᠬᠢᠶ᠎ᠡ ᠲᠠᠢ ᠨᠢᠭᠲᠠ ᠤᠶᠠᠯᠳᠤᠭᠤᠯᠤᠨ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ ᠠᠯᠲᠠᠨ ᠤᠪᠤᠭ᠎ᠠ ᠪᠠ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠴᠢᠮ ᠪᠠᠶᠢᠳᠠᠯ ᠢ ᠠᠷᠭᠠᠴᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠤᠮᠠᠷᠠᠲᠤ ᠶᠢᠨ ᠪᠣᠬᠢᠷᠳᠤᠯ ᠦᠭᠡᠢ ᠡᠬᠢ ᠪᠠᠶᠠᠯᠢᠭ ᠤᠨ ᠠᠷᠠᠯᠵᠢᠶ᠎ᠠ ᠶᠢᠨ ᠲᠥᠪ᠂ ᠡᠪᠡᠰᠦᠨ ᠤ ᠦᠢᠯᠡᠰ ᠦᠷ᠎ᠡ ᠶᠢᠨ ᠦᠢᠯᠡᠰ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠤᠨ᠎ᠠ᠃ ᠲᠣᠭᠠᠴᠢᠯᠠᠭᠰᠠᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠲᠣᠭᠠᠴᠢᠯᠠᠭᠰᠠᠨ ᠳᠠᠷᠬᠠᠨ ᠮᠤᠤᠮᠢᠩᠭᠠᠨ ᠢ ᠨᠢᠭᠡ ᠴᠣᠭᠴᠠᠵᠢᠭᠤᠯᠬᠤ ᠲᠠᠪᠴᠠᠩ ᠢ ᠪᠠᠶᠢᠭᠤᠯᠵᠤ᠂ ᠲᠣᠭᠠᠴᠢᠯᠠᠭᠰᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠬᠤᠰᠢᠭᠤ ᠰᠢᠶᠠᠨ᠂ ᠤᠯᠤᠰ ᠤᠨ ᠲᠣᠭᠠᠴᠠᠭᠠᠨ ᠤ ᠬᠦᠴᠦᠨ ᠤ ᠵᠠᠩᠭᠢᠯᠠᠭ᠎ᠠ ᠶᠢᠨ ᠴᠡᠭ ᠤᠨ ᠵᠢᠱᠢᠶ᠎ᠡ ᠦᠵᠡᠭᠦᠯᠬᠦ ᠶᠢ ᠴᠢᠷᠮᠠᠶᠢᠨ ᠡᠭᠦᠳᠬᠦ ᠬᠡᠷᠡᠭᠲᠡᠢ᠃ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠲᠣᠭᠤᠷᠢᠭ ᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ᠪᠦᠲᠦᠭᠡᠨ ᠪᠠᠶᠢᠭᠤᠯᠬᠤ ᠲᠥᠰᠥᠯ ᠵᠢᠴᠢ ᠬᠠᠮᠢᠶ᠎ᠠ ᠪᠦᠬᠦᠢ ᠲᠥᠯᠦᠪᠵᠢᠭᠦᠯᠭᠡ ᠶᠢ ᠵᠣᠬᠢᠴᠠᠭᠤᠯᠤᠨ ᠴᠣᠬᠤᠯᠠᠪᠤᠷᠢᠯᠠᠵᠤ᠂ ᠲᠥᠷᠥᠯ ᠵᠦᠢᠯ ᠤᠨ ᠲᠤᠭᠤᠷᠢᠭ ᠲᠤ ᠣᠷᠣᠬᠤ ᠲᠥᠷᠥ ᠶᠢᠨ ᠪᠣᠳᠣᠯᠭ᠎ᠠ᠂ ᠦᠨᠡᠯᠡᠨ ᠵᠢᠱᠢᠵᠦ ᠬᠢᠨᠠᠨ ᠪᠠᠶᠢᠴᠠᠭᠠᠬᠤ ᠲᠠᠰ ᠳᠠᠷᠠᠭᠠᠯᠠᠯ ᠢ ᠲᠣᠭᠲᠠᠭᠠᠨ᠎ᠠ︔ ᠹᠯᠣᠷ ᠤᠨ ᠬᠢᠮᠢ ᠶᠢᠨ ᠠᠵᠤ ᠦᠢᠯᠡᠳᠪᠦᠷᠢ᠂ ᠪᠠᠯ ᠴᠢᠯᠠᠭᠤᠨ ᠤ ᠪᠢᠯᠢᠭ ᠲᠤᠶᠢᠯ ᠤᠨ ᠮᠠᠲ᠋ᠧᠷᠢᠶᠠᠯ᠂ ᠣᠶᠤᠨᠲᠤ ᠰᠠᠯᠬᠢᠨ ᠮᠠᠰᠢᠨ ᠤ ᠶᠡᠷᠦᠩᠬᠡᠢ ᠤᠭᠰᠠᠷᠠᠬᠤ ᠰᠠᠭᠤᠷᠢᠨ ᠭᠠᠵᠠᠷ ᠵᠡᠷᠭᠡ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠴᠠᠬᠢᠭᠤᠷ ᠹᠯᠣᠷ ᠤᠨ ᠮᠠᠲ᠋ᠧᠷᠢᠶᠠᠯ᠂ ᠣᠨᠴᠠ ᠲᠥᠷᠥᠯ ᠤᠨ ᠲᠡᠮᠦᠷ ᠤᠨ ᠬᠠᠶᠢᠯᠤᠰᠢ᠂ ᠡᠨᠧᠷᠭᠢ ᠬᠠᠳᠠᠭᠠᠯᠠᠬᠤ ᠲᠣᠨᠤᠭ ᠲᠥᠬᠦᠭᠡᠷᠦᠮᠵᠢ ᠦᠶᠯᠡᠳᠬᠦ ᠵᠡᠷᠭᠡ ᠲᠥᠷᠥᠯ ᠵᠦᠢᠯ ᠢ ᠤᠷᠤᠭᠤᠯᠵᠤ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠂ ᠰᠢᠨ᠎ᠡ ᠡᠨᠧᠷᠭᠢ ᠶᠢᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠤᠬᠠᠢ ᠶᠢᠨ ᠭᠠᠵᠠᠷ ᠲᠤᠨᠢ ᠰᠢᠩᠭᠡᠭᠡᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢ ᠪᠤᠢ ᠪᠤᠯᠭᠠᠬᠤ ᠠᠵᠢᠯᠯᠠᠭ᠎ᠠ ᠶᠢ ᠬᠡᠷᠡᠭᠵᠢᠭᠦᠯᠵᠦ᠂ ᠵᠢᠯ ᠤᠨ ᠳᠣᠲᠣᠷ᠎ᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 2᠂ ᠳᠤᠮᠳᠠ ᠵᠢᠵᠢᠭ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ 3 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ︽ᠨᠡᠭᠦᠳᠡᠯ ᠤᠨ ᠰᠢᠪᠠᠭᠤ ᠮᠠᠶ᠋ᠢᠭ︾ ᠤᠨ ᠤᠷᠢᠨ ᠲᠣᠮᠢᠯᠠᠬᠤ᠂ ︽ᠰᠢᠯᠵᠢᠮᠡᠯ ᠮᠠᠶ᠋ᠢᠭ︾ ᠢᠶᠠᠷ ᠴᠢᠳᠠᠪᠤᠷᠢᠲᠠᠨ ᠲᠠᠲᠠᠬᠤ ᠶᠢ ᠬᠡᠷᠡᠭᠵᠢᠭᠦᠯᠵᠦ᠂ ᠠᠵᠤ ᠦᠢᠯᠡᠰ ᠤᠨ ᠬᠥᠭᠵᠢᠯᠲᠡ᠂ ᠰᠢᠨ᠎ᠡ ᠶᠢ ᠡᠭᠦᠳᠬᠦ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠲᠤᠲᠠᠭᠳᠠᠵᠤ ᠪᠠᠶᠢᠭ᠎ᠠ ᠴᠢᠳᠠᠪᠤᠷᠢᠲᠠᠨ ᠢ 130 ᠬᠥᠮᠥᠨ ᠠᠴᠠ ᠳᠡᠭᠡᠭᠰᠢ ᠠᠪᠴᠢᠷᠠᠵᠤ᠂ ᠣᠷᠣᠨ ᠨᠤᠲᠤᠭ ᠤᠨ ᠴᠢᠳᠠᠪᠤᠷᠢᠲᠠᠨ ᠢ 100 ᠬᠥᠮᠥᠨ ᠠᠴᠠ ᠳᠡᠭᠡᠭᠰᠢ ᠬᠦᠮᠦᠵᠢᠭᠦᠯᠵᠤ᠂ ︽ᠣᠶᠢᠷ᠎ᠠ ᠨᠢ ᠪᠠᠶᠠᠰᠴᠤ᠂ ᠬᠤᠯᠠ ᠨᠢ ᠢᠷᠡᠬᠦ︾ ᠴᠢᠳᠠᠪᠤᠷᠢᠲᠠᠨ ᠤ ᠬᠥᠭᠵᠢᠯᠲᠡ ᠶᠢᠨ ᠠᠮᠢ ᠠᠬᠤᠢ ᠶᠢ ᠪᠣᠶ ᠪᠣᠯᠭᠠᠨ᠎ᠠ᠃    ᠴᠢᠬᠤᠯᠠ ᠶᠡᠭᠡ ᠲᠥᠷᠥᠯ ᠵᠦᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ︽ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠰᠢᠪᠲᠤᠯᠤᠯᠲᠠ ᠶᠢᠨ ᠤᠨ︾ ᠤ ᠠᠵᠢᠯᠯᠠᠭ᠎ᠠ ᠶᠢ ᠥᠷᠨᠢᠭᠦᠯᠵᠦ᠂ ︽ᠭᠤᠷᠪᠠᠨ ᠪᠦᠯᠦᠭ ᠭᠤᠷᠪᠠᠨ ᠬᠡᠯᠬᠢᠶ᠎ᠡ︾ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠥᠬᠦ ᠵᠢᠯ ᠳᠤ ᠡᠯ᠎ᠡ ᠲᠥᠷᠥᠯ ᠤᠨ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠠᠵᠢᠯᠯᠠᠭ᠎ᠠ ᠶᠢ 10 ᠲᠠᠯᠠᠪᠤᠷ ᠤᠳᠠᠭ᠎ᠠ  ᠠᠴᠠ ᠳᠡᠭᠡᠭᠰᠢ ᠡᠷᠭᠢᠯᠡᠬᠦ ᠪᠤᠶᠤ ᠣᠷᠣᠯᠴᠠᠵᠤ᠂ 90 ᠲᠥᠷᠥᠯ ᠵᠦᠢᠯ ᠳᠤ ᠭᠡᠷ᠎ᠡ ᠲᠣᠭᠲᠠᠵᠤ᠂ 30 ᠲᠥᠷᠥᠯ ᠵᠦᠢᠯ ᠢ ᠨᠠᠶᠢᠳᠠᠪᠤᠷᠢᠵᠢᠭᠤᠯᠤᠨ᠂ 100  ᠠᠴᠠ ᠳᠡᠭᠡᠭᠰᠢ ᠨᠥᠭᠡᠴᠡᠯᠡᠵᠦ᠂ ᠭᠡᠷ᠎ᠡ ᠲᠣᠭᠲᠠᠭᠰᠠᠨ ᠲᠥᠷᠥᠯ ᠵᠦᠢᠯ ᠳᠤ ᠠᠵᠤ ᠠᠬᠤᠶᠢᠯᠠᠯ ᠤᠨ ᠡᠵᠡᠨ ᠨᠢ ᠳᠠᠭᠠᠭᠤᠯᠤᠭᠴᠢ ᠠᠵᠤ ᠠᠬᠤᠶᠢᠯᠠᠯ ᠪᠠᠶᠢᠵᠤ᠂ 10 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠵᠤ᠂ ᠳᠤᠮᠳᠠ ᠳᠣᠣᠷᠠᠳᠤ ᠤᠷᠤᠰᠬᠠᠯ ᠤᠨ ᠠᠵᠤ ᠦᠢᠯᠡᠰ ᠤᠨ ᠡᠵᠡᠯᠡᠬᠦ ᠬᠠᠷᠢᠴᠠᠯ ᠢ ᠲᠣᠰ ᠲᠣᠰ 15%᠂ 35% ᠪᠠ 50%  ᠠᠴᠠ ᠳᠡᠭᠡᠭᠰᠢ ᠬᠦᠷᠭᠡᠨ᠎ᠡ᠃ ᠲᠥᠷᠥᠯ ᠵᠦᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠰᠢᠪᠲᠤᠯᠤᠯᠲᠠ ᠶᠢ ᠲᠦᠯᠬᠢᠨ ᠠᠬᠢᠭᠤᠯᠵᠤ᠂ 57 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠦᠨ᠂ ᠶᠡᠷᠦᠩᠬᠡᠢ ᠪᠡᠯᠡ ᠣᠷᠣᠭᠤᠯᠤᠯᠲᠠ ᠨᠢ 446 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠳᠣᠲᠣᠷ᠎ᠠ 165 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠵᠤ ᠦᠢᠯᠡᠰ ᠤᠨ ᠲᠥᠷᠥᠯ ᠤᠨ ᠲᠥᠷᠥᠯ ᠵᠦᠢᠯ ᠤᠨ ᠲᠤᠭ᠎ᠠ ᠬᠡᠮᠵᠢᠶ᠎ᠡ ᠪᠠ ᠪᠡᠯᠡ ᠣᠷᠣᠭᠤᠯᠤᠯᠲᠠ ᠶᠢᠨ ᠡᠵᠡᠯᠡᠬᠦ ᠬᠠᠷᠢᠴᠠᠯ ᠨᠢ ᠴᠥᠮ 60% ᠶᠢ ᠳᠠᠪᠠᠵᠤ᠂ ᠰᠢᠨ᠎ᠡ ᠪᠠᠷ ᠠᠵᠢᠯ ᠡᠬᠢᠯᠡᠭᠦᠯᠦᠭᠰᠡᠨ ᠲᠥᠷᠥᠯ ᠵᠦᠢᠯ ᠤᠨ ᠲᠤᠭ᠎ᠠ ᠬᠡᠮᠵᠢᠶ᠎ᠡ ᠪᠠ ᠠᠵᠢᠯ ᠳᠠᠭᠤᠰᠬᠠᠭᠰᠠᠨ ᠲᠤᠭ᠎ᠠ ᠬᠡᠮᠵᠢᠶ᠎ᠡ ᠶᠢ ᠴᠥᠮ 35% ᠠᠴᠠ ᠳᠠᠪᠠᠭᠤᠯᠤᠨ᠎ᠠ᠃ ︽ᠲᠥᠷᠥᠯ ᠵᠦᠢᠯ ᠢᠶᠠᠷ ᠭᠤᠣᠯ ᠪᠣᠯᠭᠠᠬᠤ︾ ᠣᠶᠢᠯᠠᠭᠠᠭᠳᠠᠬᠤᠨ ᠢ ᠪᠠᠬᠢᠵᠢᠭᠦᠯᠵᠤ᠂ ︽ᠬᠤᠶᠢᠷᠭᠤ ᠡᠪᠦᠯ ᠢ ᠶᠠᠭᠠᠷᠠᠯᠲᠠᠢ ᠡᠪᠦᠯ ᠪᠤᠯᠭᠠᠬᠤ︾ ᠵᠠᠭᠤᠨ ᠡᠳᠦᠷ ᠤᠨ ᠠᠵᠢᠯᠯᠠᠭ᠎ᠠ ᠶᠢ ᠥᠷᠨᠢᠭᠦᠯᠦᠨ᠂ ᠲᠥᠷᠥᠯ ᠵᠦᠢᠯ ᠳᠤ ᠬᠡᠷᠡᠭᠯᠡᠬᠦ ᠭᠠᠵᠠᠷ ᠢ ᠬᠤᠷᠢᠶᠠᠨ ᠬᠠᠳᠠᠭᠠᠯᠠᠬᠤ᠂ ᠭᠠᠷᠳᠠᠮ ᠢ ᠮᠡᠳᠡᠭᠦᠯᠦᠨ ᠵᠥᠪᠰᠢᠶᠡᠷᠡᠭᠦᠯᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠪᠣᠳᠠᠲᠠᠶᠢᠵᠢᠭᠤᠯᠵᠤ᠂ ᠤᠰᠤ ᠴᠠᠬᠢᠯᠭᠠᠨ᠂ ᠡᠨᠧᠷᠭᠢ ᠶᠢᠨ ᠬᠤᠷᠣᠭᠳᠠᠯ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠂ 2022 ᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠠᠵᠢᠯ ᠢᠶᠠᠨ ᠡᠬᠢᠯᠡᠭᠦᠯᠵᠦ ᠳᠡᠶᠢᠯᠬᠦ ᠶᠢ ᠨᠢ ᠪᠦᠬᠦᠨ ᠢ ᠠᠵᠢᠯ ᠡᠬᠢᠯᠡᠭᠦᠯᠵᠦ᠂ ᠡᠨᠡ ᠵᠢᠯ ᠤᠨ ᠬᠡᠷᠡᠭᠵᠢᠭᠦᠯᠬᠦ ᠴᠢᠬᠤᠯᠠ ᠶᠡᠭᠡ ᠲᠥᠷᠥᠯ ᠵᠦᠢᠯ ᠢ 4 ᠳ᠋ᠤᠭᠡᠷ ᠰᠠᠷ᠎ᠠ ᠶᠢᠨ ᠰᠡᠭᠦᠯᠴᠢ ᠪᠠᠷ ᠪᠦᠬᠦᠨ ᠢ ᠠᠵᠢᠯ ᠢᠶᠠᠨ ᠡᠬᠢᠯᠡᠭᠦᠯᠬᠦ ᠶᠢ ᠦᠨᠡᠨ ᠬᠦ ᠪᠠᠲᠤᠯᠠᠨ᠎ᠠ᠃     ᠴᠢᠬᠤᠯᠠ ᠶᠡᠭᠡ ᠪᠠᠶᠢᠷᠢᠯᠠᠭᠤᠯᠤᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠲᠣᠪᠤᠶᠢᠯᠭᠠᠨ᠂ ᠤᠰᠤᠲᠥ᠋ᠷᠥᠭᠴᠢ ᠶᠢᠨ ᠬᠠᠳᠠᠭᠠᠯᠠᠮᠵᠢ ᠪᠠᠷ ᠡᠨᠧᠷᠭᠢ ᠢᠯᠴᠢ ᠴᠠᠬᠢᠯᠭᠠᠨ ᠢ ᠬᠠᠮᠳᠤ ᠳᠤ ᠨᠢ ᠬᠠᠩᠭᠠᠬᠤ᠂ ᠲᠡᠮᠦᠷᠯᠢᠭ ᠴᠠᠭᠠᠰᠤ ᠪᠤᠯᠪᠠᠰᠤᠷᠠᠭᠤᠯᠬᠤ᠂ ᠵᠡᠷᠭᠡ ᠲᠥᠷᠥᠯ ᠵᠦᠢᠯ ᠢ ᠪᠣᠳᠠᠲᠠᠶᠢᠵᠢᠭᠤᠯᠤᠨ ᠠᠵᠢᠯ ᠡᠬᠢᠯᠡᠭᠦᠯᠬᠦ ᠶᠢ ᠠᠬᠢᠭᠤᠯᠵᠤ᠂ ᠪᠥᠬᠦ ᠵᠢᠯ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠰ ᠤᠨ ᠭᠤᠣᠯᠳᠠᠯᠭ᠎ᠠ ᠲᠠᠢ ᠲᠥᠷᠥᠯ ᠵᠦᠢᠯ 20  ᠶᠢ ᠰᠢᠨ᠎ᠡ ᠪᠠᠷ ᠠᠵᠢᠯ ᠡᠬᠢᠯᠡᠭᠦᠯᠵᠦ᠂ ᠲᠥᠯᠦᠪᠵᠢᠭᠦᠯᠭᠡ ᠶᠢᠨ ᠳᠡᠭᠡᠳᠦ ᠬᠢᠵᠠᠭᠠᠷ ᠲᠤ ᠣᠷᠣᠭᠤᠯᠬᠤ ᠠᠵᠤ ᠠᠬᠤᠶᠢᠯᠠᠯ 30 ᠶᠢ ᠰᠢᠨ᠎ᠡ ᠪᠠᠷ ᠨᠡᠮᠡᠭᠳᠡᠭᠦᠯᠦᠨ᠂ ᠨᠡᠮᠡᠭᠳᠡᠯ ᠤᠨ ᠬᠡᠮᠵᠢᠶ᠎ᠡ᠂ ᠨᠡᠮᠡᠭᠳᠡᠯ ᠤᠨ ᠬᠤᠷᠳᠤᠴᠠ ᠶᠢ ᠪᠥᠬᠦ ᠬᠤᠲᠠ ᠶᠢᠨ ᠳᠤᠮᠳᠠ ᠶᠢᠨ ᠪᠠᠶᠢᠷᠢ ᠳᠤ ᠣᠷᠣᠭᠤᠯᠬᠤ ᠪᠠᠷ ᠴᠢᠷᠮᠠᠶᠢᠨ᠎ᠠ᠃ ︽ᠭᠤᠷᠪᠠ ᠶᠢ ᠴᠢᠷᠮᠠᠶᠢᠨ ᠣᠯᠬᠤ︾ ᠠᠵᠢᠯ ᠢ ᠴᠢᠩᠭᠠᠳᠬᠠᠨ᠂ ᠪᠣᠭᠤᠮᠲᠠ᠂ ᠨᠡᠭᠦᠷᠡᠰᠦᠲᠥ᠋ᠷᠥᠭᠴᠢ ᠦᠭᠡᠢ ᠲᠣᠭᠤᠷᠢᠭ᠂ ᠰᠢᠨ᠎ᠡ ᠡᠨᠧᠷᠭᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠥᠷᠥ ᠶᠢᠨ ᠪᠣᠳᠣᠯᠭ᠎ᠠ ᠶᠢᠨ ᠬᠠᠨᠳᠤᠰᠢ ᠪᠠ ᠪᠡᠯᠡ ᠣᠷᠣᠭᠤᠯᠤᠯᠲᠠ ᠶᠢᠨ ᠤᠳᠤᠷᠢᠳᠤᠮᠵᠢ ᠶᠢ ᠴᠢᠩᠭ᠎ᠠ ᠠᠩᠬᠠᠷᠴᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠥᠰᠥᠪ ᠤᠨ ᠳᠣᠲᠣᠷᠠᠬᠢ ᠪᠡᠯᠡ ᠮᠥᠩᠭᠦ ᠪᠠ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠢᠳᠡᠪᠬᠢᠯᠡᠨ ᠣᠯᠵᠤ᠂ ᠵᠢᠯ ᠤᠨ ᠳᠣᠲᠣᠷ᠎ᠠ ᠳᠡᠭᠡᠳᠦ ᠱᠠᠲᠤᠨ ᠤ ᠪᠡᠯᠡ ᠮᠥᠩᠭᠦ ᠶᠢ 15 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ 10%   ᠠᠴᠠ ᠳᠡᠭᠡᠭᠰᠢ ᠨᠡᠮᠡᠭᠳᠡᠭᠦᠯᠦᠨ᠂ ᠳᠡᠮᠵᠢᠬᠦ ᠲᠥᠷᠥ ᠶᠢᠨ ᠪᠣᠳᠣᠯᠭ᠎ᠠ ᠶᠢ 5  ᠠᠴᠠ ᠳᠡᠭᠡᠭᠰᠢ ᠴᠢᠷᠮᠠᠶᠢᠨ ᠤᠯᠵᠤ᠂ 30   ᠠᠴᠠ ᠳᠡᠭᠡᠭᠰᠢ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠪᠠᠷ ᠴᠢᠷᠮᠠᠶᠢᠨ᠎ᠠ᠃ ︽ᠲᠠᠪᠤᠨ ᠶᠡᠭᠡ ᠡᠬᠢᠯᠡᠯᠲᠡ ᠲᠠᠢ ᠪᠣᠯᠭᠠᠬᠤ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ 104 ᠮᠦ ᠭᠠᠵᠠᠷ ᠰᠢᠷᠣᠢ ᠶᠢ ᠵᠥᠪᠰᠢᠶᠡᠷᠡᠭᠰᠡᠨ ᠪᠣᠯᠪᠠᠴᠤ ᠭᠠᠷᠭᠠᠵᠤ ᠦᠭᠭᠦᠭᠰᠡᠨ ᠦᠭᠡᠢ᠂ 1158 ᠮᠦ ᠰᠤᠯᠠ ᠪᠠᠶᠢᠬᠤ ᠭᠠᠵᠠᠷ ᠰᠢᠷᠣᠢ ᠶᠢ ᠰᠢᠢᠳᠪᠦᠷᠢᠯᠡᠵᠦ᠂ ᠨᠡᠶᠢᠭᠡᠮ ᠤᠨ ᠪᠡᠯᠡ ᠣᠷᠣᠭᠤᠯᠤᠯᠲᠠ ᠶᠢᠨ ︽ᠬᠠᠭᠠᠰ ᠳᠤᠲᠠᠭᠤ︾ ᠢᠨᠵᠧᠨᠧᠷᠢᠩ ᠢ ᠠᠵᠢᠯᠯᠠᠭᠤᠯᠵᠤ᠂ ︽ᠵᠤᠭᠰᠤᠩᠭᠤᠶᠢᠷᠠᠭᠰᠠᠨ ᠠᠵᠤ ᠠᠬᠤᠶᠢᠯᠠᠯ︾᠂ ︽ᠵᠤᠭᠰᠤᠩᠭᠤᠶᠢᠷᠠᠭᠰᠠᠨ ᠲᠥᠷᠥᠯ ᠵᠦᠢᠯ︾ ᠢ ᠬᠠᠤᠯᠢ ᠶᠣᠰᠣᠭᠠᠷ ᠢᠯᠭᠠᠷᠠᠭᠤᠯᠵᠤ᠂ ᠡᠯ᠎ᠡ ᠲᠥᠷᠥᠯ ᠤᠨ ᠡᠬᠢ ᠪᠠᠶᠠᠯᠢᠭ ᠢ ᠦᠨᠡᠨ ᠬᠦ ᠠᠮᠢᠳᠤᠯᠢᠭ ᠠᠰᠢᠭᠯᠠᠵᠤ᠂ ᠥᠨᠳᠥᠷ ᠦᠷ᠎ᠡ ᠪᠦᠲᠦᠮᠵᠢᠲᠡᠶ ᠪᠠᠷ ᠬᠡᠷᠡᠭᠯᠡᠨ᠎ᠡ᠃     ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠲᠥᠷᠥ ᠶᠢᠨ ᠪᠣᠳᠣᠯᠭ᠎ᠠ᠂ ᠪᠡᠯᠡ ᠮᠥᠩᠭᠦ᠂ ᠬᠠᠪᠰᠤᠷᠤᠨ ᠲᠡᠳᠬᠦᠬᠦ ᠶᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ 3853 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠤᠨ ᠂ ᠶᠠᠳᠠᠭᠤ  ᠠᠴᠠ ᠠᠩᠭᠢᠵᠢᠷᠠᠭᠰᠠᠨ ᠬᠥᠮᠥᠨ ᠠᠮᠠ ᠶᠢᠨ ᠭᠡᠷ ᠪᠦᠯᠢ ᠶᠢᠨ ᠬᠥᠮᠥᠨ ᠳᠤᠮᠳᠠᠴᠢ ᠶᠢᠨ ᠴᠡᠪᠡᠷ ᠣᠷᠣᠯᠭ᠎ᠠ ᠶᠢ 12% ᠠᠴᠠ ᠳᠡᠭᠡᠭᠰᠢ ᠨᠡᠮᠡᠭᠳᠡᠭᠦᠯᠬᠦ ᠶᠢ ᠳᠠᠶᠢᠴᠢᠯᠠᠵᠤ᠂ ᠳᠠᠬᠢᠨ ᠶᠠᠳᠠᠭᠤᠷᠠᠵᠤ ᠰᠢᠨ᠎ᠡ ᠪᠠᠷ ᠶᠠᠳᠠᠭᠤᠷᠠᠬᠤ ᠪᠠᠶᠢᠳᠠᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠨᠴᠠᠯᠢᠭᠲᠤ ᠳᠠᠷᠢᠵᠤ ᠲᠡᠵᠢᠭᠡᠬᠦ ᠵᠡᠷᠭᠡ ᠠᠵᠤ ᠦᠢᠯᠡᠰ ᠢ ᠬᠥᠭᠵᠢᠭᠦᠯᠵᠦ᠂ ᠮᠠᠯ ᠪᠡᠯᠴᠢᠭᠡᠷ ᠢ ᠬᠤᠪᠢ ᠣᠷᠣᠭᠤᠯᠵᠤ ᠡᠷᠦᠬᠡ ᠬᠤᠯᠪᠤᠭᠠᠯᠠᠨ ᠨᠠᠶᠢᠳᠠᠨ ᠬᠠᠮᠢᠶᠠᠷᠤᠭᠤᠯᠵᠤ ᠠᠵᠤ ᠠᠬᠤᠶᠢᠴᠢᠯᠠᠨ ᠡᠵᠡᠩᠨᠡᠬᠦ ᠲᠤᠷᠰᠢᠯᠲᠠ ᠶᠢᠨ ᠴᠡᠭ ᠢ ᠬᠡᠷᠡᠭᠵᠢᠭᠦᠯᠦᠨ᠂ ᠲᠠᠷᠢᠶᠠᠯᠠᠩ ᠮᠠᠯ ᠠᠵᠤ ᠠᠬᠤᠢ ᠰᠣᠯᠪᠢᠴᠠᠭᠰᠠᠨ ᠪᠦᠰᠡ ᠳᠤ 20 ᠲᠦᠮᠡᠨ ᠮᠠᠯ ᠬᠡᠪᠴᠢᠶᠡᠵᠢᠭᠦᠯᠦᠨ ᠲᠡᠵᠢᠭᠡᠨ ᠦᠷᠡᠵᠢᠭᠦᠯᠵᠦ᠂ ᠰᠢᠶᠣᠣ ᠪᠧᠢ ᠲᠠᠨ ᠤ ᠲᠦᠮᠡᠨ ᠮᠦ ᠲᠥᠮᠥᠰᠥ ᠶᠢᠨ ᠰᠢᠯᠢᠳᠡᠭ ᠲᠠᠷᠢᠮᠠᠯ ᠤᠨ ᠣᠷᠣᠨ ᠢ ᠪᠣᠶ ᠪᠣᠯᠭᠠᠨ᠎ᠠ᠃ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢᠨ ︽ᠲᠦᠷᠦᠭᠦᠴᠢ ᠭᠠᠯᠠᠭᠤ︾ ᠶᠢ ᠬᠦᠮᠦᠵᠢᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠤᠷᠤᠨ ᠨᠤᠲᠤᠭ ᠤᠨ ᠴᠢᠳᠠᠪᠤᠷᠢᠲᠠᠨ᠂ ᠰᠢᠯᠢᠳᠡᠭ ᠣᠶᠤᠲᠠᠳ ᠤᠨ ᠨᠤᠲᠤᠭ ᠲᠠᠭᠠᠨ ᠪᠤᠴᠠᠵᠤ ᠦᠢᠯᠡᠰ ᠪᠤᠰᠬᠠᠬᠤ ᠶᠢ ᠳᠡᠮᠵᠢᠵᠦ᠂ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠰᠢᠨ᠎ᠡ ᠬᠡᠯᠪᠡᠷᠢ ᠶᠢᠨ 180 ᠭᠤᠣᠯ ᠴᠣᠭᠴᠠ ᠶᠢ ᠬᠦᠮᠦᠵᠢᠭᠦᠯᠵᠤ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠤᠨ᠎ᠠ᠃ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠲᠠᠪᠤᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ 1251᠂ ᠪᠣᠬᠢᠷ ᠤᠰᠤ ᠰᠢᠢᠳᠪᠦᠷᠢᠯᠡᠬᠦ ᠥᠷᠲᠡᠭᠡ 3 ᠶᠢ ᠰᠢᠨ᠎ᠡ ᠪᠠᠷ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ 3 ᠶᠢ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠣᠭᠤᠭᠠᠷᠠᠭᠤᠯᠤᠯᠲᠠ ᠭᠤᠶᠣᠵᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠰᠬᠤᠨ 2 ᠶᠢ ᠡᠭᠦᠳᠦᠨ ᠪᠠᠶᠢᠭᠤᠯᠤᠨ᠎ᠡ᠃ ︽ᠪᠤᠯᠬᠢ ᠳᠠᠳᠬᠠᠯ ᠢ ᠥᠭᠡᠷᠡᠴᠢᠯᠡᠬᠦ ᠶᠢ ᠠᠬᠢᠭᠤᠯᠵᠤ · ᠪᠣᠯᠪᠠᠰᠤᠨ ᠬᠥᠳᠡᠭᠡ ᠳᠤᠰᠬᠤᠨ ᠤ ᠰᠤᠷᠲᠠᠯ ᠢ ᠪᠣᠶ ᠪᠣᠯᠭᠠᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠪᠣᠯᠪᠠᠰᠤᠨ ᠬᠥᠳᠡᠭᠡ ᠳᠤᠰᠬᠤᠨ ᠤ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠪᠣᠷᠣᠭᠵᠢᠭᠤᠨ ᠠᠷᠠᠳ ᠤᠨ ᠰᠤᠷᠲᠠᠯ ᠢ ᠬᠦᠮᠦᠵᠢᠭᠦᠯᠦᠨ᠎ᠡ᠃    ︵ᠬᠤᠶᠠᠷ︶ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠡᠷᠡᠰ ᠭᠤᠶᠢᠪᠢᠰᠢ ᠦᠭᠡᠢ ᠪᠠᠷ ᠬᠡᠷᠡᠭᠵᠢᠭᠦᠯᠵᠦ᠂ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠠᠪᠤᠳᠠᠯ ᠢ ᠪᠦᠬᠦᠯᠢ ᠴᠣᠭᠴᠠ ᠪᠠᠷ ᠨᠢ ᠰᠠᠶᠢᠵᠢᠷᠠᠭᠤᠯᠬᠤ ᠶᠢ ᠬᠦᠴᠦᠯᠡᠨ ᠠᠬᠢᠭᠤᠯᠤᠨ᠎ᠠ᠃ ᠬᠡᠷᠡᠭᠯᠡᠭᠡᠨ ᠤ ᠰᠠᠭᠤᠷᠢ ᠪᠣᠯᠬᠤ ᠦᠢᠯᠡᠳᠦᠯ ᠪᠠ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠦᠯ ᠢ ᠪᠠᠳᠠᠷᠠᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠲᠠᠯᠳᠠ ᠬᠦᠴᠦᠨ ᠢ ᠠᠭᠤᠳᠠᠯᠵᠤ᠂ ᠶᠠᠰᠤ ᠴᠢᠨᠠᠷ ᠢ ᠳᠡᠭᠡᠭᠰᠢᠯᠡᠭᠦᠯᠦᠨ᠂ ᠦᠷ᠎ᠡ ᠠᠰᠢᠭ ᠢ ᠨᠡᠮᠡᠭᠳᠡᠭᠦᠯᠵᠦ᠂ ᠠᠵᠤ ᠠᠬᠤᠢ ᠶᠢᠨ ᠣᠷᠴᠢᠯ ᠤᠨ ᠳᠣᠲᠣᠭᠠᠳᠤ ᠬᠥᠳᠡᠯᠭᠡᠭᠴᠢ ᠬᠦᠴᠦᠨ ᠢ ᠴᠢᠩᠭᠠᠷᠠᠭᠤᠯᠤᠨ᠎ᠠ᠃    ᠬᠡᠷᠡᠭᠯᠡᠭᠡ ᠶᠢ ᠬᠥᠭᠵᠢᠭᠦᠯᠵᠦ ᠪᠠᠭᠲᠠᠭᠠᠮᠵᠢ ᠶᠢ ᠥᠷᠭᠡᠳᠬᠡᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ︽ᠠᠷᠪᠢᠴᠢ ᠬᠦᠷᠲᠡᠭᠡᠮᠵᠢᠲᠡᠢ ᠪᠤᠭᠤᠳᠤ ᠬᠤᠲᠠ︾ ᠶᠢᠨ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢ ᠥᠷᠨᠢᠭᠦᠯᠵᠦ᠂ ᠬᠤᠳᠠᠯᠳᠤᠭᠠᠨ ᠤ ᠳᠡᠯᠭᠡᠭᠦᠷ ᠤᠨ ᠪᠦᠷᠢᠨ ᠪᠠᠷᠠᠭ᠎ᠠ᠂ ᠬᠡᠲᠦ ᠳᠡᠯᠭᠡᠭᠦᠷ ᠤᠨ ᠵᠢᠵᠢᠭᠯᠡᠨ ᠬᠤᠳᠠᠯᠳᠤᠬᠤ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠡᠷᠡᠭᠯᠡᠭᠡ ᠶᠢ ᠠᠬᠢᠭᠤᠯᠤᠨ᠎ᠠ᠃ ᠰᠥᠨᠢ ᠶᠢᠨ ᠠᠵᠤ ᠠᠬᠤᠢ᠂ ᠣᠶᠤᠨᠴᠢ ᠬᠡᠷᠡᠭᠯᠡᠭᠡ᠂ ᠡᠷᠡᠭᠦᠯᠵᠢᠯ ᠤᠨ ᠬᠡᠷᠡᠭᠯᠡᠭᠡ ᠵᠡᠷᠭᠡ ᠶᠢᠨ ᠬᠥᠭᠵᠢᠯᠲᠡ ᠶᠢ ᠳᠡᠮᠵᠢᠵᠦ᠂ ᠰᠣᠶᠣᠯ ᠵᠢᠭᠤᠯᠴᠢᠯᠠᠯ ᠤᠨ ᠪᠠᠶᠠᠷ᠂ ᠨᠠᠭᠠᠳᠤᠮ ᠤᠨ ᠶᠡᠭᠡ ᠬᠤᠷᠠᠯ ᠵᠡᠷᠭᠡ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠬᠤᠲᠠ ᠶᠢᠨ ᠲᠠᠰ ᠠᠴᠠ ᠳᠡᠭᠡᠭᠰᠢᠬᠢ ᠰᠥᠨᠢ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ 4 ᠲᠣᠭᠤᠷᠢᠭ ᠢ ᠡᠭᠦᠳᠦᠨ ᠪᠠᠶᠢᠭᠤᠯᠵᠤ᠂ ᠠᠮᠠᠷᠠᠯᠲᠠ ᠶᠢᠨ ᠡᠳᠦᠷ ᠤᠨ ᠬᠡᠷᠡᠭᠯᠡᠭᠡ᠂ ᠵᠡᠭᠡᠯᠢ ᠲᠣᠭᠤᠷᠢᠭ ᠤᠨ ᠵᠠᠬ᠎ᠠ ᠳᠡᠯᠭᠡᠭᠦᠷ᠂ ᠳᠡᠯᠭᠡᠭᠦᠷ ᠬᠤᠳᠠᠯᠳᠤᠭ᠎ᠠ᠂ ᠭᠠᠷᠠᠭ ᠤᠨ ᠰᠡᠭᠦᠯᠴᠢ ᠶᠢᠨ ᠠᠵᠤ ᠠᠬᠤᠢ ᠵᠡᠷᠭᠡ ᠶᠢ ᠪᠥᠬᠦ ᠲᠠᠯ᠎ᠠ ᠪᠠᠷ ᠬᠥᠭᠵᠢᠶᠡᠨᠲᠡᠢ ᠪᠣᠯᠭᠠᠬᠤ ᠶᠢ ᠠᠬᠢᠭᠤᠯᠤᠨ᠎ᠠ᠃ ᠰᠢᠭᠤᠤᠨ ᠨᠡᠪᠲᠡᠷᠡᠭᠦᠯᠭᠡ ᠪᠠᠷ ᠪᠠᠷᠠᠭ᠎ᠠ ᠪᠤᠷᠤᠯᠠᠭᠤᠯᠵᠤ᠂ ᠴᠢᠨᠠᠷ ᠰᠠᠶᠢᠲᠠᠢ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠣᠣᠷ ᠰᠦᠯᠵᠢᠶ᠎ᠡ ᠪᠠᠷ ᠪᠣᠷᠣᠯᠠᠭᠤᠯᠬᠤ ᠠᠷᠭ᠎ᠠ ᠵᠠᠮ ᠢ ᠥᠷᠭᠡᠳᠬᠡᠨ᠎ᠡ᠃ ᠪᠠᠢ ᠹᠦ᠋ ᠰᠢᠨ ᠲᠢᠶᠠᠨ ᠳ᠋ᠢ᠂ ᠤᠮᠠᠷᠠᠲᠤ ᠬᠢᠯᠢ ᠶᠢᠨ ᠵᠠᠬ᠎ᠠ ᠳᠡᠯᠭᠡᠭᠦᠷ ᠵᠡᠷᠭᠡ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠴᠢᠳᠠᠮᠵᠢ ᠶᠢ ᠥᠭᠡᠷᠡᠴᠢᠯᠡᠨ ᠳᠡᠭᠡᠭᠰᠢᠯᠡᠭᠦᠯᠵᠦ᠂ ᠶᠠᠪᠠᠭᠠᠨ ᠵᠠᠮ ᠤᠨ ᠵᠡᠭᠦᠨ ᠵᠡᠭᠡᠯᠢ ᠶᠢ ᠪᠤᠭᠤᠲᠤ ᠬᠤᠲᠠ ᠶᠢᠨ ᠲᠣᠭᠠᠴᠢᠯᠠᠭᠰᠠᠨ ᠥᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ ᠵᠡᠭᠡᠯᠢ ᠲᠣᠭᠤᠷᠢᠭ ᠪᠣᠯᠭᠠᠨ ᠪᠦᠲᠦᠭᠡᠨ ᠪᠠᠶᠢᠭᠤᠯᠤᠨ᠎ᠠ᠃ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡᠪᠡᠷ ᠡᠷᠬᠢᠮᠯᠡᠬᠦ ᠶᠢ ᠪᠠᠷᠢᠮᠲᠠᠯᠠᠵᠤ᠂ ᠣᠷᠳᠣ ᠬᠤᠭᠤᠴᠠᠭ᠎ᠠ ᠪᠠᠷ ᠲᠦᠷᠢᠶᠡᠰᠦᠯᠡᠬᠦ ᠭᠡᠷ ᠪᠠᠶᠢᠰᠢᠩ᠂ ᠨᠡᠶᠢᠲᠡ ᠶᠢᠨ ᠪᠠᠶᠢᠷᠢ ᠶᠢᠨ ᠭᠡᠷ ᠪᠠᠶᠢᠰᠢᠩ ᠤᠨ ᠵᠠᠬ᠎ᠠ ᠳᠡᠯᠭᠡᠭᠦᠷ ᠢ ᠲᠦᠷᠭᠡᠳᠬᠡᠨ ᠬᠥᠭᠵᠢᠭᠦᠯᠦᠨ᠎ᠡ᠃   ᠠᠵᠤ ᠠᠬᠤᠶᠢᠯᠠᠯ ᠢ ᠳᠠᠬᠢᠨ ᠢᠶᠠᠷ ᠨᠡᠮᠡᠭᠳᠡᠭᠦᠯᠵᠦ ᠪᠣᠶᠢᠵᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ︽ᠪᠢ ᠠᠵᠤ ᠠᠬᠤᠶᠢᠯᠠᠯ ᠳᠤ ᠵᠠᠬᠢᠶᠠᠯᠠᠭ᠎ᠠ ᠶᠢᠨ ᠬᠠᠭᠤᠳᠠᠰᠤ ᠡᠷᠢᠵᠦ ᠥᠭᠬᠦ︾᠂ ︽ᠪᠢ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ ᠡᠷᠢᠵᠦ ᠥᠭᠬᠦ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠨᠢᠭᠡ ᠠᠵᠤ ᠠᠬᠤᠶᠢᠯᠠᠯ ᠨᠢᠭᠡ ᠠᠷᠭ᠎ᠠ ᠪᠣᠳᠣᠯᠭ᠎ᠠ ᠶᠢᠨ ︽ᠦᠢᠯᠡᠴᠢᠯᠡᠭᠡᠨ ᠤ ᠪᠣᠭᠴᠣ︾ ᠶᠢ ᠬᠡᠷᠡᠭᠵᠢᠭᠦᠯᠵᠦ᠂ ︽ᠠᠵᠤ ᠠᠬᠤᠶᠢᠯᠠᠯ ᠱᠦᠭᠯᠦ ᠦᠯᠢᠶᠡᠵᠦ᠂ ᠰᠠᠯᠠᠭ᠎ᠠ ᠮᠥᠴᠢᠷ ᠬᠠᠷᠢᠭᠤᠯᠲᠠ ᠦᠭᠬᠦ︾ ᠠᠵᠢᠯ ᠤᠨ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠳᠤ ᠨᠡᠩ ᠳᠤᠯᠠᠭᠠᠨ᠂ ᠨᠡᠩ ᠳᠣᠲᠣᠨᠣ ᠦᠢᠯᠡᠴᠢᠯᠡᠭᠡ ᠬᠠᠩᠭᠠᠨ᠎ᠠ᠃ ︽ᠬᠤᠪᠢ ᠶᠢᠨ ᠡᠵᠡᠩᠨᠡᠯᠳᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾᠂ ︽ᠪᠠᠭ᠎ᠠ ᠠᠴᠠ ᠬᠡᠪᠴᠢᠶᠠᠵᠢᠬᠦ︾ ᠶᠢ ᠲᠦᠯᠬᠢᠨ ᠠᠬᠢᠭᠤᠯᠵᠤ᠂ ᠪᠥᠬᠦ ᠵᠢᠯ ᠳᠤ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ 1500 ᠡᠷᠦᠬᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠢ 5 ᠡᠷᠦᠬᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠰᠢᠪᠠᠷᠬᠦ᠋ᠷᠢᠶ᠎ᠠ ᠶᠢᠨ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠲᠥᠪᠯᠡᠷᠡᠭᠰᠡᠨ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠴᠠᠬᠢᠯᠭᠠᠨ ᠳᠠᠮᠵᠢᠭᠤᠯᠵᠤ ᠲᠦᠭᠡᠭᠡᠬᠦ᠂ ᠭᠠᠳᠠᠭᠠᠳᠤ ᠠᠴᠠ ᠣᠷᠣᠭᠤᠯᠤᠭᠰᠠᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠠᠷᠢᠯᠢᠭ ᠡᠳ᠋ᠰᠢᠭᠦᠯᠬᠦ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠰᠠᠨ ᠾᠧ ᠮᠢᠩ ᠲᠡᠮᠦᠷ ᠤᠨ ᠠᠭᠤᠷᠬᠠᠢ ᠶᠢᠨ ᠮᠠᠯᠲᠠᠵᠤ ᠰᠢᠯᠢᠬᠦ ᠵᠡᠷᠭᠡ ᠲᠥᠷᠥᠯ ᠵᠦᠢᠯ ᠤᠨ ᠠᠰᠢᠭᠯᠠᠯᠲᠠ ᠳᠤ ᠣᠷᠣᠬᠤ ᠶᠢ ᠠᠬᠢᠭᠤᠯᠤᠨ᠎ᠠ᠃ ᠱᠠᠨᠰᠢ ᠶᠢᠨ ᠠᠭᠤᠷᠬᠠᠢ ᠶᠢᠨ ᠺᠤᠮᠫᠠᠨᠢ ᠶᠢ ᠣᠷᠣᠭᠤᠯᠤᠨ ᠠᠪᠴᠢᠷᠠᠵᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠠᠵᠢᠯ ᠢ ᠥᠷᠨᠢᠭᠦᠯᠦᠨ᠂ ᠡᠬᠢ ᠪᠠᠶᠠᠯᠢᠭ ᠢ ᠬᠤᠪᠢᠷᠠᠭᠤᠯᠤᠨ ᠦᠷᠳᠡᠭ ᠨᠡᠮᠡᠭᠳᠡᠭᠦᠯᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠦᠬᠦᠷ ᠬᠦᠴᠢᠯ ᠤᠨ ᠬᠤᠪᠣᠷ ᠰᠢᠷᠣᠢ ᠶᠢᠨ ᠬᠡᠯᠪᠡᠷᠢ ᠶᠢ ᠬᠤᠪᠢᠷᠠᠭᠤᠯᠤᠨ ᠾᠯᠣᠷᠲᠤ ᠬᠤᠪᠣᠷ ᠰᠢᠷᠣᠢ᠂ ᠬᠤᠪᠣᠷ ᠰᠢᠷᠣᠢ ᠶᠢᠨ ᠬᠠᠶᠠᠭᠳᠠᠮᠠᠯ ᠮᠠᠲ᠋ᠧᠷᠢᠶᠠᠯ ᠢ ᠶᠡᠷᠦᠩᠬᠡᠶᠢᠯᠡᠨ ᠠᠰᠢᠭᠯᠠᠬᠤ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠬᠠᠩ ᠲᠢᠶᠠᠨ ᠶᠢᠨ ᠰᠢᠶᠠ ᠨᠡᠭᠦᠷᠡᠰᠦ ᠬᠦᠴᠢᠯ ᠤᠨ ᠬᠤᠪᠣᠷ ᠰᠢᠷᠣᠢ ᠶᠢᠨ ᠠᠵᠤ ᠦᠢᠯᠡᠰ ᠢ ᠰᠢᠯᠵᠢᠭᠦᠯᠦᠨ ᠨᠡᠭᠦᠯᠭᠡᠬᠦ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ᠬᠤᠪᠣᠷ ᠰᠢᠷᠣᠢ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠢ ᠨᠡᠮᠡᠭᠳᠡᠭᠦᠯᠦᠨ᠎ᠡ᠃ ︽ᠢᠲᠡᠭᠡᠮᠵᠢᠲᠦ ᠵᠢᠭᠡᠯᠡᠯᠭᠡ︾ ᠶᠢ ᠭᠦᠨᠵᠡᠭᠡᠢ ᠥᠷᠨᠢᠭᠦᠯᠵᠦ᠂ ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠂ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠵᠤ᠂ 3 ᠳ᠋ᠦᠩᠰᠢᠭᠤᠷ ᠲᠥᠭᠦᠷᠢᠭ ᠠᠴᠠ ᠳᠡᠭᠡᠭᠰᠢ ᠢᠲᠡᠭᠡᠮᠵᠢᠲᠦ ᠵᠢᠭᠡᠯᠡᠯᠭᠡ ᠶᠢ ᠰᠢᠨ᠎ᠡ ᠪᠠᠷ ᠨᠡᠮᠡᠭᠳᠡᠭᠦᠯᠦᠨ᠎ᠡ᠃   ︽ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠠᠵᠤ ᠠᠬᠤᠶᠢᠯᠠᠯ ᠤᠨ ︽ᠨᠢᠭᠡ ᠰᠦᠯᠵᠢᠶ᠎ᠡ ᠪᠠᠷ ᠨᠡᠶᠢᠳᠡᠮ ᠡᠷᠭᠢᠯᠡᠬᠦ᠂ ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ᠂ ᠬᠠᠭᠠᠰ ᠡᠳᠦᠷ ᠲᠤ ᠭᠦᠢᠴᠡᠳᠬᠡᠵᠦ ᠳᠠᠭᠤᠰᠬᠠᠬᠤ᠂ ᠴᠠᠭ ᠬᠤᠪᠢᠶᠠᠨ ᠭᠦᠢᠴᠡᠳᠬᠡᠬᠦ︾ ᠶᠢ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠲᠥᠷᠥᠯ ᠵᠦᠢᠯ ᠤᠨ ︽  ᠪᠠᠷᠢᠮᠵᠢᠶᠡᠳᠤ ᠭᠠᠵᠠᠷ︾ ᠢ ᠰᠢᠯᠵᠢᠭᠦᠯᠦᠨ ᠬᠤᠳᠠᠯᠳᠤᠬᠤ᠂ ︽ᠭᠠᠵᠠᠷ ᠠᠪᠤᠮᠠᠭᠴᠠ ᠳᠠᠷᠤᠶᠢᠬᠠᠨ ᠠᠵᠢᠯ ᠡᠬᠢᠯᠡᠭᠦᠯᠬᠦ︾ ᠪᠠ ᠨᠡᠶᠢᠭᠡᠮ ᠤᠨ ᠪᠡᠯᠡ ᠣᠷᠣᠭᠤᠯᠤᠯᠲᠠ ᠶᠢᠨ ᠠᠵᠤ ᠦᠢᠯᠡᠰ ᠤᠨ ᠲᠥᠷᠥᠯ ᠵᠦᠢᠯ ᠤᠨ ︽ᠰᠢᠯᠭᠠᠬᠤ ᠳᠠᠩᠰᠠᠯᠠᠬᠤ ᠶᠢ ᠨᠢᠭᠡᠳᠬᠡᠬᠦ︾ ᠵᠡᠷᠭᠡ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠵᠦ᠂ ︽ᠮᠥᠩᠭᠡ ᠰᠤᠪᠠᠭ᠂ ᠳᠦᠷᠪᠡᠨ ᠭᠦᠢᠴᠡᠳᠬᠡᠬᠦ︾ ᠦᠢᠯᠡᠴᠢᠯᠡᠭᠡ ᠶᠢ ᠭᠦᠨᠵᠡᠭᠡᠶᠢᠷᠡᠭᠦᠯᠦᠨ᠎ᠡ᠃ ᠤᠶᠠᠨ ᠬᠠᠳᠠᠨ ᠢᠶᠠᠷ ᠬᠠᠤᠯᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠲᠣᠷᠭᠠᠭᠤᠯᠢ ᠠᠴᠠ ᠬᠡᠯᠲᠦᠷᠢᠭᠦᠯᠵᠦ ᠲᠣᠷᠭᠠᠭᠤᠯᠢ ᠶᠢ ᠬᠥᠩᠭᠡᠪᠴᠢᠯᠡᠬᠦ︾ ᠲᠣᠳᠣᠷᠬᠠᠢ ᠬᠠᠭᠤᠳᠠᠰᠤ ᠶᠢᠨ 3.0 ᠬᠡᠪ ᠢᠶᠠᠷ ᠬᠡᠷᠡᠭᠵᠢᠭᠦᠯᠪᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ 12345 ᠤᠲᠠᠰᠤᠨ ᠤ ᠭᠦᠢᠴᠡᠳᠬᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠭᠤᠮᠣᠳᠠᠯ ᠱᠠᠭᠠᠷᠳᠠᠯᠭ᠎ᠠ ᠶᠢ ︽ᠨᠢᠭᠡ ᠯᠡ ᠳᠠᠷᠤᠪᠴᠢ ᠪᠠᠷ ᠰᠢᠭᠤᠳ ᠬᠦᠷᠭᠡᠬᠦ︾᠂ ᠵᠠᠰᠠᠭ ᠠᠵᠤ ᠠᠬᠤᠶᠢᠯᠠᠯ ᠤᠨ ᠰᠣᠯᠢᠯᠴᠠᠭ᠎ᠠ ᠶᠢᠨ ︽ᠨᠢᠭᠡ ᠴᠣᠩᠬᠤ ᠪᠠᠷ ᠶᠠᠷᠢᠯᠴᠠᠬᠤ︾ ᠵᠡᠷᠭᠡ ᠭᠤᠣᠯ ᠰᠡᠳᠦᠪᠲᠦ ᠦᠢᠯᠡᠴᠢᠯᠡᠭᠡ ᠶᠢ ᠭᠠᠷᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ︽ᠶᠠᠷᠰᠢᠭ ᠲᠠᠢ ᠶᠠᠪᠤᠳᠠᠯ︾ ᠢ ᠵᠠᠰᠠᠭ ᠤᠨ ᠣᠷᠳᠣᠨ ᠤ ︽ᠴᠢᠬᠤᠯᠠ ᠶᠠᠪᠤᠳᠠᠯ︾ ᠪᠣᠯᠭᠠᠨ ᠪᠣᠳᠠᠲᠠᠢ ᠪᠥᠭᠡᠳ ᠰᠠᠶᠢᠲᠤᠷ ᠬᠢᠨ᠎ᠡ᠃ ᠠᠵᠤ ᠠᠬᠤᠶᠢᠯᠠᠯ ᠳᠤ ᠶᠠᠭᠤ ᠬᠡᠷᠡᠭᠴᠡᠭᠡ ᠲᠠᠢ ᠪᠣᠯ ᠪᠢᠳᠠ ᠶᠠᠭᠤ ᠬᠢᠬᠦ ᠶᠢ ᠪᠠᠷᠢᠮᠲᠠᠯᠠᠵᠤ᠂ ᠵᠠᠰᠠᠭ ᠠᠵᠤ ᠠᠬᠤᠶᠢᠯᠠᠯ ᠤᠨ ᠪᠠᠶᠢᠩᠭᠤ ᠶᠢᠨ ᠴᠢᠨᠠᠷᠲᠠᠢ ᠨᠡᠪᠲᠡᠷᠡᠯᠴᠡᠬᠦ ᠲᠣᠭᠲᠠᠴᠠ ᠶᠢ ᠪᠠᠶᠢᠭᠤᠯᠤᠨ᠂ ︽ᠵᠠᠰᠠᠭ ᠤᠨ ᠤᠷᠳᠤᠨ ᠪᠤᠯᠤᠨ ᠠᠷᠠᠯᠵᠢᠶᠠᠴᠢᠨ ᠤ ᠬᠤᠭᠤᠷᠤᠨᠳᠤᠬᠢ ᠲᠤᠲᠤᠨᠤ ᠴᠢᠭᠴᠢ ᠪᠠᠷ ᠬᠠᠷᠢᠯᠴᠠᠬᠤ ᠠᠭᠤᠯᠵᠠᠯᠲᠠ ᠶᠢᠨ ᠲᠢᠩᠬᠢᠮ︾ ᠢ ᠪᠠᠶᠢᠭᠤᠯᠵᠤ᠂ ᠳᠠᠷᠬᠠᠨ ᠮᠤᠤᠮᠢᠩᠭᠠᠨ ᠢ ᠤᠯᠤᠰ ᠤᠨ ᠥᠮᠴᠢᠯᠡᠯ ᠤᠨ ᠪᠡᠯ᠎ᠡ ᠤᠷᠤᠭᠤᠯᠤᠯᠲᠠ ᠪᠠᠷ ᠵᠣᠷᠢᠭᠲᠠᠢ ᠠᠵᠢᠯᠯᠠᠵᠤ᠂ ᠠᠷᠠᠳ ᠤᠨ ᠪᠡᠯᠡ ᠤᠷᠤᠭᠤᠯᠤᠯᠲᠠ ᠪᠠᠷ ᠵᠤᠷᠢᠭᠲᠠᠢ ᠲᠡᠮᠡᠴᠡᠵᠤ᠂ ᠭᠠᠳᠠᠭᠠᠳᠤ ᠪᠡᠯᠡ ᠤᠷᠤᠭᠤᠯᠤᠯᠲᠠ ᠵᠤᠷᠢᠭᠲᠠᠢ ᠢᠷᠡᠵᠤ ᠴᠢᠳᠠᠬᠤ ᠬᠥᠭᠵᠢᠯᠲᠡ ᠶᠢᠨ ᠳᠠᠪᠠᠭᠤᠯᠢᠭ ᠭᠠᠵᠠᠷ ᠤᠷᠤᠨ ᠪᠣᠯᠭᠠᠨ᠎ᠠ᠃   ︵ᠭᠤᠷᠪᠠ︶ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠡᠷᠡᠰ ᠭᠤᠶᠢᠪᠢᠰᠢ ᠦᠭᠡᠢ ᠪᠠᠶᠢᠭᠤᠯᠵᠤ᠂ ᠠᠵᠤ ᠦᠢᠯᠡᠰ ᠤᠨ ᠬᠡᠯᠬᠢᠶᠡᠨ ᠤ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠠ ᠠᠮᠤᠷ ᠲᠦᠪᠰᠢᠨ ᠤ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ᠃ ︽ᠣᠷᠣ ᠦᠭᠡᠢ ᠭᠠᠵᠠᠷ ᠣᠪᠣᠭ᠎ᠠ ᠪᠣᠰᠬᠠᠬᠤ︾᠂ ︽ᠪᠠᠶᠢᠭ᠎ᠠ ᠵᠦᠢᠯ ᠢᠶᠠᠨ ᠰᠢᠨᠡᠴᠢᠯᠡᠬᠦ︾ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠠᠭᠠᠵᠢᠮ ᠢᠶᠠᠷ ᠠᠷᠭ᠎ᠠ ᠮᠠᠶ᠋ᠢᠭ ᠢ ᠬᠤᠪᠢᠷᠠᠭᠤᠯᠬᠤ᠂ ᠪᠦᠲᠦᠴᠡ ᠶᠢ ᠲᠣᠬᠢᠷᠠᠭᠤᠯᠬᠤ᠂ ᠬᠥᠳᠡᠯᠭᠡᠭᠴᠢ ᠡᠨᠧᠷᠭᠢ ᠶᠢ ᠰᠣᠯᠢᠬᠤ ᠶᠢ ᠪᠠᠷᠢᠮᠲᠠᠯᠠᠵᠤ᠂ ᠳᠠᠪᠠᠭᠤᠯᠢᠭ ᠨᠢ ᠲᠣᠪᠣᠶᠢᠮ᠎ᠠ᠂ ᠣᠨᠴᠠᠯᠢᠭ ᠨᠢ ᠢᠯᠡ ᠲᠣᠳᠣ ᠲᠤᠭᠴᠢ ᠠᠵᠤ ᠦᠢᠯᠡᠰ ᠤᠨ ᠴᠤᠭᠯᠠᠷᠠᠯ᠂ ᠰᠢᠨ᠎ᠡ ᠠᠵᠤ ᠦᠢᠯᠡᠰ ᠤᠨ ᠴᠤᠭᠯᠠᠷᠠᠯ ᠢ ᠲᠥᠪᠯᠡᠷᠡᠭᠦᠯᠦᠨ ᠪᠤᠢ ᠪᠣᠯᠭᠠᠨ᠎ᠠ᠃    ᠵᠠᠭᠤᠨ ᠳ᠋ᠦᠩᠰᠢᠭᠤᠷ ᠲᠥᠭᠦᠷᠢᠭ ᠤᠨ ᠲᠡᠰ ᠤᠨ ᠪᠣᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ   ᠤᠨ ᠠᠰᠢᠭ ᠰᠢᠮ᠎ᠡ ᠶᠢᠨ ᠠᠵᠤ ᠦᠢᠯᠡᠰ ᠤᠨ ᠪᠦᠯᠦᠭᠯᠡᠯ ᠢ ᠪᠤᠢ ᠪᠣᠯᠭᠠᠨ᠎ᠠ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠡᠷᠳᠡᠨᠢ ᠰᠢᠰᠢ ᠰᠢᠷ᠎ᠠ ᠪᠤᠷᠴᠠᠭ ᠢ 3000 ᠮᠦ ᠳᠠᠷᠢᠬᠤ ᠶᠢ ᠳᠡᠯᠭᠡᠷᠡᠭᠦᠯᠦᠨ᠂ ᠠᠮᠤ ᠪᠤᠳᠠᠭᠠᠨ ᠤ ᠤᠨᠠᠯᠲᠠ ᠶᠢ 2.9 ᠳ᠋ᠦᠩᠰᠢᠭᠤᠷ ᠵᠢᠩ ᠠᠴᠠ ᠳᠡᠭᠡᠭᠰᠢ ᠳᠤ ᠬᠦᠷᠭᠡᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠥᠬᠦ ᠶᠠᠪᠤᠴᠠ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠨ᠎ᠡ ᠶᠢ ᠡᠭᠦᠳᠬᠦ ᠲᠤᠷᠰᠢᠯᠲᠠ ᠶᠢ ᠴᠢᠷᠮᠠᠶᠢᠨ ᠬᠢᠨ᠎ᠡ᠃ ᠡᠭᠦᠯᠳᠡᠷ ᠤᠨ ᠦᠢᠯᠡᠰ ᠢ ᠬᠦᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂  ᠮᠣᠩᠭᠤᠯ ᠦᠬᠡᠷ᠂ ᠭᠤᠪᠢ ᠶᠢᠨ ᠣᠬᠤᠷ ᠰᠡᠭᠦᠯᠲᠦ ᠬᠤᠨᠢ᠂ ᠮᠣᠩᠭᠤᠯ ᠠᠳᠤᠭᠤᠨ ᠤ ᠡᠭᠦᠯᠳᠡᠷ ᠤᠨ ᠢᠷᠡᠯᠲᠡ ᠶᠢ ᠰᠢᠯᠢᠳᠡᠭᠵᠢᠭᠦᠯᠬᠦ ᠶᠢ ᠴᠢᠩᠭᠠᠳᠬᠠᠨ᠂ 5 ᠲᠦᠮᠡᠨ ᠮᠢᠬᠠᠨ ᠤ ᠦᠬᠡᠷ᠂ 100 ᠲᠦᠮᠡᠨ ᠮᠢᠬᠠᠨ ᠤ ᠬᠤᠨᠢ ᠶᠢ ᠡᠭᠦᠯᠳᠡᠷ ᠰᠠᠶᠢᠵᠢᠷᠠᠭᠤᠯᠤᠨ ᠦᠷᠡᠵᠢᠭᠦᠯᠦᠨ᠎ᠡ᠃ ᠮᠢᠬᠠᠨ ᠤ ᠦᠢᠯᠡᠰ ᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠠᠮᠢ ᠠᠬᠤᠢ ᠶᠢᠨ ᠣᠶᠤᠨᠴᠢ᠂ ᠬᠡᠪᠴᠢᠶᠡᠵᠢᠭᠦᠯᠦᠭᠰᠡᠨ ᠮᠢᠬᠠᠨ ᠤ ᠦᠬᠡᠷ ᠬᠤᠨᠢ᠂ 50 ᠲᠦᠮᠡᠨ ᠭᠠᠭ᠋ᠠᠢ ᠲᠡᠵᠢᠭᠡᠬᠦ ᠵᠡᠷᠭᠡ ᠲᠡᠵᠢᠭᠡᠨ ᠦᠷᠡᠵᠢᠭᠦᠯᠬᠦ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ 10᠂ ᠲᠣᠭᠠᠴᠢᠯᠠᠭᠰᠠᠨ ᠮᠠᠯᠵᠢᠯ ᠤᠨ ᠲᠠᠯᠠᠪᠠᠶ 10 ᠶᠢ ᠬᠥᠭᠵᠢᠭᠦᠯᠦᠨ᠎ᠡ᠃ ᠡᠪᠡᠰᠦᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠡᠪᠡᠰᠦᠨ ᠤ ᠠᠵᠤ ᠦᠢᠯᠡᠰ ᠪᠠ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ᠂ ᠴᠢᠨᠠᠷ ᠰᠠᠶᠢᠲᠠᠢ ᠴᠡᠷᠭᠤᠰᠤ ᠳᠠᠷᠢᠬᠤ ᠵᠡᠷᠭᠡ ᠲᠥᠷᠥᠯ ᠵᠦᠢᠯ ᠢ ᠠᠬᠢᠭᠤᠯᠤᠨ᠂ 35 ᠲᠦᠮᠡᠨ ᠮᠦ ᠠᠮᠤ ᠪᠤᠳᠠᠭ᠎ᠠ ᠪᠣᠷᠳᠣᠭᠠᠨ ᠤ ᠬᠤᠣᠰ ᠬᠡᠷᠡᠭᠴᠡᠭᠡᠲᠦ ᠲᠠᠷᠢᠮᠠᠯ ᠢ ᠳᠠᠷᠢᠵᠤ᠂ ᠪᠠᠲᠤᠬᠠᠭᠠᠯᠭ᠎ᠠ ᠪᠠᠯᠭᠠᠰᠤ ᠶᠢᠨ ᠡᠪᠡᠰᠦ ᠪᠡᠯᠴᠢᠭᠡᠷ ᠤᠨ ᠠᠷᠠᠯᠵᠢᠶᠠᠨ ᠤ ᠲᠥᠪ᠂ ᠮᠠᠨᠳᠤᠯ ᠪᠠᠯᠭᠠᠰᠤ ᠶᠢᠨ ᠡᠪᠡᠰᠦ ᠪᠣᠷᠳᠤᠭ᠎ᠠ ᠲᠣᠬᠢᠷᠠᠭᠤᠯᠤᠨ ᠬᠦᠷᠭᠡᠬᠦ ᠲᠥᠪ ᠢ ᠪᠦᠲᠦᠭᠡᠨ ᠪᠠᠶᠢᠭᠤᠯᠤᠨ᠎ᠠ᠃ ᠡᠮ ᠤᠨ ᠦᠢᠯᠡᠰ ᠤᠨ ᠴᠢᠳᠠᠮᠵᠢ ᠶᠢ ᠥᠷᠭᠡᠳᠬᠡᠬᠦ ᠠᠵᠢᠯᠯᠠᠭ᠎ᠠ ᠶᠢ ᠬᠡᠷᠡᠭᠵᠢᠭᠦᠯᠵᠦ᠂ ᠬᠤᠨᠴᠢᠷ᠂ ᠬᠥᠬᠦᠷᠭᠡᠨ᠎ᠡ ᠵᠡᠷᠭᠡ 5 ᠲᠦᠮᠡᠨ ᠮᠦ ᠬᠢᠲᠠᠳ ᠡᠪᠡᠰᠦᠨ ᠡᠮ ᠢ ᠳᠠᠷᠢᠵᠤ᠂ ᠲᠢᠶᠠᠨ ᠴᠤᠸᠠᠩ ᠬᠤᠨᠴᠢᠷ  ᠤᠨ ᠢᠷᠡᠯᠲᠡ ᠶᠢ ᠳᠡᠮᠵᠢᠵᠦ᠂ ︽ᠮᠣᠩᠭᠤᠯ ᠬᠤᠨᠢᠨ ᠮᠢᠬ᠎ᠠ︾ ᠶᠢᠨ ᠳᠡᠭᠡᠳᠦ ᠲᠠᠰ ᠤᠨ ᠨᠠᠷᠠᠲᠤ ᠳᠡᠮᠳᠡᠭ ᠢ ᠪᠣᠶ ᠪᠣᠯᠭᠠᠨ᠎ᠠ᠃ ᠪᠣᠷᠳᠣᠭᠤᠷ ᠤᠨ ᠦᠢᠯᠡᠰ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠬᠦᠷᠡᠩ ᠨᠡᠭᠦᠷᠡᠰᠦ᠂ ᠠᠮᠢᠳᠤ ᠪᠣᠳᠠᠰ ᠤᠨ ᠴᠢᠨᠠᠷ ᠵᠡᠷᠭᠡ ᠣᠷᠭᠠᠨᠢᠭ ᠪᠣᠷᠳᠣᠭᠤᠷ ᠤᠨ ᠲᠦᠷᠦᠯ ᠵᠦᠢᠯ ᠢ ᠲᠦᠯᠬᠢᠨ ᠠᠬᠢᠭᠤᠯᠵᠤ ᠂ ᠮᠠᠯ ᠵᠢᠭᠦᠷᠲᠡᠨ ᠤ ᠪᠠᠭᠠᠰᠤᠨ ᠤ ᠪᠣᠬᠢᠷᠳᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠠᠵᠢᠯ ᠢ ᠪᠦᠬᠦ ᠬᠤᠰᠢᠭᠤᠨ  ᠳᠤ ᠲᠦᠯᠬᠢᠨ ᠠᠬᠢᠭᠤᠯᠵᠤ᠂ ᠳᠤᠮᠳᠠ ᠵᠢᠵᠢᠭ ᠬᠡᠯᠪᠡᠷᠢ ᠶᠢᠨ ᠮᠠᠯ ᠵᠢᠭᠦᠷᠲᠡᠨ ᠤ ᠪᠠᠭᠠᠰᠤᠨ ᠤ ᠪᠣᠬᠢᠷᠳᠤᠯ ᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ 30 ᠲᠦᠷᠦᠯ ᠵᠦᠢᠯ ᠢ ᠪᠦᠲᠦᠭᠡᠨ ᠪᠠᠶᠢᠭᠤᠯᠤᠨ᠎ᠡ᠃ ᠠᠳᠤᠭᠤᠨ ᠤ ᠠᠵᠤ ᠦᠢᠯᠡᠰ ᠤᠨ ᠦᠷ᠎ᠡ ᠠᠰᠢᠭ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠠᠳᠤᠭᠤᠨ ᠤ ᠴᠢᠰᠤᠨ ᠴᠠᠶᠢᠪᠠᠩ  ᠠᠴᠠ ᠠᠮᠢᠳᠤ ᠪᠣᠳᠠᠰ ᠤᠨ ᠤᠭᠤᠷᠠᠭ ᠢ ᠢᠯᠭᠠᠷᠠᠭᠤᠯᠤᠨ ᠠᠪᠬᠤ᠂ ᠴᠡᠭᠡ ᠶᠢᠨ ᠡᠷᠡᠭᠦᠯᠵᠢᠯ ᠤᠨ ᠡᠳ᠋  ᠶᠢ ᠪᠦᠲᠦᠭᠡᠬᠦ ᠵᠡᠷᠭᠡ ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ ᠣᠷᠣᠨ ᠪᠦᠰᠡ ᠶᠢᠨ ᠴᠢᠨᠠᠷᠲᠠᠢ ᠠᠮᠢᠳᠤ ᠪᠣᠳᠠᠰ ᠤᠨ ᠠᠳᠤᠭᠤᠨ ᠤ ᠠᠵᠤ ᠦᠢᠯᠡᠰ ᠤᠨ ᠲᠥᠪ ᠢ ᠪᠠᠶᠢᠭᠤᠯᠤᠨ᠎ᠠ᠃ ᠬᠤᠩᠭᠤᠷᠳᠠᠯ᠎ᠠ ᠪᠣᠬᠢᠷᠳᠤᠯ ᠦᠭᠡᠢ ᠢᠳᠡᠭᠡᠨ ᠡᠳ᠋ᠰᠢᠭᠦᠯᠬᠦ ᠲᠤᠭᠤᠷᠢᠭ ᠤᠨ ᠴᠢᠳᠠᠮᠵᠢ ᠶᠢ ᠲᠡᠭᠦᠯᠳᠡᠷᠵᠢᠭᠦᠯᠵᠦ᠂ ᠲᠤᠭᠤᠷᠢᠭ ᠲᠤ ᠣᠷᠣᠭᠤᠯᠬᠤ ᠠᠵᠤ ᠠᠬᠤᠶᠢᠯᠠᠯ ᠢ 2  ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠣᠳᠣᠬᠢᠴᠢᠯᠠᠭᠰᠠᠨ ᠠᠵᠤ ᠦᠢᠯᠡᠰ ᠤᠨ ᠲᠤᠭᠤᠷᠢᠭ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠤᠨ᠎ᠠ᠃ ᠮᠢᠬᠠᠨ ᠤ ᠪᠦᠲᠦᠭᠡᠭᠳᠡᠬᠦᠨ ᠢ ᠭᠦᠨᠵᠡᠭᠡᠢ ᠡᠳ᠋ᠰᠢᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠦᠬᠡᠷ ᠬᠤᠨᠢᠨ ᠮᠢᠬ᠎ᠠ ᠶᠢᠨ ᠬᠠᠭᠠᠰ ᠡᠳ᠋ᠰᠢᠭᠦᠯᠦᠭᠰᠡᠨ ᠢᠳᠡᠭᠡᠨ ᠪᠣᠯᠣᠨ ᠦᠨᠳᠦᠰᠦᠲᠡᠨ ᠤ ᠣᠨᠴᠠᠯᠢᠭᠲᠤ ᠴᠠᠭᠠᠨ ᠢᠳᠡᠭᠡᠨ ᠢ ᠬᠥᠭᠵᠢᠭᠦᠯᠵᠦ᠂ ᠬᠠᠭᠠᠰ ᠡᠳ᠋ᠰᠢᠭᠦᠯᠦᠭᠰᠡᠨ ᠨᠣᠭᠤᠭ᠎ᠠ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠡᠭᠦᠳᠦᠨ ᠪᠠᠶᠢᠭᠤᠯᠤᠨ᠎ᠠ᠃ ︽ᠮᠤᠨᠢ ᠠᠭᠤᠯᠠ ᠶᠢᠨ ᠠᠷᠤ ᠳᠠᠬᠢ ᠲᠠᠯ᠎ᠠ ᠨᠤᠲᠤᠭ︾ ᠭᠡᠬᠦ ᠲᠠᠸᠠᠷ ᠤᠨ ᠲᠡᠮᠳᠡᠭ ᠢ ᠳᠠᠩᠰᠠᠯᠠᠭᠤᠯᠤᠨ ᠳᠡᠯᠭᠡᠷᠡᠭᠦᠯᠵᠦ᠂ ︽ᠳᠠᠷᠬᠠᠨ ᠮᠤᠤᠮᠢᠩᠭᠠᠨ ᠤ ᠬᠤᠨᠴᠢᠷ︾ ᠢ ᠤᠯᠤᠰ ᠤᠨ ᠭᠠᠵᠠᠷ ᠵᠦᠢ ᠶᠢᠨ ᠲᠡᠮᠳᠡᠭ ᠤᠨ ᠬᠠᠮᠠᠭᠠᠯᠠᠯᠲᠠ ᠶᠢᠨ ᠪᠦᠲᠦᠭᠡᠭᠳᠡᠬᠦᠨ ᠤ ᠭᠡᠷᠡᠴᠢᠯᠡᠭᠡ ᠳᠤ ᠪᠠᠲᠤᠯᠠᠭᠤᠯᠤᠨ᠎ᠠ᠃   ᠮᠢᠩᠭᠠᠨ ᠲᠦᠮᠡᠨ ᠺᠢᠯᠣᠸᠠᠲ ᠤᠨ ᠲᠡᠰ ᠤᠨ ᠰᠢᠨ᠎ᠡ ᠡᠨᠧᠷᠭᠢ ᠶᠢᠨ ᠰᠤᠷᠪᠤᠯᠵᠢ ᠶᠢᠨ ᠰᠠᠭᠤᠷᠢᠨ ᠭᠠᠵᠠᠷ ᠢ   ᠪᠦᠲᠦᠭᠡᠨ ᠪᠠᠶᠢᠭᠤᠯᠤᠨ᠎ᠠ᠃ ᠰᠢᠨ᠎ᠡ ᠡᠨᠧᠷᠭᠢ ᠶᠢᠨ ᠰᠤᠷᠪᠤᠯᠵᠢ ᠶᠢᠨ ᠵᠦᠢᠯᠡᠰ ᠢ ᠨᠡᠭᠡᠭᠡᠨ ᠠᠰᠢᠭᠯᠠᠬᠤ ᠳᠦᠷᠢᠮ ᠢ ᠲᠣᠭᠲᠠᠭᠠᠵᠤ᠂ ᠡᠬᠢ ᠪᠠᠶᠠᠯᠢᠭ ᠤᠨ ᠠᠰᠢᠭᠯᠠᠯᠲᠠ ᠶᠢᠨ ᠦᠷᠳᠡᠭ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠃ ᠯᠢᠲ᠋ᠢ ᠢᠶᠤᠨ ᠤ ᠴᠡᠨᠡᠭ ᠤᠨ ᠴᠠᠬᠢᠯᠭᠠᠨ ᠵᠠᠳᠠᠯᠤᠯᠲᠠ ᠶᠢᠨ ᠰᠢᠩᠭᠡᠨ᠂ ᠴᠠᠬᠢᠯᠭᠠᠨ ᠵᠠᠳᠠᠯᠤᠯᠲᠠ ᠶᠢᠨ ᠣᠩᠭᠤᠴᠠ᠂ ᠠᠴᠢᠶᠠᠨ  ᠤ ᠮᠠᠰᠢᠨ ᠤ ᠴᠠᠬᠢᠯᠭᠠᠨ ᠴᠡᠨᠡᠭ ᠢ ᠰᠣᠯᠢᠬᠤ᠂ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠵᠡᠷᠭᠡ ᠲᠦᠷᠦᠯ ᠵᠦᠢᠯ ᠢ ᠲᠦᠯᠬᠢᠨ ᠠᠬᠢᠭᠤᠯᠵᠤ᠂ ᠰᠠᠯᠬᠢᠨ ᠬᠦᠴᠦᠨ ᠤ ᠴᠠᠬᠢᠯᠭᠠᠨ ᠤ ᠰᠡᠯᠪᠢᠭ ᠲᠤᠨᠤᠭ ᠦᠢᠯᠡᠳᠪᠦᠷᠢᠯᠡᠬᠦ ᠰᠠᠭᠤᠷᠢᠨ ᠭᠠᠵᠠᠷ᠂ ᠭᠡᠷᠡᠯ ᠴᠡᠨᠡᠭ ᠤᠨ ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ᠂ ᠲᠣᠭᠠᠴᠢᠯᠠᠭᠰᠠᠨ ᠡᠨᠧᠷᠭᠢ ᠬᠠᠳᠠᠭᠠᠯᠠᠬᠤ ᠲᠣᠨᠣᠭᠯᠠᠯ ᠦᠢᠯᠡᠳᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠤᠰᠤᠲᠥ᠋ᠷᠥᠭᠴᠢ ᠶᠢᠨ ᠡᠨᠧᠷᠭᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠳ᠋ᠢᠶᠠᠨ ᠲᠧᠦ ᠰᠢᠨ ᠸᠧᠢ ᠯᠠᠢ ᠠᠵᠤ ᠠᠬᠤᠶᠢᠯᠠᠯ ᠤᠨ ᠨᠠᠷᠠ ᠰᠠᠯᠬᠢᠨ ᠤ ᠡᠨᠧᠷᠬᠢ ᠪᠠᠷ ᠤᠰᠤᠲᠥ᠋ᠷᠥᠭᠴᠢ ᠦᠶᠯᠡᠳᠬᠦ᠂ ᠮᠢᠩ ᠲᠦᠸᠧ ᠠᠵᠤ ᠠᠬᠤᠶᠢᠯᠠᠯ ᠤᠨ ᠤᠰᠤᠲᠥ᠋ᠷᠥᠭᠴᠢ ᠶᠢᠨ ᠡᠨᠧᠷᠭᠢ ᠪᠠᠷ ᠲᠡᠮᠦᠷᠯᠢᠭ ᠪᠣᠯᠪᠠᠰᠤᠷᠠᠭᠤᠯᠬᠤ ᠨᠡᠭᠦᠷᠡᠰᠦᠲᠥ᠋ᠷᠥᠭᠴᠢ ᠦᠭᠡᠢ ᠲᠦᠯᠡᠰᠢ ᠬᠢᠬᠦ᠂  ᠱᠦᠢ ᠹᠠ ᠵᠢᠶᠣᠣ ᠲᠧᠦ ᠠᠵᠤ ᠠᠬᠤᠶᠢᠯᠠᠯ ᠤᠨ ᠤᠰᠤᠲᠥ᠋ᠷᠥᠭᠴᠢ ᠦᠶᠯᠡᠳᠬᠦ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠢᠯᠴᠢ ᠶᠢᠨ ᠴᠠᠬᠢᠯᠭᠠᠨ ᠢ ᠠᠮᠢᠳᠤᠯᠢᠭ  ᠥᠭᠡᠷᠡᠴᠢᠯᠡᠬᠦ 4 ᠲᠤᠷᠰᠢᠯᠲᠠ ᠶᠢᠨ ᠴᠡᠭ ᠤᠨ ᠲᠦᠷᠦᠯ ᠵᠦᠢᠯ ᠢ ᠰᠠᠶᠢᠲᠤᠷ ᠠᠳᠬᠤᠵᠤ᠂ ᠵᠠᠭᠤᠨ ᠲᠦᠮᠡᠨ ᠺᠢᠯᠣᠸᠠᠲ ᠤᠨ ᠭᠡᠷᠡᠯ ᠢᠯᠴᠢ ᠶᠢᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠶᠡᠷᠦᠩᠬᠡᠶᠢᠯᠡᠨ ᠬᠡᠷᠡᠭᠯᠡᠬᠦ ᠵᠢᠱᠢᠶ᠎ᠡ ᠦᠵᠡᠭᠦᠯᠬᠦ ᠣᠷᠣᠨ ᠤ  ᠲᠦᠷᠦᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠤᠨ᠎ᠡ᠃ ᠬᠡᠷᠡᠭᠯᠡᠭᠡᠨ ᠤ ᠲᠠᠯᠠᠪᠤᠷ ᠢ ᠥᠷᠭᠡᠳᠬᠡᠵᠦ᠂ ᠨᠢᠭᠡ ᠪᠦᠯᠦᠭ ᠴᠠᠬᠢᠯᠭᠠᠨ ᠡᠭᠦᠰᠭᠡᠭᠦᠷ ᠴᠠᠬᠢᠯᠭᠠᠨ ᠲᠤᠤᠷ ᠳᠠᠭᠠᠭᠠᠴᠠ ᠬᠠᠳᠠᠭᠠᠯᠠᠯᠳᠠ  ᠶᠢᠨ ᠲᠦᠷᠦᠯ ᠵᠦᠢᠯ ᠪᠠ ᠲᠣᠭᠤᠷᠢᠭ ᠤᠨ ᠪᠣᠬᠢᠷᠳᠤᠯ ᠦᠭᠡᠢ ᠪᠠᠷ ᠴᠠᠬᠢᠯᠭᠠᠨ ᠬᠠᠩᠭᠠᠬᠤ ᠵᠡᠷᠭᠡ ᠵᠠᠬ᠎ᠠ ᠳᠡᠯᠭᠡᠭᠦᠷᠴᠢᠯᠡᠨ ᠰᠢᠩᠭᠡᠭᠡᠬᠦ ᠲᠥᠷᠥᠯ ᠵᠦᠢᠯ ᠢ ᠴᠢᠷᠮᠠᠶᠢᠨ ᠬᠡᠷᠡᠭᠵᠢᠭᠦᠯᠵᠦ᠂ ᠪᠦᠲᠦᠭᠡᠨ ᠪᠠᠶᠢᠭᠤᠯᠬᠤ ᠬᠡᠪᠴᠢᠶ᠎ᠡ ᠶᠢ 300 ᠲᠦᠮᠡᠨ ᠺᠢᠯᠣᠸᠠᠲ ᠲᠤ ᠬᠦᠷᠭᠡᠨ᠎ᠡ᠃    ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦ ᠪᠠᠨ ᠲᠥᠪᠯᠡᠷᠡᠭᠦᠯᠦᠨ ᠠᠬᠢᠭᠤᠯᠤᠨ᠎ᠠ᠃ ᠲᠣᠷᠭᠠᠨ ᠵᠠᠮ ᠤᠨ ᠮᠦᠷᠦᠭᠡᠳᠤᠯ᠂ ᠮᠤᠩᠭᠤᠯ ᠪᠠᠭᠤᠴᠠ ᠶᠢ ᠲᠣᠰ ᠲᠣᠰ 4A᠂ 3A ᠳᠡᠰ ᠤᠨ ᠦᠵᠡᠮᠵᠢ ᠶᠢᠨ ᠣᠷᠣᠨ ᠪᠣᠯᠭᠠᠨ ᠡᠭᠦᠳᠦᠨ ᠪᠠᠶᠢᠭᠤᠯᠬᠤ ᠶᠢ ᠳᠡᠮᠵᠢᠵᠦ᠂ ᠣᠯᠠᠨ ᠰᠦᠮ᠎ᠡ ᠶᠢᠨ ᠡᠷᠲᠡᠨ ᠤ ᠬᠤᠲᠠ ᠶᠢ ᠤᠯᠤᠰ ᠤᠨ ᠬᠠᠭᠤᠴᠢ ᠪᠠᠭᠤᠷᠢ ᠶᠢᠨ ᠴᠡᠴᠡᠷᠯᠢᠭ ᠪᠣᠯᠭᠠᠬᠤ ᠪᠠᠷ ᠮᠡᠳᠡᠭᠦᠯᠵᠦ᠂ ᠪᠠᠳᠤᠬᠠᠭᠠᠯᠭ᠎ᠠ ᠶᠢᠨ ᠨᠠᠭᠠᠳᠤᠮ ᠤᠨ ᠰᠣᠶᠣᠯ ᠤᠨ ᠠᠵᠤ ᠦᠢᠯᠡᠰ ᠤᠨ ᠲᠤᠭᠤᠷᠢᠭ ᠢ ᠤᠯᠤᠰ ᠤᠨ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠭᠠᠨ ᠪᠦᠲᠦᠭᠡᠨ ᠪᠠᠶᠢᠭᠤᠯᠵᠤ᠂ ᠤᠯᠤᠰ ᠤᠨ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠤᠨ᠎ᠠ᠃ ᠰᠣᠶᠣᠯ ᠵᠤᠭᠠᠴᠠᠯ ᠤᠨ ᠡᠬᠢ ᠪᠠᠶᠠᠯᠢᠭ ᠢ ᠠᠮᠢᠳᠤᠯᠢᠭ ᠠᠰᠢᠭᠯᠠᠵᠤ᠂ ᠲᠠᠯ᠎ᠠ ᠨᠤᠲᠤᠭ ᠤᠨ ᠵᠤᠭᠠᠴᠠᠯ ᠂ ᠬᠢᠯᠢ ᠶᠢᠨ ᠪᠣᠭᠤᠮᠲᠠ ᠶᠢᠨ ᠵᠤᠭᠠᠴᠠᠯ᠂ ᠰᠤᠳᠤᠯᠤᠨ ᠰᠤᠷᠤᠯᠴᠠᠬᠤ ᠵᠤᠭᠠᠴᠠᠯ᠂ ᠡᠷᠡᠭᠦᠯ ᠬᠠᠮᠠᠭᠠᠯᠠᠯ ᠰᠤᠪᠢᠯᠠᠯᠲᠠ ᠶᠢᠨ ᠵᠤᠭᠠᠴᠠᠯ᠂  ᠥᠪᠡᠷ ᠢᠶᠠᠨ ᠮᠠᠰᠢᠨ ᠵᠢᠯᠤᠭᠤᠳᠴᠤ ᠵᠤᠭᠠᠴᠠᠬᠤ ᠵᠡᠷᠭᠡ ᠰᠣᠳᠣᠨ ᠵᠤᠭᠠᠴᠠᠯ ᠤᠨ ᠵᠠᠮ ᠱᠤᠭᠤᠮ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠣᠶᠤᠨᠲᠤ ᠬᠤᠪᠢ ᠶᠢᠨ ᠪᠠᠭᠤᠳᠠᠯ ᠢ ᠨᠡᠭᠡᠭᠡᠨ ᠬᠥᠭᠵᠢᠭᠦᠯᠵᠦ᠂ ᠬᠤᠪᠢᠰᠬᠠᠯᠳᠤ ᠵᠤᠭᠠᠴᠠᠯ ᠢ  ᠬᠥᠭᠵᠢᠭᠦᠯᠦᠨ᠎ᠡ᠃ ᠬᠥᠳᠡᠭᠡ ᠲᠣᠰᠬᠤᠨ ᠤ ᠵᠢᠭᠤᠯᠴᠢᠯᠠᠯ᠂ ᠠᠮᠢ ᠠᠬᠤᠢ ᠶᠢᠨ ᠵᠢᠭᠤᠯᠴᠢᠯᠠᠯ ᠢ ᠲᠦᠷᠭᠡᠳᠬᠡᠨ ᠬᠥᠭᠵᠢᠭᠦᠯᠵᠦ᠂ ᠲᠤᠸ ᠮᠠ ᠭᠧᠦ ᠲᠣᠰᠬᠤᠨ ᠢ ᠤᠯᠤᠰ ᠤᠨ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠪᠣᠯᠭᠠᠨ ᠲᠠᠰ ᠳᠡᠪᠰᠢᠭᠦᠯᠬᠦ ᠶᠢ ᠳᠡᠮᠵᠢᠨ᠎ᠡ᠃ ᠵᠢᠯᠣᠭᠤᠴᠢ ᠦᠭᠡᠢ ᠣᠶᠤᠨᠲᠤ ᠰᠢᠰᠲ᠋ᠧᠮ ᠤᠨ ᠰᠤᠳᠤᠯᠤᠨ ᠪᠤᠯᠪᠠᠰᠤᠷᠠᠬᠤ ᠰᠠᠭᠤᠷᠢᠨ ᠭᠠᠵᠠᠷ ᠤᠨ ᠲᠥᠷᠥᠯ ᠵᠦᠢᠯ ᠢ ᠬᠡᠷᠡᠭᠵᠢᠭᠦᠯᠵᠦ᠂ ︽ᠭᠤᠷᠪᠠᠨ ᠰᠠᠭᠤᠷᠢᠨ ᠭᠠᠵᠠᠷ᠂ ᠵᠢᠷᠭᠤᠭᠠᠨ ᠲᠥᠪ︾ ᠤᠨ ᠪᠦᠲᠦᠭᠡᠨ ᠪᠠᠶᠢᠭᠤᠯᠤᠯᠲᠠ ᠶᠢ ᠵᠡᠷᠭᠡᠪᠡᠷ ᠡᠬᠢᠯᠡᠭᠦᠯᠵᠦ᠂ ᠵᠢᠯᠣᠭᠤᠴᠢ ᠦᠭᠡᠢ ᠣᠶᠤᠨᠲᠤ ᠰᠢᠰᠲ᠋ᠧᠮ ᠤᠨ ᠣᠯᠠᠨ ᠤᠯᠤᠰ ᠤᠨ ᠠᠭᠠᠷ ᠠᠶᠠᠯᠠᠯ ᠤᠨ ᠦᠵᠡᠭᠦᠯᠭᠡ ᠶᠢ ᠡᠷᠭᠢᠯᠡᠬᠦ ᠪᠠᠷ ᠴᠢᠷᠮᠠᠶᠢᠨ᠎ᠠ᠃ ᠪᠥᠬᠦ ᠵᠢᠯ ᠳᠤ ᠵᠤᠭᠠᠴᠠᠭᠰᠠᠳ ᠢ 100 ᠲᠦᠮᠡᠨ ᠬᠥᠮᠥᠨ ᠤᠳᠠᠭ᠎ᠠ  ᠠᠴᠠ ᠳᠡᠭᠡᠭᠰᠢ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠶᠢ 3 ᠳ᠋ᠦᠩᠰᠢᠭᠤᠷ ᠲᠥᠭᠦᠷᠢᠭ ᠠᠴᠠ ᠳᠡᠭᠡᠭᠰᠢ ᠪᠤᠯᠭᠠᠨ᠎ᠠ᠃    ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠶᠡᠬᠡᠪᠡᠷ ᠳᠦᠯᠬᠢᠨ ᠠᠬᠢᠭᠤᠯᠤᠨ᠎ᠠ᠃ ᠬᠤᠰᠢᠭᠤ ᠰᠢᠶᠠᠨ ᠤ ᠬᠡᠪᠴᠢᠶᠡᠨ ᠤ ᠬᠤᠳᠠᠯᠳᠤᠭᠠᠨ ᠤ  ᠰᠢᠰᠲ᠋ᠧᠮ ᠤᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ᠂ ᠲᠤᠸ ᠮᠠ ᠭᠧᠦ ᠪᠣᠷᠤᠯᠠᠭᠤᠯᠭ᠎ᠠ ᠶᠢᠨ ᠲᠥᠪ ᠵᠡᠷᠭᠡ 6 ᠲᠥᠷᠥᠯ ᠵᠦᠢᠯ ᠢ ᠲᠦᠷᠭᠡᠳᠬᠡᠨ ᠪᠠᠶᠢᠭᠤᠯᠤᠨ᠎ᠠ᠃ ᠪᠠᠷᠠᠭᠠᠨ ᠤ ᠭᠦᠢᠯᠭᠡᠭᠡᠨ ᠤ ᠦᠢᠯᠡᠰ ᠤᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠠᠬᠢᠭᠤᠯᠵᠤ᠂ ᠬᠦᠢᠲᠡᠨ ᠬᠡᠯᠬᠢᠶᠡᠲᠦ ᠬᠠᠳᠠᠭᠠᠯᠠᠵᠤ ᠲᠡᠭᠡᠭᠡᠪᠦᠷᠢᠯᠡᠬᠦ᠂ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ᠂ ᠣᠶᠤᠨᠴᠢ ᠪᠠᠷᠠᠭᠠᠨ ᠤ ᠭᠦᠢᠯᠭᠡᠭᠡᠨ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠵᠤ ᠲᠣᠬᠢᠷᠠᠭᠤᠯᠤᠨ ᠬᠦᠷᠭᠡᠬᠦ ᠬᠦᠷᠢᠶ᠎ᠡ ᠬᠡᠪᠴᠢᠶ᠎ᠡ ᠶᠢᠨ ᠪᠦᠷᠬᠦᠴᠡ ᠶᠢ 100% ᠪᠠᠷ ᠪᠡᠶᠡᠯᠡᠭᠦᠯᠦᠨ᠎ᠡ᠃ ᠡᠯᠧᠺᠲᠷᠣᠨ ᠬᠤᠳᠠᠯᠳᠤᠭᠠᠨ ᠤ ᠲᠠᠪᠴᠠᠩ ᠤᠨ ᠦᠢᠯᠡᠴᠢᠯᠡᠭᠡ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠪᠣᠯᠪᠠᠰᠤᠷᠠᠯ᠂ ᠬᠤᠳᠠᠯᠳᠤᠭᠠᠨ ᠤ ᠶᠠᠪᠤᠳᠠᠯ ᠤᠨ ᠦᠵᠡᠭᠦᠯᠭᠡ  ᠶᠠᠷᠢᠯᠴᠠᠯᠭ᠎ᠠ ᠵᠡᠷᠭᠡ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠡᠯᠧᠺᠲᠷᠣᠨ ᠬᠤᠳᠠᠯᠳᠤᠭᠠᠨ ᠤ ᠨᠢᠷᠤᠭᠤᠪᠴᠢ ᠠᠵᠤ ᠠᠬᠤᠶᠢᠯᠠᠯ 1᠂ ᠬᠤᠲᠠ ᠶᠢᠨ ᠲᠠᠰ ᠤᠨ ᠡᠯᠧᠺᠲᠷᠣᠨ ᠬᠤᠳᠠᠯᠳᠤᠭᠠᠨ ᠤ ᠴᠢᠨᠠᠷ ᠰᠠᠶᠢᠲᠠᠢ ᠠᠵᠤ ᠠᠬᠤᠶᠢᠯᠠᠯ 3 ᠶᠢ ᠰᠢᠨ᠎ᠡ ᠪᠠᠷ  ᠨᠡᠮᠡᠭᠳᠡᠭᠦᠯᠦᠨ᠎ᠡ᠃   ᠪᠠᠷᠠᠭᠤᠨ ᠠᠵᠤ ᠦᠢᠯᠡᠳᠪᠦᠷᠢ ᠶᠢᠨ ᠲᠣᠭᠤᠷᠢᠭ ᠤᠨ ᠲᠠᠰ ᠳᠡᠪᠰᠢᠬᠦ ᠶᠢ ᠠᠬᠢᠭᠤᠯᠤᠨ᠎ᠠ᠃ ᠵᠠᠮ ᠱᠤᠭᠤᠮ ᠤᠨ ᠥᠭᠡᠷᠡᠴᠢᠯᠡᠯᠲᠡ᠂ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ᠂ ᠬᠠᠲᠠᠭᠤ ᠬᠠᠶᠠᠭᠳᠠᠮᠠᠯ ᠰᠢᠭᠠᠷᠤ ᠶᠢᠨ ᠲᠠᠯᠠᠪᠠᠢ ᠵᠡᠷᠭᠡ ᠲᠦᠷᠦᠯ ᠵᠦᠢᠯ ᠢ ᠲᠦᠷᠭᠡᠨ ᠪᠠᠶᠢᠭᠤᠯᠬᠤ ᠶᠢ ᠠᠬᠢᠭᠤᠯᠵᠤ᠂ ᠠᠵᠤ ᠦᠢᠯᠡᠳᠪᠦᠷᠢ ᠶᠢᠨ  ᠲᠣᠭᠤᠷᠢᠭ ᠢ ᠬᠦᠴᠦᠷᠬᠡᠭᠵᠢᠭᠦᠯᠵᠦ᠂ ᠠᠵᠤ ᠦᠢᠯᠡᠰ ᠢ ᠲᠥᠪᠯᠡᠷᠡᠭᠦᠯᠵᠦ᠂ ᠦᠨᠡᠨ ᠬᠦ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ︽ᠭᠤᠣᠯ ᠳᠠᠶᠢᠨ ᠤ ᠲᠠᠯᠠᠪᠤᠷ︾᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ︽ᠰᠢᠨ᠎ᠡ ᠥᠨᠳᠦᠷᠯᠢᠭ︾᠂ ᠠᠵᠤ ᠠᠬᠤᠶᠢᠯᠠᠯ ᠤᠨ ᠬᠥᠭᠵᠢᠯᠲᠡ ᠶᠢᠨ ︽  ᠬᠥᠭᠵᠢᠭᠦᠯᠬᠦ ᠲᠤᠭᠤᠷᠢᠭ︾ ᠪᠣᠯᠭᠠᠨ᠎ᠠ᠃ ︽ᠰᠠᠭᠤᠷᠢ ᠶᠢ ᠶᠡᠭᠡ ᠪᠠᠷ ᠳᠡᠭᠡᠭᠰᠢᠯᠡᠭᠦᠯᠬᠦ︾ ᠦᠷ᠎ᠡ ᠪᠦᠲᠦᠭᠡᠯ ᠢ ᠰᠠᠶᠢᠲᠤᠷ ᠠᠰᠢᠭᠯᠠᠵᠤ᠂ ᠮᠦ ᠪᠦᠷᠢ ᠶᠢᠨ ᠳᠤᠮᠳᠠᠴᠢ ᠪᠠᠷ ᠪᠡᠯᠡ ᠤᠷᠤᠭᠤᠯᠤᠯᠲᠠ᠂ ᠤᠨᠠᠯᠲᠠ᠂ ᠬᠤᠷᠣᠭᠳᠠᠯ ᠤᠨ ᠳᠠᠪᠠᠭᠤᠯᠢᠭ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠭᠠᠷᠤᠯᠲᠠ ᠶᠢᠨ ᠦᠷ᠎ᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠎ᠡ᠃ ᠬᠢᠮᠢ ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ ᠣᠷᠣᠨ ᠢ ᠥᠷᠭᠡᠳᠬᠡᠬᠦ ᠶᠢ ᠠᠬᠢᠭᠤᠯᠵᠤ᠂ ᠴᠢᠳᠠᠮᠵᠢ ᠪᠠᠷ ᠪᠦᠷᠢᠨ ᠲᠡᠭᠦᠯᠳᠡᠷ ᠠᠵᠤ ᠦᠢᠯᠡᠰ ᠤᠨ ᠵᠣᠯᠭᠠᠭᠤᠯᠬᠤ ᠲᠠᠪᠴᠠᠩ ᠢ ᠪᠠᠶᠢᠭᠤᠯᠤᠨ᠎ᠠ᠃ ᠵᠢᠯ ᠤᠨ ᠳᠣᠲᠣᠷ᠎ᠠ᠂ ᠪᠠᠷᠠᠭᠤᠨ ᠠᠵᠤ ᠦᠢᠯᠡᠳᠪᠦᠷᠢ ᠶᠢᠨ  ᠲᠣᠭᠤᠷᠢᠭ ᠲᠤ 20 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠪᠣᠳᠠᠲᠤ ᠬᠦᠴᠦᠨ ᠤ ᠨᠡᠷᠡᠰ ᠤᠨ ᠵᠢᠭᠰᠠᠭᠠᠯᠲᠠ ᠳᠤ ᠤᠷᠤᠭᠰᠢ ᠪᠠᠨ 10 ᠣᠷᠣᠨ ᠠᠬᠢᠵᠤ᠂ 46 ᠳ᠋ᠤᠭᠠᠷ ᠪᠠᠶᠢᠷᠢᠨ ᠳᠤ ᠵᠢᠭᠰᠠᠭᠠᠭᠳᠠᠨ᠎ᠠ᠃      ︵ᠳᠥᠷᠪᠡ︶ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠭᠤᠶᠢᠪᠢᠰᠢ ᠦᠭᠡᠢ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠬᠦᠴᠢᠷ ᠢ ᠲᠤᠭᠤᠯᠤᠨ ᠬᠠᠮᠠᠭᠠᠯᠠᠯᠲᠠ ᠶᠢ ᠠᠳᠬᠤᠵᠤ᠂ ᠵᠠᠰᠠᠯᠲᠠ ᠶᠢ ᠴᠢᠩᠭᠠᠳᠬᠠᠨ᠂ ᠳᠤᠲᠠᠭᠤᠳᠠᠯ ᠢ ᠨᠥᠬᠦᠪᠦᠷᠢᠯᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠬᠢᠭᠡᠳ ᠠᠮᠢ ᠠᠬᠤᠢ ᠶᠢᠨ ᠣᠷᠴᠢᠨ ᠲᠣᠭᠤᠷᠢᠨ ᠤ ᠡᠶ᠎ᠡ ᠵᠣᠬᠢᠴᠠᠩᠭᠤᠢ ᠪᠠᠶᠢᠬᠤ ᠶᠢ ᠴᠢᠷᠮᠠᠶᠢᠨ ᠪᠡᠶᠡᠯᠡᠭᠦᠯᠤᠨ᠎ᠡ᠃      ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠶᠢᠨ ᠤᠷᠬᠢᠯ ᠬᠡᠮᠵᠢᠭᠳᠡᠯ ᠳᠤ ᠬᠦᠷᠬᠦ ᠪᠠ ᠨᠡᠭᠦᠷᠡᠰᠦᠲᠥ᠋ᠷᠥᠭᠴᠢ ᠶᠢ ᠵᠦᠭᠰᠢᠷᠡᠭᠦᠯᠦᠨ ᠨᠠᠮᠳᠠᠭᠠᠬᠤ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠡᠨᠧᠷᠭᠢ ᠶᠢᠨ ᠬᠤᠷᠣᠭᠳᠠᠭᠤᠯᠭ᠎ᠠ ᠶᠢᠨ ᠬᠦᠴᠦᠯᠡᠴᠡ ᠶᠢ ᠴᠢᠩᠭ᠎ᠠ ᠬᠢᠵᠠᠭᠠᠷᠯᠠᠵᠤ᠂ ᠶᠡᠷᠦᠩᠬᠡᠢ ᠬᠡᠮᠵᠢᠶ᠎ᠡ ᠶᠢᠨ ᠬᠠᠷᠢᠮᠠᠬᠠᠢ ᠴᠢᠨᠠᠷᠲᠠᠢ ᠬᠠᠮᠢᠶᠠᠷᠤᠯᠲᠠ ᠶᠢ ᠬᠡᠷᠡᠭᠵᠢᠭᠦᠯᠵᠦ᠂ ᠨᠢᠭᠡᠴᠢ ᠶᠢᠨ GDP ᠶᠢᠨ ᠡᠨᠧᠷᠭᠢ ᠶᠢᠨ ᠬᠤᠷᠣᠭᠳᠠᠭᠤᠯᠭ᠎ᠠ ᠶᠢ ᠵᠢᠯ ᠤᠨ ᠳᠣᠲᠣᠷ᠎ᠠ 2% ᠪᠤᠯᠭᠠᠨ ᠪᠠᠭᠤᠷᠠᠭᠤᠯᠤᠨ᠎ᠠ᠃ ᠠᠵᠤ ᠦᠢᠯᠡᠳᠪᠦᠷᠢ᠂ ᠪᠠᠷᠢᠯᠭ᠎ᠠ᠂ ᠵᠠᠮ ᠬᠠᠷᠢᠯᠴᠠᠭ᠎ᠠ ᠵᠡᠷᠭᠡ ᠬᠦᠷᠢᠶᠡᠨ ᠳᠠᠬᠢ ᠠᠷᠢᠭᠤᠨ ᠴᠡᠪᠡᠷ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠶᠢ ᠲᠦᠷᠭᠡᠪᠴᠢᠯᠡᠨ ᠲᠦᠯᠬᠢᠨ ᠠᠬᠢᠭᠤᠯᠵᠤ᠂ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ 7 ᠵᠦᠢᠯᠡᠰ ᠢ ᠬᠡᠷᠡᠭᠵᠢᠭᠦᠯᠵᠦ᠂ ᠬᠤᠳᠠ ᠶᠢᠨ ᠲᠡᠰ ᠠᠴᠠ ᠳᠡᠭᠡᠭᠰᠢᠬᠢ ᠪᠣᠬᠢᠷᠳᠤᠯ ᠦᠭᠡᠢ ᠦᠢᠯᠡᠳᠪᠦᠷᠢ 3᠂ ᠪᠣᠬᠢᠷᠳᠤᠯ ᠦᠭᠡᠢ ᠦᠢᠯᠡᠳᠬᠦᠨ 3 ᠶᠢ ᠰᠢᠨ᠎ᠡ ᠪᠠᠷ ᠨᠡᠮᠡᠭᠳᠡᠭᠦᠯᠦᠨ᠎ᠡ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠵᠠᠰᠠᠬᠤ᠂ ᠤᠢ ᠰᠢᠭᠤᠢ  ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠵᠡᠷᠭᠡ ᠲᠦᠷᠦᠯ ᠵᠦᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠠᠮᠢᠶᠠᠷᠤᠯᠲᠠ ᠶᠢᠨ ᠲᠠᠪᠴᠠᠩ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠬᠡᠷᠡᠭᠵᠢᠭᠦᠯᠵᠦ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠲᠤᠷᠰᠢᠯᠲᠠ ᠶᠢᠨ ᠴᠡᠭ ᠤᠨ 1.4 ᠰᠠᠶ᠎ᠠ ᠸᠠᠲ ᠤᠨ ᠭᠡᠷᠡᠯ ᠸᠣᠯᠲ ᠤᠨ ᠴᠠᠬᠢᠯᠭᠠᠨ ᠦᠷᠲᠡᠭᠡ ᠶᠢ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠤᠨ᠎ᠠ᠃ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢ ᠬᠠᠮᠳᠤᠷᠠᠨ ᠨᠡᠭᠡᠭᠡᠨ ᠬᠥᠭᠵᠢᠭᠦᠯᠵᠦ᠂ ᠪᠦᠷᠢᠨ ᠪᠦᠲᠦᠨ ᠰᠢᠰᠲ᠋ᠧᠮ ᠲᠠᠢ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠰᠢᠩᠭᠡᠬᠡᠨ ᠠᠪᠬᠤ ᠲᠤᠷᠰᠢᠯᠲᠠ ᠶᠢᠨ ᠣᠷᠣᠨ ᠢ ᠪᠦᠲᠦᠭᠡᠨ ᠪᠠᠶᠢᠭᠤᠯᠤᠨ᠎ᠠ᠃ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠤ ᠦᠵᠡᠭᠦᠯᠭᠡ ᠶᠢᠨ ᠣᠷᠳᠣᠨ ᠢ ᠪᠠᠶᠢᠭᠤᠯᠵᠤ᠂ ︽ᠬᠤᠶᠠᠷ ᠠᠭᠤᠯᠠ︾ ᠶᠢᠨ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠭᠤᠶᠤᠴᠢᠯᠠᠨ ᠮᠡᠳᠡᠭᠦᠯᠵᠦ ᠡᠭᠦᠳᠦᠨ ᠪᠠᠶᠢᠭᠤᠯᠤᠨ᠎ᠠ᠃ ᠬᠤᠶᠢᠳᠤ ᠠᠭᠤᠯᠠᠨ  ᠤ ᠨᠡᠭᠦᠷᠡᠰᠦᠲᠥ᠋ᠷᠥᠭᠴᠢ ᠦᠭᠡᠢ ᠵᠢᠵᠢᠭ ᠪᠠᠯᠭᠠᠰᠤ ᠶᠢ ᠨᠡᠭᠡᠭᠡᠨ ᠬᠥᠭᠵᠢᠭᠦᠯᠬᠦ ᠲᠥᠷᠥᠯ ᠵᠦᠢᠯ ᠢ ᠲᠦᠯᠦᠪᠯᠡᠨ ᠬᠡᠷᠡᠭᠵᠢᠭᠦᠯᠵᠦ᠂ ᠨᠡᠭᠦᠷᠡᠰᠦᠲᠥ᠋ᠷᠥᠭᠴᠢ ᠦᠭᠡᠢ ᠮᠦᠽᠧᠢ᠂ ᠨᠡᠭᠦᠷᠡᠰᠦᠲᠥ᠋ᠷᠥᠭᠴᠢ ᠦᠭᠡᠢ ᠪᠠᠶᠢᠭᠤᠯᠭ᠎ᠠ᠂ ᠨᠡᠭᠦᠷᠡᠰᠦᠲᠥ᠋ᠷᠥᠭᠴᠢ ᠦᠭᠡᠢ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ᠂ ᠪᠢ ᠪᠣᠯ ᠠᠵᠢᠯᠯᠠᠭᠴᠢ︾ ᠲᠥᠯᠥᠪᠯᠡᠭᠡ ᠶᠢ ᠥᠷᠨᠢᠭᠦᠯᠵᠦ᠂ ᠳᠥᠭᠦᠮ ᠪᠥᠭᠡᠳ ᠲᠣᠬᠢᠷᠠᠮᠵᠢᠲᠠᠢ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠭᠠᠷ ᠭᠠᠷ ᠢᠶᠠᠨ ᠬᠤᠯᠪᠣᠨ ᠦᠵᠡᠰᠬᠦᠯᠡᠩᠲᠦ ᠰᠠᠶᠢᠬᠠᠨ ᠳᠠᠷᠬᠠᠨ ᠮᠤᠤᠮᠢᠩᠭᠠᠨ ᠢ ᠬᠠᠮᠲᠤ ᠪᠠᠷ ᠪᠠᠶᠢᠭᠤᠯᠬᠤ ᠶᠢ ᠵᠣᠷᠢᠭᠵᠢᠭᠤᠯᠤᠨ᠎ᠠ᠃  ᠠᠮᠢ ᠠᠬᠤᠢ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠪᠡᠯᠴᠢᠭᠡᠷ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠨ᠂ ᠳᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠵᠦ᠂ ᠳᠠᠴᠢᠷᠳᠠᠭᠰᠠᠨ ᠨᠤᠲᠤᠭ ᠪᠡᠯᠴᠢᠭᠡᠷ ᠢ 4.2 ᠲᠦᠮᠡᠨ ᠮᠦ ᠰᠡᠷᠭᠦᠭᠡᠨ ᠵᠠᠰᠠᠵᠤ᠂ 2 ᠲᠦᠮᠡᠨ ᠮᠦ ᠣᠶ ᠰᠢᠭᠤᠢ ᠶᠢ ᠠᠷᠠᠴᠢᠯᠠᠨ ᠪᠣᠶᠢᠵᠢᠭᠤᠯᠬᠤ ᠶᠢ ᠪᠡᠶᠡᠯᠡᠭᠦᠯᠵᠦ᠂ 1 ᠲᠦᠮᠡᠨ ᠮᠦ ᠴᠢᠨᠠᠷ ᠮᠠᠭᠤᠲᠠᠢ ᠦᠷ᠎ᠡ ᠠᠰᠢᠭ ᠢᠶᠠᠷ ᠪᠠᠷᠤᠭᠲᠠᠢ ᠣᠶ ᠰᠢᠭᠤᠢ ᠶᠢ ᠥᠭᠡᠷᠡᠴᠢᠯᠡᠨ ᠰᠢᠨᠡᠳᠬᠡᠨ᠎ᠡ᠃ ᠮᠤᠨᠢ ᠠᠭᠤᠯᠠ ᠶᠢᠨ ᠠᠷᠤ ᠬᠤᠷᠮᠣᠢ ᠶᠢᠨ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠲᠥᠷᠥᠯ ᠵᠦᠢᠯ ᠢ ᠲᠦᠯᠬᠢᠨ ᠠᠬᠢᠭᠤᠯᠵᠤ᠂ ᠨᠤᠲᠤᠭ ᠪᠡᠯᠴᠢᠭᠡᠷ ᠢ 100 ᠲᠦᠮᠡᠨ ᠮᠧᠲᠷ ᠬᠠᠰᠢᠶᠠᠯᠠᠨ ᠪᠢᠲᠡᠭᠦᠮᠵᠢᠯᠡᠵᠦ᠂ 5 ᠲᠦᠮᠡᠨ ᠮᠦ ᠮᠠᠭᠤᠳᠠᠭᠰᠠᠨ ᠣᠶ ᠶᠢ ᠵᠠᠰᠠᠨ ᠰᠡᠷᠭᠦᠭᠡᠪᠡ᠃ ᠨᠤᠲᠤᠭ ᠪᠡᠯᠴᠢᠭᠡᠷ ᠤᠨ ︽ᠭᠤᠷᠪᠠᠨ ᠣᠷᠣᠨ ᠤ ᠬᠠᠮᠢᠶᠠᠷᠤᠯᠲᠠ ᠡᠵᠡᠮᠳᠡᠯ︾ ᠢ ᠴᠢᠩᠭ᠎ᠠ ᠬᠡᠷᠡᠭᠵᠢᠭᠦᠯᠵᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠮᠠᠯᠵᠢᠯ ᠢ ᠰᠡᠯᠬᠦᠬᠦ ᠶᠢ ᠴᠢᠩᠭᠠᠳᠬᠠᠨ᠂ ᠣᠶ ᠰᠢᠭᠤᠢ  ᠨᠤᠲᠤᠭ ᠪᠡᠯᠴᠢᠭᠡᠷ ᠤᠨ ᠭᠠᠮᠰᠢᠭ ᠢ ᠰᠡᠷᠭᠡᠶᠢᠯᠡᠨ ᠡᠵᠡᠮᠳᠡᠬᠦ ᠶᠢ ᠴᠢᠩᠭᠠᠷᠠᠭᠤᠯᠤᠨ᠎ᠠ᠃ ᠮᠢᠩᠭᠠᠨ ᠪᠠᠯᠭᠠᠰᠤ ᠶᠢᠨ ᠠᠮᠢ ᠠᠬᠤᠢ ᠶᠢᠨ ᠠᠷᠢᠭᠤᠨ ᠴᠡᠪᠡᠷ ᠵᠢᠵᠢᠭ ᠰᠠᠪᠠ ᠭᠠᠵᠠᠷ ᠤᠨ ᠬᠥᠷᠥᠰᠥ ᠰᠢᠷᠣᠢ ᠶᠢ ᠬᠠᠮᠠᠭᠠᠯᠠᠬᠤ᠂ ᠲᠠᠢ ᠾᠧ ᠴᠧᠩ ᠭᠤᠣᠯ ᠤᠨ ᠵᠠᠮ ᠢ ᠵᠠᠰᠠᠬᠤ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠤᠰᠤᠨ ᠤ ᠬᠠᠩᠭᠠᠯᠭ᠎ᠠ ᠶᠢᠨ ᠪᠠᠲᠤᠯᠠᠭ᠎ᠠ ᠶᠢᠨ 10 ᠢᠨᠵᠧᠨᠧᠷᠢᠩ ᠢ ᠪᠡᠶᠡᠯᠡᠭᠦᠯᠦᠨ᠎ᠡ᠃ ᠭᠠᠵᠠᠷ ᠳᠣᠣᠷᠠᠬᠢ ᠤᠰᠤ ᠶᠢ ᠬᠡᠲᠦᠷᠡᠭᠦᠯᠦᠨ ᠠᠰᠢᠭᠯᠠᠬᠤ᠂ ᠭᠤᠣᠯ ᠤᠨ ᠭᠤᠯᠳᠤᠷᠢᠯ ᠠᠴᠠ ᠬᠠᠤᠯᠢ ᠪᠤᠰᠤ ᠪᠠᠷ ᠰᠠᠶᠢᠷ ᠮᠠᠯᠲᠠᠬᠤ ᠵᠡᠷᠭᠡ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠭᠤᠣᠯ ᠮᠥᠷᠡᠨ ᠨᠠᠭᠤᠷ ᠴᠥᠭᠦᠷᠥᠮ ᠤᠨ ︽ᠲᠥᠷᠪᠡᠨ ᠳᠤᠷ᠎ᠠ ᠲᠠᠪᠠ ᠶᠢᠨ ᠠᠵᠢᠯᠯᠠᠭ᠎ᠠ ᠶᠢ ᠠᠷᠢᠯᠭᠠᠬᠤ︾ ᠶᠢ ᠪᠠᠶᠢᠩᠭᠤᠵᠢᠭᠤᠯᠤᠨ ᠥᠷᠨᠢᠭᠦᠯᠵᠦ᠂ ︽ᠤᠷᠤᠰᠬᠠᠯ ᠨᠢ ᠰᠠᠭᠠᠳ ᠦᠭᠡᠢ᠂ ᠤᠰᠤ  ᠨᠢ ᠲᠤᠩᠭᠠᠯᠠᠭ᠂ ᠡᠷᠭᠢ ᠨᠢ ᠨᠣᠭᠤᠭᠠᠨ᠂ ᠦᠵᠡᠮᠵᠢ ᠨᠢ ᠭᠤᠶᠤ᠂ ᠬᠥᠮᠥᠨ ᠨᠢ ᠨᠠᠶᠢᠷᠠᠮᠳᠠᠭᠤ︾ ᠠᠮᠢ ᠠᠬᠤᠢ ᠶᠢᠨ ᠣᠷᠴᠢᠨ ᠲᠣᠭᠤᠷᠢᠨ ᠢ ᠪᠤᠢ ᠪᠣᠯᠭᠠᠨ᠎ᠠ᠃  ᠣᠷᠴᠢᠨ ᠠᠬᠤᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠳᠦᠯᠬᠢᠨ ᠠᠬᠢᠭᠤᠯᠤᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠤᠯᠠᠨ ᠲᠦᠮᠡᠨ ᠤ ᠳᠡᠷᠭᠡᠳᠡᠬᠢ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠵᠢᠢ ᠳ᠋ᠦᠩ ᠰᠦᠢᠨᠢ ᠦᠢᠯᠡᠳᠪᠤᠷᠢ ᠶᠢᠨ ᠪᠣᠭᠤᠳᠠᠯᠯᠠᠬᠤ ᠮᠠᠰᠢᠨ ᠤ ᠠᠶᠤᠯᠭᠦᠢ ᠪᠥᠭᠡᠳ ᠣᠷᠴᠢᠨ ᠠᠬᠤᠢ ᠶᠢᠨ ᠬᠠᠮᠠᠭᠠᠯᠠᠯᠲᠠ ᠶᠢ ᠳᠡᠭᠡᠭᠰᠢᠯᠡᠭᠦᠯᠬᠦ᠂ ᠠᠭᠤᠷᠬᠠᠢ ᠶᠢᠨ ᠡᠪᠳᠡᠭᠳᠡᠭᠰᠡᠨ ᠣᠷᠴᠢᠨ ᠠᠬᠤᠢ ᠶᠢ ᠵᠠᠰᠠᠬᠤ᠂ ᠲᠤᠰᠠᠯᠠᠬᠤ ᠮᠠᠲ᠋ᠧᠷᠢᠶᠠᠯ ᠤᠨ ᠤᠪᠤᠭᠠᠯᠠᠬᠤ ᠫᠧᠩ ᠢ ᠪᠢᠲᠡᠭᠦᠮᠵᠢᠯᠡᠬᠦ ᠵᠡᠷᠭᠡ 9 ᠲᠦᠷᠦᠯ ᠵᠦᠢᠯ ᠢ ᠬᠡᠷᠡᠭᠵᠢᠭᠦᠯᠵᠦ᠂  ᠵᠢᠦᠢ ᠹᠧᠩ ᠬᠤᠪᠣᠷ ᠰᠢᠷᠣᠢ ᠶᠢᠨ 20 ᠲᠣᠨ ᠠᠭᠤᠷ ᠤᠨ ᠲᠣᠭᠤᠭᠠᠨ ᠤ ᠮᠡᠷᠭᠡᠵᠢᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠠᠷᠢᠭᠤᠨ ᠴᠡᠪᠡᠷ ᠢᠶᠠᠷ ᠳᠤᠯᠠᠭᠠᠯᠠᠬᠤ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠤᠨ᠎ᠡ᠃ ᠮᠠᠯᠵᠢᠬᠤ ᠲᠠᠷᠢᠶᠠᠯᠠᠬᠤ ᠣᠷᠣᠨ ᠤ ᠪᠣᠬᠢᠷ ᠦᠮᠡᠬᠡᠢ ᠤᠰᠤᠨ ᠴᠣᠭᠴᠠ ᠶᠢ ᠪᠠᠶᠢᠴᠠᠭᠠᠵᠤ ᠴᠡᠭᠴᠡᠯᠡᠵᠤ᠂ ᠦᠯᠡᠳᠡᠭᠳᠡᠯ ᠬᠦᠳᠡᠷ ᠤᠨ ᠬᠥᠮᠥᠷᠭᠡ ᠶᠢᠨ ᠣᠷᠴᠢᠨ ᠲᠣᠭᠤᠷᠢᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠴᠢᠬᠤᠯᠠᠴᠢᠯᠠᠨ᠂ ᠣᠷᠣᠨ ᠪᠦᠰᠡ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠬᠥᠷᠥᠰᠥ ᠰᠢᠷᠣᠢ ᠶᠢᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠬᠦᠴᠦᠲᠡᠢ ᠲᠦᠯᠬᠢᠨ ᠠᠬᠢᠭᠤᠯᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠦᠨᠳᠦ ᠲᠡᠮᠦᠷᠯᠢᠭ ᠤᠨ ᠪᠣᠬᠢᠷᠳᠤᠯ ᠢ ᠡᠬᠢ ᠡᠭᠦᠰᠦᠯ ᠠᠴᠠ ᠨᠢ ᠰᠡᠷᠭᠡᠶᠢᠯᠡᠨ ᠵᠠᠰᠠᠵᠤ᠂ ᠬᠢᠮᠢ ᠶᠢᠨ ᠪᠣᠷᠳᠣᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠪᠠ ᠲᠠᠷᠢᠶᠠᠯᠠᠩ ᠤᠨ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠡᠷᠴᠢᠮ ᠢ ᠴᠢᠩᠭᠠᠳᠬᠠᠵᠤ᠂ ᠬᠤᠭ ᠨᠣᠪᠰᠢ ᠶᠢ ᠲᠦᠷᠦᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠬᠡᠷᠡᠭᠵᠢᠭᠦᠯᠦᠨ᠎ᠡ᠃ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ ᠡᠷᠴᠢᠮ ᠢ ᠴᠢᠩᠭᠠᠷᠠᠭᠤᠯᠵᠤ᠂ 20 ᠠᠭᠤᠷᠬᠠᠢ ᠶᠢᠨ ᠭᠠᠵᠠᠷ ᠤᠷᠤᠨ ᠢ ᠵᠠᠰᠠᠨ ᠴᠡᠭᠴᠡᠯᠡᠬᠦ ᠶᠢ ᠲᠦᠯᠬᠢᠨ ᠠᠬᠢᠭᠤᠯᠤᠨ᠎ᠡ᠃ ᠬᠠᠶᠠᠭᠳᠠᠮᠠᠯ ᠣᠷᠣᠨ ᠰᠠᠭᠤᠴᠠ ᠶᠢᠨ ᠭᠠᠵᠠᠷ᠂ ᠦᠢᠯᠡᠳᠪᠦᠷᠢ ᠠᠭᠤᠷᠬᠠᠢ ᠶᠢᠨ ᠬᠠᠶᠠᠭᠳᠠᠮᠠᠯ ᠭᠠᠵᠠᠷ ᠤᠨ ᠬᠠᠭᠤᠴᠢᠨ ᠢ ᠨᠤᠷᠠᠭᠠᠵᠤ ᠳᠠᠬᠢᠨ ᠬᠠᠭᠠᠯᠪᠤᠷᠢᠯᠠᠬᠤ ᠶᠢ ᠡᠮᠬᠢ ᠵᠢᠷᠤᠮ ᠲᠠᠢ ᠠᠬᠢᠭᠤᠯᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠦᠢᠯᠡᠳᠪᠦᠷᠢ ᠠᠭᠤᠷᠬᠠᠢ ᠶᠢᠨ ᠭᠠᠵᠠᠷ ᠰᠢᠷᠣᠢ ᠶᠢ ᠴᠡᠭᠴᠡᠯᠡᠨ ᠵᠠᠰᠠᠬᠤ ᠲᠥᠷᠥᠯ ᠵᠦᠢᠯ ᠢ ᠴᠢᠷᠮᠠᠶᠢᠨ ᠬᠡᠷᠡᠭᠵᠢᠭᠦᠯᠦᠨ᠎ᠡ    ︵ᠲᠠᠪᠤ︶ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠡᠷᠡᠰ ᠭᠤᠶᠢᠪᠢᠰᠢ ᠦᠭᠡᠢ ᠪᠠᠷ ᠦᠢᠯᠡᠴᠢᠯᠡᠬᠦ ᠪᠠ ᠲᠡᠭᠦᠨ ᠳᠤ ᠠᠭᠤᠰᠤᠯᠴᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠨ᠎ᠡ᠃ ᠥᠭᠡᠷᠡᠴᠢᠯᠡᠯᠲᠡ ᠪᠠᠷ ᠲᠦᠭᠵᠢᠷᠡᠯ ᠤᠨ ᠴᠡᠭ ᠢ ᠨᠠᠪᠲᠠᠷᠡᠭᠦᠯᠵᠦ᠂ ᠨᠡᠭᠡᠭᠡᠯᠲᠡ ᠪᠠᠷ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠵᠤ᠂ ᠲᠦᠷᠭᠡᠨ ᠪᠥᠭᠡᠳ ᠯᠠᠪᠳᠠᠭᠤᠨ ᠢᠶᠠᠷ ᠣᠷᠣᠨ ᠵᠠᠢ ᠶᠢ ᠥᠷᠭᠡᠳᠬᠡᠵᠦ᠂ ᠡᠷᠭᠢᠯᠲᠡ ᠶᠢ ᠰᠢᠯᠤᠭᠤᠳᠬᠠᠵᠤ᠂ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠶᠢ ᠪᠠᠷᠢᠮᠲᠠᠯᠠᠵᠤ᠂ ᠪᠣᠭᠤᠮᠲᠠ ᠶᠢᠨ ᠠᠵᠤ ᠠᠬᠤᠢ ᠶᠢ ᠰᠢᠨ᠎ᠡ ᠨᠡᠮᠡᠭᠳᠡᠯ ᠤᠨ ᠴᠡᠭ ᠪᠣᠯᠭᠠᠨ ᠠᠳᠬᠤᠵᠤ᠂ ᠰᠢᠨ᠎ᠡ ᠨᠡᠮᠡᠭᠳᠡᠯ ᠤᠨ ᠲᠤᠶᠢᠯ ᠪᠣᠯᠭᠠᠨ ᠴᠣᠭᠴᠠᠯᠠᠬᠤ ᠬᠡᠷᠡᠭᠲᠡᠢ᠃      ᠭᠤᠣᠯᠳᠠᠯᠭ᠎ᠠ ᠲᠠᠢ ᠬᠦᠷᠢᠶᠡᠨ ᠳᠠᠬᠢ ᠦᠭᠡᠷᠡᠴᠢᠯᠡᠯᠲᠠ ᠶᠢ ᠰᠠᠶᠢᠲᠤᠷ ᠠᠳᠬᠤᠨ᠎ᠠ᠃  ᠡᠳ᠋ ᠤᠨ ᠵᠠᠰᠠᠭ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠤ ᠡᠳ᠋ ᠤᠨ ᠵᠠᠰᠠᠭ ᠤᠨ ᠪᠡᠯᠡ ᠮᠥᠩᠭᠦ ᠶᠢ ᠬᠥᠲᠥᠯᠥᠨ ᠵᠢᠯᠤᠭᠤᠳᠬᠤ᠂ ᠲᠣᠬᠢᠷᠠᠭᠤᠯᠤᠨ ᠡᠵᠡᠮᠳᠡᠬᠦ᠂ ᠳᠦᠯᠬᠢᠨ ᠠᠬᠢᠭᠤᠯᠬᠤ ᠦᠢᠯᠡᠳᠦᠯ ᠢ ᠪᠠᠳᠠᠷᠠᠭᠤᠯᠵᠤ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ᠂ ᠴᠢᠬᠤᠯᠠ ᠶᠡᠭᠡ ᠠᠷᠠᠳ ᠤᠨ ᠠᠮᠢᠳᠤᠷᠠᠯ ᠪᠠ ᠭᠤᠣᠯᠳᠠᠯᠭ᠎ᠠ ᠲᠠᠢ ᠲᠦᠷᠦᠯ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠠᠵᠢᠯᠯᠠᠭ᠎ᠠ ᠶᠢ ᠴᠢᠩᠭ᠎ᠠ ᠵᠢᠷᠤᠮᠵᠢᠭᠤᠯᠤᠨ᠎ᠠ᠃ ︽ᠬᠦᠴᠦᠨ ᠵᠦᠢᠯ ᠨᠢ ᠲᠥᠷᠥᠯ ᠵᠦᠢᠯ ᠢ ᠳᠠᠭᠠᠬᠤ︾ ᠥᠭᠡᠷᠡᠴᠢᠯᠡᠯᠲᠡ ᠶᠢ ᠠᠬᠢᠭᠤᠯᠵᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ︽ᠨᠡᠮᠡᠵᠦ ᠬᠠᠳᠠᠭᠠᠯᠠᠬᠤ ᠶᠢ ᠬᠤᠯᠪᠣᠭᠳᠠᠭᠤᠯᠬᠤ︾ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠶᠢ ᠠᠬᠢᠭᠤᠯᠤᠨ᠎ᠠ᠃ ︽ᠭᠤᠷᠪᠠᠨ ᠡᠮᠨᠡᠯᠭᠡ︾ ᠶᠢᠨ ᠬᠤᠯᠪᠤᠭᠠᠯᠠᠨ ᠬᠥᠳᠡᠯᠦᠯᠴᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠤᠨ ᠥᠭᠡᠷᠡᠴᠢᠯᠡᠯᠲᠡ ᠶᠢ ᠠᠬᠢᠭᠤᠯᠤᠨ᠂ ᠱᠠᠲᠤ ᠬᠤᠪᠢᠶᠠᠨ ᠣᠨᠣᠰᠢᠯᠠᠨ ᠡᠮᠨᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃      ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠶᠢ ᠠᠬᠢᠭᠤᠯᠤᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ︽ᠡᠷᠭᠢᠵᠦ ᠬᠠᠷᠠᠬᠤ︾ ᠠᠵᠢᠯᠯᠠᠭ᠎ᠠ ᠶᠢ ᠦᠷᠨᠢᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠲᠣᠭᠤᠷᠢᠨ ᠳᠤ ᠣᠷᠣᠯᠭ᠎ᠠ ᠤᠷᠤᠭᠤᠯᠬᠤ ᠠᠷᠭ᠎ᠠ ᠵᠠᠮ ᠢᠶᠠᠨ ᠥᠷᠭᠡᠳᠬᠡᠬᠦ ᠶᠢ ᠳᠡᠮᠵᠢᠵᠦ᠂ ᠭᠠᠵᠠᠷ ᠰᠢᠷᠣᠢ ᠶᠢ ᠬᠤᠷᠢᠶᠠᠨ ᠨᠥᠭᠡᠴᠡᠯᠡᠬᠦ ᠶᠢ ᠪᠥᠬᠦ ᠲᠠᠯ᠎ᠠ ᠪᠠᠷ ᠥᠷᠨᠢᠭᠦᠯᠦᠨ᠂ ᠰᠢᠨ᠎ᠡ ᠡᠨᠧᠷᠭᠢ ᠶᠢᠨ ᠨᠡᠭᠡᠭᠡᠨ ᠠᠰᠢᠭᠯᠠᠯᠲᠠ ᠳᠤ ᠣᠷᠣᠯᠴᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠦᠨᠡᠨ ᠬᠦ ᠥᠷᠲᠡᠭ ᠲᠠᠢ᠂ ᠨᠡᠮᠡᠭᠳᠡᠯ ᠬᠠᠩᠭᠠᠬᠤ ᠡᠵᠡᠩᠨᠡᠯᠲᠡ ᠶᠢᠨ ᠭᠤᠣᠯ ᠴᠣᠭᠴᠠ ᠪᠣᠯᠭᠠᠨ᠎ᠠ᠃ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠪᠠᠶᠢᠭᠤᠯᠵᠤ᠂ ︽ᠭᠤᠷᠪᠠᠨ ᠴᠢᠬᠤᠯᠠ ᠨᠢᠭᠡ ᠶᠡᠭᠡ︾ ᠶᠢᠨ ᠰᠢᠢᠳᠪᠦᠷᠢᠲᠦ ᠪᠣᠳᠣᠯᠭ᠎ᠠ ᠶᠢᠨ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠵᠡᠩᠨᠡᠯᠲᠡ ᠶᠢᠨ ᠠᠮᠵᠢᠯᠲᠠ ᠪᠦᠲᠦᠮᠵᠢ ᠶᠢ ᠬᠢᠨᠠᠨ ᠰᠢᠯᠭᠠᠭᠰᠠᠨ ᠦᠷ᠎ᠡ ᠳ᠋ᠦᠩ᠂ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠬᠡᠷᠡᠭ᠂ ᠠᠶᠤᠯᠭᠦᠢ ᠦᠢᠯᠡᠳᠪᠦᠷᠢᠯᠡᠯ ᠤᠨ ᠡ᠊ᠨᠳᠡᠯ ᠵᠡᠷᠭᠡ ᠶᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠦ ᠲᠠᠢ ᠰᠢᠭᠤᠳ ᠬᠤᠯᠪᠣᠭᠳᠠᠭᠤᠯᠬᠤ ᠶᠢ ᠲᠦᠯᠬᠢᠨ ᠠᠬᠢᠭᠤᠯᠤᠨ᠎ᠠ᠃ ᠨᠢᠭᠡᠳᠦᠯᠲᠡᠢ ᠡᠳ᠋ ᠤᠨ ᠶᠠᠪᠤᠳᠠᠯ ᠤᠨ ᠺᠤᠮᠫᠠᠨᠢ ᠶᠢ ᠪᠠᠶᠢᠭᠤᠯᠵᠤ᠂ ᠡᠳ᠋ ᠤᠨ ᠶᠠᠪᠤᠳᠠᠯ ᠤᠨ ᠠᠶᠤᠯ ᠲᠦᠭᠰᠢᠭᠦᠷᠢ ᠶᠢ ᠴᠢᠩᠭ᠎ᠠ ᠬᠢᠵᠠᠭᠠᠷᠯᠠᠨ᠎ᠠ᠃ ᠵᠢᠯ ᠤᠨ ᠳᠣᠲᠣᠷ᠎ᠠ ᠬᠤᠰᠢᠭᠤᠨ ᠤ ᠬᠠᠷᠢᠶᠠᠨ ᠳᠠᠬᠢ ᠵᠢᠷᠭᠤᠭᠠᠨ ᠲᠣᠮᠣ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠡᠯᠡ ᠬᠥᠷᠥᠩᠭᠡ ᠶᠢᠨ ᠶᠡᠷᠦᠩᠬᠡᠢ ᠬᠡᠮᠵᠢᠶ᠎ᠡ 10 ᠳ᠋ᠦᠩᠰᠢᠭᠤᠷ ᠲᠥᠭᠦᠷᠢᠭ ᠢ ᠳᠠᠪᠠᠵᠤ᠂ 3 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ 2000 ᠲᠦᠮᠡᠨ ᠲᠥᠭᠦᠷᠢᠭ ᠤᠨ ᠠᠰᠢᠭ ᠬᠤᠨᠵᠢᠪᠤᠷᠢ ᠲᠠᠢ ᠪᠣᠯᠣᠨ᠎ᠠ᠃  ᠪᠣᠭᠤᠮᠲᠠ ᠶᠢᠨ ᠠᠵᠤ ᠠᠬᠤᠢ ᠶᠢ ᠪᠦᠬᠦ ᠬᠦᠴᠦᠨ ᠢᠶᠠᠷ ᠬᠥᠭᠵᠢᠭᠦᠯᠦᠨ ᠪᠤᠵᠠᠭᠠᠶᠢᠷᠠᠭᠤᠯᠤᠨ᠎ᠠ᠃ ᠪᠣᠭᠤᠮᠲᠠ ᠶᠢᠨ ᠭᠠᠵᠠᠷ ᠣᠷᠣᠨ ᠢ ᠨᠢᠭᠡᠳᠦᠯᠲᠡᠢ ᠲᠥᠯᠥᠪᠵᠢᠭᠦᠯᠬᠦ᠂ ᠨᠢᠭᠡ ᠴᠣᠭᠴᠠᠵᠢᠭᠤᠯᠤᠨ ᠪᠦᠲᠦᠭᠡᠨ ᠪᠠᠶᠢᠭᠤᠯᠬᠤ᠂ ᠲᠢᠭᠯᠡᠨ ᠬᠠᠮᠢᠶᠠᠷᠬᠤ ᠶᠢ ᠲᠦᠷᠭᠡᠳᠬᠡᠵᠦ᠂ ᠪᠣᠭᠤᠮᠲᠠ ᠶᠢᠨ ᠬᠠᠮᠢᠶᠠᠷᠤᠯᠲᠠ ᠶᠢᠨ ᠵᠦᠪᠯᠡᠯ ᠢ ᠪᠠᠶᠢᠭᠤᠯᠤᠨ᠎ᠠ᠃ ᠮᠢᠩᠭᠠᠨ ᠲᠦᠮᠡᠨ ᠲᠣᠨ ᠤ ᠲᠠᠰ ᠤᠨ ᠬᠢᠯᠢ ᠶᠢᠨ ᠭᠠᠳᠠᠨᠠᠬᠢ ᠶᠡᠭᠡ ᠬᠡᠮᠵᠢᠶᠡᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠭᠠᠳᠠᠭᠠᠳᠤ ᠠᠴᠠ ᠣᠷᠣᠭᠤᠯᠬᠤ ᠲᠤᠰᠬᠠᠢ ᠨᠡᠪᠲᠡᠷᠡᠬᠦ ᠵᠠᠮ ᠢ ᠪᠠᠶᠢᠭᠤᠯᠵᠤ᠂ ᠲᠠᠪᠤᠨ ᠲᠣᠯᠣᠭᠠᠢ ᠠᠴᠠ ᠬᠠᠩᠬᠢ ᠬᠦᠷᠬᠦ ᠬᠢᠯᠢ ᠶᠢᠨ ᠭᠠᠳᠠᠨᠠᠬᠢ ᠵᠠᠰᠠᠮᠠᠯ ᠵᠠᠮ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ ᠶᠢ ᠲᠦᠯᠬᠢᠨ ᠠᠬᠢᠭᠤᠯᠵᠤ᠂ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠲᠡᠮᠦᠷ ᠵᠠᠮ ᠤᠨ ᠬᠤᠯᠪᠣᠬᠤ ᠱᠤᠭᠤᠮ ᠤᠨ ᠲᠥᠷᠥᠯ ᠵᠦᠢᠯ ᠢ ᠲᠦᠯᠬᠢᠨ ᠠᠬᠢᠭᠤᠯᠵᠤ᠂ ᠲᠡᠮᠦᠷ ᠵᠠᠮ ᠤᠨ ᠪᠣᠭᠤᠮᠲᠠ ᠶᠢ ᠪᠦᠲᠦᠭᠡᠨ ᠪᠠᠶᠢᠭᠤᠯᠤᠨ᠎ᠠ᠃ ᠪᠣᠳᠠᠲᠠᠶᠢᠵᠢᠭᠤᠯᠤᠨ ᠡᠳ᠋ᠰᠢᠭᠦᠯᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠡᠬᠢᠯᠡᠭᠦᠯᠵᠦ᠂ ᠣᠶᠤᠨᠴᠢᠯᠠᠭᠰᠠᠨ ᠪᠠᠷᠠᠭᠠᠨ ᠤ ᠭᠦᠢᠯᠭᠡᠭᠡᠨ ᠤ ᠲᠣᠭᠤᠷᠢᠭ᠂ ᠠᠯᠪᠠᠨ ᠤ ᠲᠡᠮᠦᠷ ᠵᠠᠮ ᠤᠨ ᠪᠠᠷᠠᠭᠠᠨ ᠤ ᠭᠦᠢᠯᠭᠡᠭᠡᠨ ᠤ ᠲᠣᠭᠤᠷᠢᠭ᠂ ᠤᠶᠤᠨᠲᠦ ᠪᠠᠷᠠᠭᠠᠨ ᠤ ᠭᠦᠢᠯᠭᠡᠭᠡᠨ ᠤ ᠲᠣᠭᠤᠷᠢᠭ ᠵᠡᠷᠭᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ ᠢ ᠥᠷᠭᠡᠳᠬᠡᠨ ᠪᠠᠶᠢᠭᠤᠯᠬᠤ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠣᠶᠤᠨᠲᠤ ᠪᠣᠭᠤᠮᠲᠠ ᠶᠢᠨ ᠲᠤᠷᠰᠢᠯᠲᠠ ᠶᠢᠨ ᠴᠡᠭ ᠢ ᠴᠢᠷᠮᠠᠶᠢᠨ ᠡᠭᠦᠳᠤᠨ᠎ᠡ᠃ ᠤᠶᠤᠨᠳᠤ ᠪᠤᠭᠤᠮᠳᠠ ᠶᠢᠨ ᠳᠤᠷᠰᠢᠯᠳᠠ ᠶᠢᠨ ᠴᠡᠭ ᠢ ᠡᠭᠦᠳᠴᠤ᠂ ᠣᠶᠤᠨᠲᠤ ᠬᠦᠭᠡᠷᠭᠡᠨ ᠲᠡᠮᠤᠷ ᠵᠠᠮ᠂ ᠭᠠᠶᠢᠯᠢ ᠪᠠᠲᠤᠯᠠᠬᠤ ᠬᠥᠮᠥᠷᠭᠡ᠂ ᠬᠢᠨᠠᠨ ᠬᠠᠮᠢᠶᠠᠷᠬᠤ ᠲᠠᠯᠠᠪᠤᠷ ᠵᠡᠷᠭᠡ ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ ᠪᠣᠭᠤᠮᠲᠠ ᠪᠠᠷ ᠥᠩᠭᠡᠷᠡᠬᠦ ᠬᠤᠭᠤᠴᠠᠭ᠎ᠠ ᠶᠢ 48 ᠴᠠᠭ ᠤᠨ ᠳᠣᠲᠣᠷ᠎ᠠ ᠪᠣᠯᠲᠠᠯ᠎ᠠ ᠪᠠᠭᠠᠰᠬᠠᠨ᠂ ᠳᠡᠭᠦᠵᠢᠯᠡᠨ ᠤᠭᠰᠠᠷᠠᠵᠤ ᠪᠣᠭᠤᠮᠲᠠ ᠪᠠᠷ ᠥᠩᠭᠡᠷᠡᠬᠦ ᠴᠢᠳᠠᠪᠤᠷᠢ ᠶᠢ 10 ᠲᠦᠮᠡᠨ ᠲᠣᠨ ᠳᠤ ᠬᠦᠷᠭᠡᠵᠦ᠂ ᠲᠣᠭᠲᠠᠩᠭᠤᠢ ᠬᠥᠮᠥᠷᠭᠡᠯᠡᠨ ᠬᠠᠳᠠᠭᠠᠯᠠᠬᠤ ᠴᠢᠳᠠᠪᠤᠷᠢ ᠶᠢ 100 ᠲᠦᠮᠡᠨ ᠲᠣᠨ ᠳᠤ ᠬᠦᠷᠲᠡᠯ᠎ᠡ ᠳᠡᠭᠡᠭᠰᠢᠯᠡᠭᠦᠯᠵᠦ᠂ ᠪᠥᠬᠦ ᠵᠢᠯ ᠳᠤ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠪᠠᠷᠠᠭ᠎ᠠ ᠶᠢ 550 ᠲᠦᠮᠡᠨ ᠲᠣᠨ ᠳᠤ ᠬᠦᠷᠭᠡᠵᠦ᠂ ᠬᠤᠶᠢᠰᠢᠳᠠ 800 ᠲᠦᠮᠡᠨ ᠲᠣᠨ ᠳᠤ ᠬᠦᠷᠭᠡᠬᠦ ᠪᠠᠷ ᠴᠢᠷᠮᠠᠶᠢᠨ᠎ᠠ᠃ ᠪᠣᠭᠤᠮᠲᠠ ᠶᠢᠨ ᠭᠠᠵᠠᠷ ᠰᠢᠷᠣᠢ ᠶᠢ ᠬᠤᠳᠠᠯᠳᠤᠨ ᠠᠪᠴᠤ ᠨᠥᠭᠡᠴᠡᠯᠡᠬᠦ ᠵᠡᠷᠭᠡ ᠠᠵᠢᠯ ᠢ ᠰᠠᠶᠢᠲᠤᠷ ᠠᠳᠬᠤᠵᠤ᠂ ᠬᠥᠭᠵᠢᠯᠲᠡ ᠶᠢᠨ ᠣᠷᠣᠨ ᠵᠠᠢ ᠶᠢ ᠭᠦᠢᠴᠡᠳ ᠦᠯᠡᠳᠡᠭᠡᠨ᠎ᠡ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠲᠡᠮᠦᠷ ᠤᠨ ᠬᠦᠳᠡᠷ ᠢ ᠤᠬᠢᠶᠠᠵᠤ ᠰᠢᠯᠢᠬᠦ᠂ ᠵᠢᠯᠣᠭᠤᠴᠢ ᠦᠭᠡᠢ ᠮᠠᠰᠢᠨ ᠲᠡᠷᠭᠡ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠩᠭᠢ ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠮᠤᠷ ᠲᠦᠪᠰᠢᠨ᠂ ᠥᠨᠳᠥᠷ ᠦᠷ᠎ᠡ ᠠᠰᠢᠭ ᠲᠠᠢ᠂ ᠪᠣᠬᠢᠷᠳᠤᠯ ᠦᠭᠡᠢ᠂  ᠤᠶᠤᠨᠳᠤ ᠬᠡᠪ ᠳᠠᠭᠤᠷᠢᠶᠠᠯᠳᠤ ᠪᠣᠭᠤᠮᠲᠠ ᠶᠢ ᠪᠠᠶᠢᠭᠤᠯᠤᠨ᠎ᠠ᠃   ︵ᠵᠢᠷᠭᠤᠭ᠎ᠠ︶ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠡᠷᠡᠰ ᠭᠤᠶᠢᠪᠢᠰᠢ ᠦᠭᠡᠢ ᠪᠠᠷ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠤ ᠦᠢᠯᠡᠰ ᠤᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠥᠮᠥᠨ ᠢᠶᠠᠷ ᠭᠤᠣᠯᠯᠠᠭᠤᠯᠤᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠰᠠᠭᠤᠷᠢ ᠶᠢ ᠴᠥᠬᠦᠷᠡᠰᠢ ᠦᠭᠡᠢ ᠪᠠᠲᠤᠳᠬᠠᠨ᠂ ᠠᠭᠤᠯᠤᠭᠳᠠᠬᠤᠨ ᠢ ᠴᠢᠩᠭᠠᠳᠬᠠᠵᠤ᠂ ᠶᠠᠰᠤ ᠴᠢᠨᠠᠷ ᠢ ᠳᠡᠭᠡᠭᠰᠢᠯᠡᠭᠦᠯᠵᠦ᠂ ᠬᠤᠲᠠ ᠬᠥᠳᠡᠭᠡ ᠶᠢ ᠪᠥᠬᠦ ᠲᠠᠯ᠎ᠠ ᠪᠠᠷ ᠠᠭᠤᠰᠤᠯᠴᠠᠭᠤᠯᠤᠨ᠂ ᠬᠠᠮᠲᠤ ᠪᠠᠷ ᠴᠡᠴᠡᠭᠯᠡᠨ ᠬᠥᠭᠵᠢᠬᠦ ᠶᠢ ᠴᠢᠷᠮᠠᠶᠢᠨ ᠪᠡᠶᠡᠯᠡᠭᠦᠯᠦᠨ᠎ᠡ᠃   ᠣᠷᠣᠰᠢᠨ ᠰᠠᠭᠤᠬᠤ ᠳᠤ ᠲᠣᠬᠢᠷᠠᠮᠵᠢᠲᠠᠢ ᠤᠶᠠᠨ ᠬᠠᠳᠠᠨ ᠴᠢᠨᠠᠷᠲᠠᠢ ᠣᠶᠤᠨᠴᠢ ᠬᠤᠲᠠ ᠶᠢ ᠴᠣᠭᠴᠠᠯᠠᠨ ᠪᠠᠶᠢᠭᠤᠯᠤᠨ᠎ᠠ᠃ ︽ᠬᠤᠪᠢᠰᠬᠠᠯᠳᠤ ᠪᠠᠲᠤᠬᠠᠭᠠᠯᠭ᠎ᠠ᠂ ᠲᠠᠯ᠎ᠠ ᠨᠤᠲᠤᠭ ᠤᠨ ᠰᠢᠨ᠎ᠡ ᠥᠷᠲᠡᠭᠡ︾ ᠶᠢᠨ ᠬᠤᠲᠠ ᠶᠢᠨ ᠪᠠᠶᠢᠷᠢ ᠲᠣᠭᠲᠠᠭᠠᠯᠲᠠ ᠶᠢ ᠢᠯᠡᠷᠡᠭᠦᠯᠵᠦ᠂ ᠪᠠᠲᠤᠬᠠᠭᠠᠯᠭ᠎ᠠ ᠪᠠᠯᠭᠠᠰᠤ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠡᠭᠦᠯᠳᠡᠷᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠦᠭᠡᠢ ᠬᠤᠲᠠ ᠪᠠᠯᠭᠠᠰᠤ ᠶᠢ ᠪᠠᠶᠢᠭᠤᠯᠤᠨ᠎ᠠ᠃ ᠣᠨᠴᠠᠯᠢᠭᠲᠤ ᠵᠡᠭᠡᠯᠢ ᠲᠣᠭᠤᠷᠢᠭ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠳᠥᠭᠦᠮ ᠪᠦᠲᠦᠴᠡᠲᠦ ᠣᠷᠣᠨ ᠰᠠᠭᠤᠴᠠ ᠬᠤᠭᠤᠰᠤᠨ ᠦᠯᠡᠳᠡᠭᠰᠡᠨ ᠣᠷᠣᠨ ᠢ ᠴᠡᠭᠴᠡᠯᠡᠨ ᠵᠠᠰᠠᠵᠤ ᠰᠡᠷᠭᠦᠭᠡᠬᠦ᠂ ᠬᠠᠭᠤᠴᠢᠨ ᠬᠤᠲᠠ ᠶᠢᠨ ᠲᠣᠭᠤᠷᠢᠭ ᠤᠨ ᠵᠠᠮ ᠢ ᠳᠡᠪᠢᠰᠴᠦ ᠰᠢᠨᠡᠳᠬᠡᠬᠦ᠂ ᠪᠤᠶᠠᠨ ᠪᠠᠳᠠᠷᠠᠭᠤᠯᠤᠭᠴᠢ ᠠᠭᠤᠳᠠᠮ ᠲᠠᠯᠠᠪᠠᠶ ᠶᠢ ᠥᠭᠡᠷᠡᠴᠢᠯᠡᠬᠦ ᠵᠡᠷᠭᠡ ᠲᠥᠷᠥᠯ ᠵᠦᠢᠯ ᠢ ᠰᠠᠶᠢᠲᠤᠷ ᠠᠳᠬᠤᠵᠤ᠂ 6 ᠪᠠᠭ᠎ᠠ ᠴᠡᠴᠡᠷᠯᠢᠭ ᠢ ᠪᠠᠶᠢᠭᠤᠯᠵᠤ᠂ 13 ᠨᠡᠶᠢᠲᠡ ᠶᠢᠨ ᠵᠣᠷᠯᠣᠩ ᠢ ᠰᠢᠨ᠎ᠡ ᠪᠠᠷ ᠪᠠᠶᠢᠭᠤᠯᠤᠨ᠎ᠠ᠃ ᠰᠢᠨ᠎ᠡ ᠨᠢᠭᠡ ᠦᠶ᠎ᠡ ᠶᠢᠨ ᠳ᠋ᠣᠫᠯᠧᠷ ᠤᠨ ᠴᠠᠭ ᠠᠭᠤᠷ ᠤᠨ ᠷᠠᠳᠠᠷ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠬᠠᠰᠠᠷ ᠴᠡᠴᠡᠷᠯᠢᠭ ᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠭᠤᠣᠯ ᠰᠡᠳᠦᠪᠲᠦ ᠴᠡᠴᠡᠷᠯᠢᠭ ᠪᠣᠯᠭᠠᠨ ᠪᠦᠲᠦᠭᠡᠨ ᠪᠠᠶᠢᠭᠤᠯᠤᠨ᠎ᠠ᠃ ᠨᠡᠶᠢᠭᠡᠮ ᠲᠣᠭᠤᠷᠢᠭ ᠤᠨ ᠨᠠᠰᠤᠵᠢᠬᠤ ᠳᠤ ᠲᠣᠬᠢᠷᠠᠬᠤ᠂ ᠣᠶᠤᠨᠴᠢᠯᠠᠨ ᠥᠭᠡᠷᠡᠴᠢᠯᠡᠬᠦ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠴᠢᠷᠮᠠᠶᠢᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠪᠦᠷᠢᠨ ᠪᠦᠲᠦᠨ ᠨᠡᠶᠢᠭᠡᠮ ᠲᠣᠭᠤᠷᠢᠭ ᠤᠨ ᠲᠤᠷᠰᠢᠯᠲᠠ ᠶᠢ ᠡᠭᠦᠳᠦᠨ ᠪᠠᠶᠢᠭᠤᠯᠤᠨ᠎ᠠ᠃ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠵᠡᠭᠡᠯᠢ ᠭᠤᠳᠤᠮᠵᠢ ᠂ ᠭᠡᠷ ᠤᠨ ᠭᠠᠳᠠᠨᠠᠬᠢ ᠵᠠᠷ ᠮᠡᠳᠡᠭᠡ᠂ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠵᠡᠷᠭᠡ ᠶᠢ ᠲᠤᠰᠬᠠᠶᠢᠯᠠᠨ ᠴᠡᠭᠴᠡᠯᠡᠨ ᠵᠠᠰᠠᠬᠤ ᠶᠢ ᠥᠷᠨᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠰᠠᠶᠢᠲᠤᠷ ᠬᠢᠵᠦ᠂ ︽ᠬᠤᠲᠠ᠂ ᠠᠮᠢᠳᠤᠷᠠᠯ ᠢ ᠨᠠᠩ ᠰᠠᠶᠢᠨ ᠰᠠᠶᠢᠬᠠᠨ ᠪᠣᠯᠭᠠᠬᠤ︾ ᠶᠢ ᠴᠢᠷᠮᠠᠶᠢᠨ ᠪᠡᠶᠡᠯᠡᠭᠦᠯᠦᠨ᠎ᠡ᠃ ᠠᠳᠠᠯ ᠠᠬᠤᠢ ᠶᠢᠨ ᠬᠠᠮᠢᠶᠠᠷᠤᠯᠲᠠ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠪᠠᠯᠭᠠᠰᠤ ᠲᠣᠭᠤᠷᠢᠭ ᠤᠨ ︽ᠨᠢᠭᠡ ᠲᠣᠣᠷ ᠢᠶᠠᠷ ᠨᠢᠭᠡᠳᠦᠯᠲᠡᠢ ᠬᠠᠮᠢᠶᠠᠷᠬᠤ︾ ᠪᠤᠯᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠴᠡᠴᠡᠷᠯᠢᠭ ᠢ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢ ᠠᠬᠢᠭᠤᠯᠵᠤ᠂ ︽ᠬᠤᠪᠢᠰᠬᠠᠯᠳᠤ ᠠᠳᠠᠯ ᠠᠬᠤᠢ︾  ᠶᠢᠨ ᠨᠠᠷᠠᠲᠤ ᠳᠡᠮᠳᠡᠭ ᠢ ᠪᠣᠶ ᠪᠣᠯᠭᠠᠨ᠎ᠠ᠃ ᠤᠶᠤᠨᠴᠢ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ 5G ᠶᠢᠨ ᠰᠠᠭᠤᠷᠢ ᠥᠷᠲᠡᠭᠡ 67 ᠶᠢ ᠰᠢᠨ᠎ᠡ ᠪᠠᠷ ᠨᠡᠮᠡᠭᠳᠡᠭᠦᠯᠵᠦ᠂ ᠭᠤᠣᠯᠳᠠᠯᠭ᠎ᠠ ᠲᠠᠢ ᠲᠠᠯᠠᠪᠤᠷ ᠤᠨ 5G ᠶᠢᠨ ᠨᠡᠪᠲᠡᠷᠡᠬᠦ ᠨᠣᠷᠮ᠎ᠠ ᠶᠢ 90% ᠠᠴᠠ ᠳᠡᠭᠡᠭᠰᠢ ᠳᠤ ᠬᠦᠷᠭᠡᠨ᠎ᠡ᠃      ᠪᠠᠶᠢᠭᠤᠯᠤᠮᠵᠢᠳᠤ ᠪᠠᠯᠭᠠᠰᠤ ᠶᠢᠨ ᠲᠡᠰ ᠳᠡᠪᠰᠢᠬᠦ ᠶᠢ ᠨᠢᠭᠡᠳᠦᠯᠲᠡᠢ ᠲᠥᠯᠥᠪᠯᠡᠨ᠎ᠡ᠃ ᠮᠠᠨᠳᠤᠯ ᠪᠠᠯᠭᠠᠰᠤ ᠨᠢ ᠪᠠᠯᠭᠠᠰᠤ ᠲᠣᠭᠤᠷᠢᠭ ᠬᠢᠭᠡᠳ ᠪᠣᠭᠤᠮᠲᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠪᠣᠳᠠᠲᠤ ᠬᠦᠴᠦᠨ ᠲᠠᠢ ᠠᠵᠤ ᠠᠬᠤᠶᠢᠯᠠᠯ ᠢ ᠤᠷᠢᠨ ᠠᠪᠴᠢᠷᠠᠵᠤ ᠠᠷᠠᠯᠵᠢᠶ᠎ᠠ ᠬᠤᠳᠠᠯᠳᠤᠭᠠᠨ ᠤ ᠲᠥᠪ᠂ ᠮᠠᠰᠢᠨ ᠲᠡᠷᠭᠡᠨ ᠤ ᠠᠷᠠᠯᠵᠢᠶᠠᠨ ᠤ ᠲᠥᠪ ᠢ  ᠠᠰᠢᠭᠯᠠᠯᠳᠠ ᠳᠤ ᠤᠷᠤᠭᠤᠯᠵᠤ᠂ ᠲᠣᠰᠣ ᠮᠠᠰᠢᠨ ᠴᠠᠬᠢᠯᠭᠠᠨ ᠤ ᠦᠢᠯᠡᠴᠢᠯᠡᠭᠡᠨ ᠤ ᠲᠥᠪ᠂ ᠬᠤᠳᠠᠯᠳᠤᠭᠠᠨ ᠤ ᠲᠣᠭᠤᠷᠢᠭ ᠤᠨ ᠲᠠᠰ ᠳᠡᠪᠰᠢᠭᠦᠯᠬᠦ ᠵᠡᠷᠭᠡ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠵᠤ᠂ ᠪᠣᠭᠤᠮᠲᠠ ᠶᠢᠨ ᠵᠠᠩ ᠦᠶᠯᠡ ᠶᠢᠨ ᠵᠢᠵᠢᠭ ᠪᠠᠯᠭᠠᠰᠤ ᠶᠢ ᠪᠦᠲᠦᠭᠡᠨ ᠪᠠᠶᠢᠭᠤᠯᠤᠨ᠎ᠠ᠃ ᠰᠢᠷᠠᠮᠥ᠋ᠷᠡᠨ ᠪᠠᠯᠭᠠᠰᠤ ᠨᠢ ᠦᠵᠡᠮᠵᠢ ᠶᠢᠨ ᠬᠤᠲᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠵᠤᠭᠠᠴᠠᠯ ᠤᠨ ᠵᠠᠬ᠎ᠠ ᠳᠡᠯᠭᠡᠭᠦᠷ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠰᠢᠷᠠᠮᠥ᠋ᠷᠡᠨ ᠤ ᠵᠤᠭᠠᠴᠠᠭᠰᠠᠳ ᠤᠨ ᠦᠢᠯᠡᠴᠢᠯᠡᠭᠡᠨ ᠤ ᠲᠥᠪ᠂ ᠰᠢᠷᠠᠮᠥ᠋ᠷᠡᠨ ᠤ ᠲᠣᠮᠣ ᠪᠠᠭᠤᠳᠠᠯ ᠵᠡᠷᠭᠡ ᠡᠬᠢ ᠪᠠᠶᠠᠯᠢᠭ ᠢ ᠠᠰᠢᠭᠯᠠᠯᠳᠠ ᠳᠤ ᠤᠷᠤᠭᠤᠯᠵᠤ ᠂ ᠰᠢᠷᠠᠮᠥ᠋ᠷᠡᠨ ᠤ ᠲᠠᠯ᠎ᠠ ᠨᠤᠲᠤᠭ ᠤᠨ ᠵᠤᠭᠠᠴᠠᠯ ᠤᠨ ᠦᠵᠡᠮᠵᠢ ᠶᠢᠨ ᠣᠷᠣᠨ ᠢ ᠤᠯᠤᠰ ᠤᠨ ᠳᠡᠰ ᠤᠨ ᠵᠤᠭᠠᠴᠠᠯ ᠤᠨ ᠠᠮᠠᠷᠠᠯᠲᠠ ᠶᠢᠨ ᠣᠷᠣᠨ᠂ ᠪᠦᠬᠦ ᠤᠯᠤᠰ ᠤᠨ ᠲᠠᠯ᠎ᠠ ᠨᠤᠲᠤᠭ ᠤᠨ ᠰᠦᠯᠵᠢᠶᠡᠨ ᠤᠳᠤᠳ ᠤᠨ ᠵᠠᠪᠠᠯ ᠢᠷᠡᠬᠦ ᠭᠠᠵᠠᠷ ᠪᠣᠯᠭᠠᠨ ᠪᠦᠲᠦᠭᠡᠨ ᠪᠠᠶᠢᠭᠤᠯᠤᠨ᠎ᠠ᠃ ᠪᠤᠰᠤᠳ ᠰᠤᠮᠤ ᠰᠢᠶᠠᠩ ᠪᠠᠯᠭᠠᠰᠤ ᠨᠢ ᠴᠢᠳᠠᠮᠵᠢ ᠶᠢ ᠲᠡᠭᠦᠯᠳᠡᠷᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠣᠨᠴᠠᠯᠢᠭ ᠢ ᠢᠯᠡᠷᠡᠭᠦᠯᠬᠦ ᠶᠢᠨ ᠲᠣᠭᠤᠷᠢᠨ ᠳᠤ᠂ ᠰᠤᠯᠠ ᠪᠠᠶᠢᠭ᠎ᠠ ᠡᠬᠢ ᠪᠠᠶᠠᠯᠢᠭ ᠢ ᠠᠮᠢᠳᠤᠯᠢᠭᠵᠢᠭᠤᠯᠤᠨ ᠠᠰᠢᠭᠯᠠᠬᠤ ᠶᠢ ᠲᠦᠷᠭᠡᠳᠬᠡᠵᠦ᠂ ᠵᠤᠴᠢᠳ ᠤᠨ ᠠᠩᠬᠠᠷᠤᠯ ᠢ ᠲᠠᠲᠠᠵᠤ᠂ ᠠᠵᠤ ᠦᠢᠯᠡᠰ ᠢ ᠬᠥᠭᠵᠢᠭᠦᠯᠵᠦ᠂ ᠲᠣᠰ ᠲᠣᠰ ᠤᠨ ᠣᠨᠴᠠᠯᠢᠭ ᠲᠠᠢ ᠲᠦᠪᠯᠡᠷᠡᠭᠰᠡᠨ ᠪᠠᠯᠭᠠᠰᠤ ᠶᠢᠨ ᠠᠵᠤ ᠠᠬᠤᠢ ᠶᠢ ᠪᠣᠶ ᠪᠣᠯᠭᠠᠨ᠎ᠠ᠃      ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠥᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠲᠥᠷᠥᠯ ᠵᠦᠢᠯ 16 ᠶᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ 128 ᠺᠢᠯᠣᠮᠧᠲᠷ ᠠᠴᠠ ᠳᠡᠭᠡᠭᠰᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠮᠤᠵᠢ ᠶᠢᠨ ᠵᠠᠮ ᠤᠨ 313 ᠪᠠᠲᠤᠬᠠᠭᠠᠯᠭ᠎ᠠ ᠠᠴᠠ ᠮᠠᠩᠬᠠᠨ ᠬᠦᠷᠬᠦ ᠬᠡᠰᠡᠭ ᠤᠨ ᠵᠠᠰᠠᠮᠠᠯ ᠵᠠᠮ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠲᠥᠯᠥᠪᠯᠡᠭᠡ ᠳᠤ ᠣᠷᠣᠭᠤᠯᠬᠤ ᠶᠢ ᠠᠬᠢᠭᠤᠯᠤᠨ᠎ᠠ᠃ ᠮᠢᠩᠭᠠᠨ ᠪᠠᠯᠭᠠᠰᠤ ᠶᠢᠨ 220 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ ᠶᠢᠨ ᠲᠥᠷᠥᠯ ᠵᠦᠢᠯ ᠢ ᠬᠡᠷᠡᠭᠵᠢᠭᠦᠯᠵᠦ᠂ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠰᠠᠯᠬᠢᠨ ᠬᠦᠴᠦᠨ ᠤ ᠴᠠᠬᠢᠯᠭᠠᠨ ᠤ ᠭᠠᠷᠭᠠᠯᠲᠠ ᠶᠢᠨ ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ 80 ᠡᠨᠧᠷᠭᠢ ᠬᠠᠳᠠᠭᠠᠯᠠᠬᠤ ᠴᠠᠬᠢᠯᠭᠠᠨ ᠴᠡᠨᠡᠭᠯᠡᠬᠦ ᠪᠠᠭᠠᠨ᠎ᠠ ᠶᠢ ᠤᠭᠰᠠᠷᠠᠵᠤ᠂ 68 ᠡᠷᠦᠬᠡ ᠶᠢᠨ ᠴᠠᠬᠢᠯᠭᠠᠨ ᠲᠣᠣᠷ ᠢ ᠰᠢᠯᠵᠢᠭᠦᠯᠬᠦ ᠢᠨᠵᠧᠨᠧᠷᠢᠩ ᠢ ᠪᠡᠶᠡᠯᠡᠭᠦᠯᠤᠨ᠎ᠡ᠃ ᠪᠠᠷᠠᠭᠤᠨ ᠠᠵᠤ ᠦᠢᠯᠡᠳᠪᠦᠷᠢ ᠶᠢᠨ ᠲᠣᠭᠤᠷᠢᠭ ᠤᠨ ᠪᠤᠭᠤᠲᠤ ᠶᠢᠨ ᠳᠤᠮᠳᠠ ᠴᠢᠨᠠᠷ ᠤᠨ ᠤᠰᠤ ᠶᠢ ᠳᠠᠬᠢᠨ ᠠᠰᠢᠭᠯᠠᠬᠤ᠂ ᠪᠠᠲᠤᠬᠠᠭᠠᠯᠭ᠎ᠠ ᠪᠠᠯᠭᠠᠰᠤ ᠶᠢᠨ ᠳᠤᠮᠳᠠ ᠴᠢᠨᠠᠷ ᠤᠨ ᠤᠰᠤ ᠶᠢ ᠳᠠᠬᠢᠨ ᠠᠰᠢᠭᠯᠠᠬᠤ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠶᠢ ᠵᠠᠯᠭᠠᠨ ᠣᠷᠣᠭᠤᠯᠬᠤ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠰᠠᠭᠤᠷᠢ ᠳᠦᠬᠦᠭᠡᠷᠦᠮᠵᠢ ᠶᠢᠨ ᠪᠠᠲᠤᠯᠠᠭ᠎ᠠ ᠶᠢᠨ ᠲᠤᠯᠭᠠᠭᠤᠷᠢᠯᠠᠬᠤ ᠴᠢᠳᠠᠪᠤᠷᠢ ᠶᠢ ᠨᠡᠮᠡᠭᠳᠡᠭᠦᠯᠦᠨ᠎ᠡ᠃     ︵ᠳᠣᠯᠤᠭ᠎ᠠ︶ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠤᠢ ᠪᠣᠯᠭᠠᠵᠤ᠂ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠢ ᠢᠮᠠᠭᠲᠠ ᠪᠠᠷᠢᠮᠲᠠᠯᠠᠵᠤ᠂ ᠦᠨᠳᠦᠰᠦᠨ ᠵᠦᠢᠯ ᠢ ᠪᠠᠲᠤᠯᠠᠵᠤ᠂ ᠪᠣᠳᠠᠲᠤ ᠶᠠᠪᠤᠳᠠᠯ ᠢ ᠪᠦᠲᠦᠭᠡᠵᠦ᠂ ᠠᠵᠤ ᠠᠬᠤᠢ ᠶᠢᠨ ᠬᠥᠭᠵᠢᠯᠲᠡ ᠪᠣᠯᠣᠨ ᠨᠡᠶᠢᠭᠡᠮ ᠤᠨ ᠬᠥᠭᠵᠢᠯᠲᠡ ᠶᠢᠨ ᠬᠠᠷᠢᠯᠴᠠᠨ ᠵᠣᠬᠢᠴᠠᠬᠤ ᠶᠢ ᠴᠢᠷᠮᠠᠶᠢᠨ ᠪᠡᠶᠡᠯᠡᠭᠦᠯᠤᠨ᠎ᠡ᠃      ᠠᠵᠢᠯ ᠣᠯᠭᠤᠯᠲᠠ ᠶᠢ ᠲᠣᠭᠲᠠᠭᠤᠨ ᠢᠶᠠᠷ ᠥᠷᠭᠡᠳᠬᠡᠨ᠎ᠡ᠃ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠬᠠᠪᠰᠤᠷᠤᠨ ᠲᠡᠳᠬᠦᠬᠦ ᠪᠠᠶᠢᠩᠭᠤ ᠶᠢᠨ ᠲᠣᠭᠲᠠᠴᠠ ᠶᠢ ᠪᠦᠷᠢᠨᠰᠢᠭᠦᠯᠵᠦ᠂ ᠭᠤᠣᠯᠳᠠᠯᠭ᠎ᠠ ᠲᠠᠢ ᠬᠦᠮᠦᠰ ᠪᠠ ᠠᠵᠢᠯ ᠣᠯᠬᠤ ᠳᠤ ᠬᠦᠴᠢᠷᠲᠡᠢ ᠬᠥᠮᠥᠰ ᠤᠨ ᠠᠵᠢᠯ ᠣᠯᠭᠤᠯᠲᠠ ᠶᠢ ᠰᠠᠶᠢᠲᠤᠷ ᠠᠳᠬᠤᠵᠤ᠂ ︽ᠠᠵᠢᠯ ᠣᠯᠣᠭᠰᠠᠨ ᠬᠥᠮᠥᠨ ᠦᠭᠡᠢ ᠭᠡᠷ ᠪᠦᠯᠢ︾ ᠭᠡᠵᠤ ᠪᠠᠶᠢᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠠᠵᠢᠯ ᠣᠯᠭᠤᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ ᠂  ᠰᠤᠯᠠ ᠠᠵᠢᠯᠴᠢᠨ ᠤ ᠵᠠᠬ᠎ᠠ ᠳᠡᠯᠭᠡᠭᠦᠷ 1 ᠶᠢ ᠪᠠᠶᠢᠭᠤᠯᠵᠤ᠂ ᠬᠤᠲᠠ ᠪᠠᠯᠭᠠᠰᠤᠨ ᠳᠤ 1500 ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠲᠠᠷᠢᠶᠠᠯᠠᠬᠤ ᠮᠠᠯᠵᠢᠬᠤ ᠣᠷᠣᠨ ᠤ 2 ᠲᠦᠮᠡ ᠠᠴᠠ ᠳᠡᠭᠡᠭᠰᠢ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠨ᠎ᠠ᠃ ︽ᠦᠢᠯᠡᠰ ᠪᠤᠰᠬᠠᠬᠤ ᠳᠠᠷᠬᠠᠨ ᠮᠤᠤᠮᠢᠩᠭᠠᠨ︾ ᠤ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠦᠢᠯᠡᠰ ᠪᠤᠰᠬᠠᠬᠤ ᠳᠠᠭᠠᠭᠠᠯᠲᠠ ᠶᠢᠨ ᠵᠢᠭᠡᠯᠡᠯᠭᠡ ᠶᠢ 2000 ᠲᠦᠮᠡᠨ ᠲᠥᠭᠦᠷᠢᠭ ᠠᠴᠠ ᠳᠡᠭᠡᠭᠰᠢ ᠲᠠᠯᠪᠢᠵᠤ᠂ ᠲᠤᠸ ᠮᠠ ᠭᠧᠦ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠪᠤᠰᠬᠠᠬᠤ ᠲᠤᠭᠤᠷᠢᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠦᠢᠯᠡᠰ ᠪᠤᠰᠬᠠᠬᠤ ᠶᠢ ᠬᠥᠭᠵᠢᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠶᠢ ᠳᠡᠮᠵᠢᠨ᠎ᠡ᠃ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠰᠠᠶᠢᠲᠤᠷ ᠠᠳᠬᠤᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠶᠡᠭᠡ ᠬᠡᠪᠴᠢᠶᠠᠨ ᠤ ᠪᠤᠯᠪᠠᠰᠤᠷᠠᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠣᠯᠭᠤᠬᠤ ᠶᠢ ᠪᠠᠳᠤᠯᠠᠵᠤ᠂ ᠲᠦᠷᠭᠡᠨ ᠬᠦᠷᠭᠡᠭᠴᠢ᠂ ᠵᠠᠬᠢᠶᠠᠯᠠᠭ᠎ᠠ ᠶᠢᠨ ᠬᠤᠭᠤᠯᠠ ᠬᠦᠷᠭᠡᠭᠴᠢ᠂ ᠠᠴᠢᠶᠠᠨ ᠤ ᠮᠠᠰᠢᠨ ᠤ ᠵᠢᠯᠣᠭᠤᠴᠢ ᠵᠡᠷᠭᠡ ᠬᠥᠮᠥᠰ ᠤᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠨ᠎ᠠ᠃      ᠠᠷᠠᠳ ᠲᠦᠮᠡᠨ ᠳᠤ ᠳᠠᠭᠠᠯᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ︽ᠲᠤᠯᠤᠭᠠᠨ ᠶᠡᠭᠡ ᠠᠵᠢᠯᠯᠠᠭ᠎ᠠ︾ ᠶᠢ ᠭᠦᠨᠵᠡᠭᠡᠢ ᠬᠡᠷᠡᠭᠵᠢᠭᠦᠯᠵᠦ ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠡᠭᠦᠳᠦᠨ ᠪᠠᠶᠢᠭᠤᠯᠬᠤ ᠶᠢ ᠠᠬᠢᠭᠤᠯᠤᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠳᠪᠦᠷᠢᠯᠡᠯ ᠪᠠ ᠰᠤᠷᠭᠠᠨ ᠬᠥᠮᠦᠵᠢᠯ ᠤᠨ ᠠᠭᠤᠰᠤᠯᠴᠠᠯ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠠᠬᠢᠭᠤᠯᠵᠤ᠂ ᠪᠥᠬᠦ ᠤᠯᠤᠰ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠤᠨ ᠬᠤᠰᠢᠭᠤᠨ ᠤ ᠵᠥᠪᠰᠢᠶᠡᠷᠡᠯ ᠢ ᠣᠯᠪᠠ᠃ ᠰᠤᠷᠭᠠᠭᠤᠯᠢ ᠶᠢᠨ ᠬᠦᠷᠢᠶᠡᠨ ᠤ ᠬᠢᠨᠠᠨ ᠡᠵᠡᠮᠳᠡᠬᠦ ᠲᠥᠬᠦᠭᠡᠷᠦᠮᠵᠢ᠂ ᠰᠤᠷᠭᠠᠨ ᠬᠥᠮᠦᠵᠢᠯ ᠤᠨ ᠰᠢᠰᠲ᠋ᠧᠮ ᠤᠨ ᠭᠠᠯ ᠤᠨᠲᠠᠷᠠᠭᠠᠬᠤ ᠲᠥᠬᠦᠭᠡᠷᠦᠮᠵᠢ ᠶᠢᠨ ᠥᠭᠡᠷᠡᠴᠢᠯᠡᠯᠲᠡ ᠶᠢ ᠲᠦᠷᠭᠡᠳᠬᠡᠵᠦ᠂ ᠪᠠᠳᠤᠬᠠᠭᠠᠯᠭ᠎ᠠ ᠶᠢᠨ ᠳᠤᠮᠳᠠᠳᠤ ᠰᠤᠷᠭᠠᠭᠤᠯᠢ᠂  ᠪᠠᠳᠤᠬᠠᠭᠠᠯᠭ᠎ᠠ ᠶᠢᠨ ᠨᠢᠭᠡᠳᠦᠭᠡᠷ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠠᠶ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠶᠢ ᠪᠡᠶᠡᠯᠡᠭᠦᠯᠵᠦ᠂ ᠣᠶᠤᠨᠲᠤ ᠰᠠᠮᠪᠠᠷ᠎ᠠ᠂ ᠵᠢᠭᠠᠨ ᠰᠤᠷᠭᠠᠯᠲᠠ ᠶᠢᠨ ᠺᠣᠮᠫᠢᠦ᠋ᠲ᠋ᠧᠷ ᠵᠡᠷᠭᠡ ᠲᠥᠬᠦᠭᠡᠷᠦᠮᠵᠢ ᠶᠢ ᠰᠢᠨ᠎ᠡ ᠪᠠᠷ ᠨᠡᠮᠡᠨ᠎ᠡ᠃ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠰᠠᠶᠢᠲᠤᠷ ᠨᠠᠶᠢᠳᠠᠪᠤᠷᠢᠵᠢᠭᠤᠯᠵᠤ᠂ ᠪᠠᠭᠰᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠬᠤᠪᠢᠶᠠᠷᠢᠯᠠᠯᠲᠠ᠂ ᠮᠡᠷᠭᠡᠵᠢᠯ ᠤᠨ ᠴᠣᠯᠠ ᠲᠣᠭᠲᠠᠭᠠᠬᠤ ᠪᠠ ᠤᠷᠢᠬᠤ ᠳᠦᠷᠢᠮ ᠢ ᠲᠡᠭᠦᠯᠳᠡᠷᠵᠢᠭᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠲᠦᠭᠡᠮᠡᠯᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢᠨ ᠣᠨ ᠤ ᠠᠵᠢᠯᠯᠠᠭ᠎ᠠ ᠶᠢ ᠥᠷᠨᠢᠭᠦᠯᠵᠦ᠂ ᠵᠠᠯᠠᠭᠤ ᠭᠤᠣᠯᠯᠠᠭᠴᠢ ᠪᠠᠭᠰᠢ ᠶᠢ ᠬᠥᠮᠥᠵᠢᠭᠦᠯᠬᠦ ᠲᠥᠯᠥᠪᠯᠡᠭᠡ ᠶᠢ ᠲᠡᠭᠦᠯᠳᠡᠷᠵᠢᠭᠦᠯᠵᠦ ᠂ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ ᠪᠠᠶᠢᠭᠤᠯᠤᠨ᠎ᠠ᠃ ᠰᠤᠷᠤᠭᠴᠢᠳ ᠤᠨ ᠰᠡᠳᠬᠢᠴᠡ ᠶᠢᠨ ᠬᠠᠯᠠᠮᠵᠢᠯᠠᠯ ᠪᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠬᠡᠦᠬᠡᠳ ᠨᠢᠭᠡᠪᠦᠷᠢ ᠶᠢ ᠡᠷᠡᠭᠦᠯ ᠴᠢᠭᠢᠷᠠᠭ ᠪᠠᠶᠠᠷ ᠬᠥᠷ ᠲᠠᠢ ᠥᠰᠬᠡᠨ  ᠬᠦᠮᠦᠵᠢᠭᠦᠯᠦᠨ᠎ᠡ᠃      ᠡᠷᠡᠭᠦᠯ ᠮᠡᠨᠳᠤ ᠶᠢ ᠳᠡᠭᠡᠭᠰᠢᠯᠡᠭᠦᠯᠬᠦ ᠠᠵᠢᠯᠯᠠᠭ᠎ᠠ ᠶᠢ ᠶᠠᠪᠤᠭᠳᠠᠭᠤᠯᠤᠨ᠎ᠠ᠃ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾  ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠷᠡᠭᠦᠯ ᠮᠡᠨᠳᠦ ᠶᠢ ᠪᠠᠲᠤᠯᠠᠨ᠂ ᠬᠦᠨᠳᠦ ᠡᠪᠡᠳᠴᠢᠨ ᠢ ᠰᠡᠷᠭᠡᠶᠢᠯᠡᠨ᠂ ᠸᠠᠺᠼᠢᠨ ᠤ ᠲᠠᠷᠢᠯᠭ᠎ᠠ ᠬᠢᠬᠦ ᠶᠢ ᠲᠦᠯᠬᠢᠨ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠭᠲᠠᠭᠤᠨ ᠢᠶᠠᠷ ᠰᠢᠯᠵᠢᠬᠦ ᠪᠠ ᠨᠡᠶᠢᠭᠡᠮ ᠤᠨ ᠡᠮᠬᠢ ᠳᠢᠭᠯᠢᠮ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃ ᠬᠤᠰᠢᠭᠤᠨ ᠤ ᠬᠡᠪᠴᠢᠶᠡᠨ ᠳᠣᠲᠣᠷᠠᠬᠢ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠰᠢᠯᠢᠳᠡᠭᠵᠢᠭᠦᠯᠦᠨ ᠨᠡᠶᠢᠯᠡᠭᠦᠯᠬᠦ ᠪᠠ ᠪᠦᠲᠦᠮᠵᠢᠲᠡᠶ ᠠᠰᠢᠭᠯᠠᠵᠤ᠂ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠢᠲᠠᠳ ᠮᠣᠩᠭᠤᠯ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠵᠤ᠂ ᠮᠣᠩᠭᠤᠯ ᠡᠮᠨᠡᠯᠭᠡ ᠶᠢᠨ ᠬᠤᠷᠢᠶᠠᠨ ᠤ ᠭᠤᠷᠪᠠᠳᠤᠭᠠᠷ ᠳᠡᠰ ᠤᠨ ᠬᠥᠬᠡᠭᠴᠢᠨ ᠲᠠᠰ ᠤᠨ ᠦᠨᠳᠦᠰᠦᠲᠡᠨ ᠤ ᠡᠮᠨᠡᠯᠭᠡ ᠶᠢᠨ ᠬᠤᠷᠢᠶ᠎ᠠ ᠶᠢ ᠡᠭᠦᠳᠦᠨ ᠪᠠᠶᠢᠭᠤᠯᠬᠤ ᠶᠢ ᠠᠬᠢᠭᠤᠯᠵᠤ᠂ ᠥᠪᠦᠷ ᠮᠤᠩᠭᠤᠯ ᠤᠨ ᠡᠮᠨᠡᠯᠭᠡ ᠶᠢᠨ ᠶᠡᠭᠡ ᠰᠤᠷᠭᠠᠭᠤᠯᠢ ᠲᠠᠢ ᠬᠠᠮᠲᠤᠷᠠᠯᠴᠠᠨ ᠡᠮᠨᠡᠯᠭᠡ ᠶᠢᠨ ᠬᠤᠯᠪᠣᠭᠠᠲᠤ ᠴᠣᠭᠴᠠ ᠶᠢᠨ ᠵᠢᠱᠢᠶ᠎ᠡ ᠦᠵᠡᠭᠦᠯᠬᠦ ᠴᠡᠭ ᠢ ᠪᠠᠶᠢᠭᠤᠯᠤᠨ᠎ᠠ᠃ ᠡᠮᠡᠭᠲᠡᠶᠢᠴᠦᠳ ᠤᠨ ︽ᠬᠤᠶᠠᠷ ᠥᠮᠡᠨ︾ ᠤ ᠰᠢᠭᠰᠢᠨ ᠪᠠᠶᠢᠴᠠᠭᠠᠯᠲᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠨᠢᠭᠡ ᠪᠦᠯᠦᠭ ᠥᠨᠳᠥᠷ ᠬᠡᠪ ᠴᠢᠨᠠᠷ ᠪᠦᠬᠦᠢ ᠡᠮᠨᠡᠯᠭᠡ ᠶᠢᠨ ᠠᠵᠢᠯᠲᠠᠨ ᠢ ᠡᠯᠰᠡᠵᠤ᠂ ᠡᠮᠨᠡᠯᠭᠡ ᠶᠢᠨ ᠠᠵᠢᠯᠲᠠᠨ ᠢ ᠬᠠᠯᠠᠮᠵᠢᠯᠠᠨ ᠬᠠᠶᠢᠷᠠᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠰᠡᠳᠬᠢᠴᠡ ᠶᠢᠨ ᠡᠷᠡᠭᠦᠯ ᠮᠡᠨᠳᠦ ᠶᠢ ᠠᠬᠢᠭᠤᠯᠬᠤ᠂ ᠤᠳᠠᠭᠠᠨ ᠴᠢᠨᠠᠷᠲᠠᠢ ᠡᠪᠡᠳᠴᠢᠨ ᠤ ᠡᠷᠡᠭᠦᠯ ᠮᠡᠨᠳᠦ ᠶᠢᠨ ᠬᠠᠮᠢᠶᠠᠷᠤᠯᠲᠠ᠂ ᠲᠠᠮᠠᠬᠢ ᠲᠠᠲᠠᠬᠤ ᠶᠢ ᠬᠢᠵᠠᠭᠠᠷᠯᠠᠬᠤ ᠵᠡᠷᠭᠡ ᠲᠤᠰᠬᠠᠢ ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ ᠬᠡᠷᠡᠭᠵᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤ ᠰᠢᠶᠠᠨ ᠤ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃       ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠨᠠᠰᠤᠵᠢᠯ ᠤᠨ ᠦᠨᠳᠦᠰᠦᠨ ᠳᠠᠭᠠᠳᠬᠠᠯ ᠤᠨ ᠳᠠᠭᠠᠳᠬᠠᠯ ᠳᠤ ᠣᠷᠤᠯᠴᠠᠬᠤ ᠨᠤᠷᠮ᠎ᠠ ᠶᠢ 95% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ᠃ ᠬᠦᠨᠳᠦ ᠣᠨᠴᠠ ᠶᠡᠭᠡ ᠡᠪᠡᠳᠴᠢᠨ ᠤ ᠡᠮ ᠡᠮᠨᠡᠯᠭᠡ ᠶᠢᠨ ᠳᠠᠭᠠᠳᠬᠠᠯ ᠪᠠ ᠡᠮ ᠡᠮᠨᠡᠯᠭᠡ ᠶᠢᠨ ᠠᠪᠤᠷᠠᠨ ᠡᠮᠴᠢᠯᠡᠬᠦ ᠳᠦᠷᠢᠮ ᠢ ᠲᠡᠭᠦᠯᠳᠡᠷᠵᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ︽ᠨᠢᠭᠤᠷ ᠰᠢᠷᠪᠢᠯᠳᠡ︾᠂ ᠰᠢᠯᠵᠢᠮᠡᠯ ᠬᠤᠯᠪᠣᠭ᠎ᠠ ᠪᠠᠷ ᠲᠣᠭᠠᠴᠠᠭ᠎ᠠ ᠬᠢᠬᠦ ᠵᠡᠷᠭᠡ ᠬᠡᠷᠡᠭᠯᠡᠭᠡᠨ ᠤ ᠦᠵᠡᠭᠳᠡᠯ ᠪᠠ ᠨᠠᠰᠤᠲᠠᠶᠢᠴᠤᠳ ᠲᠤ ᠲᠣᠬᠢᠷᠠᠬᠤ ᠣᠶᠤᠨᠴᠢᠯᠠᠭᠰᠠᠨ ᠦᠢᠯᠡᠴᠢᠯᠡᠭᠡ ᠶᠢ ᠳᠡᠯᠭᠡᠷᠡᠭᠦᠯᠦᠨ᠎ᠡ᠃ ᠡᠮᠡᠭᠲᠡᠶᠢᠴᠦᠳ ᠬᠡᠦᠬᠡᠳ ᠤᠨ ︽ᠬᠤᠶᠠᠷ ᠬᠥᠲᠥᠯᠪᠦᠷᠢ︾ ᠶᠢᠨ ᠬᠠᠷᠠᠯᠳᠠ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠳᠠᠷᠬᠠᠨ ᠮᠤᠤᠮᠢᠩᠭᠠᠨ ᠤ ᠬᠠᠶᠢᠷ᠎ᠠ ᠬᠠᠯᠠᠮᠵᠢ ᠪᠠᠷ᠂ ᠬᠡᠦᠬᠡᠳ ᠤᠨ ᠰᠡᠳᠬᠢᠯ ᠢ ᠳᠤᠯᠠᠭᠠᠴᠠᠭᠤᠯᠬᠤ︾ ᠠᠵᠢᠯᠯᠠᠭ᠎ᠠ ᠶᠢ ᠥᠷᠨᠢᠭᠦᠯᠵᠦ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ᠂ ᠥᠨᠥᠴᠢᠨ ᠬᠡᠦᠬᠡᠳ ᠵᠡᠷᠭᠡ ᠶᠢᠨ ᠦᠨᠳᠦᠰᠦᠨ ᠵᠦᠢᠯ ᠢ ᠪᠠᠲᠤᠯᠠᠬᠤ ᠠᠵᠢᠯ ᠢ ᠰᠠᠶᠢᠲᠤᠷ ᠬᠢᠨ᠎ᠡ᠃ ᠬᠦᠴᠢᠷᠳᠡᠯᠲᠡᠢ ᠵᠡᠮᠳᠡᠭᠴᠦᠳ ᠤᠨ ᠭᠡᠷ ᠪᠦᠯᠢ ᠳᠤ ᠳᠦᠭᠦᠮ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠦᠨ᠎ᠡ᠃ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠵᠤ᠂ ᠮᠠᠯᠵᠢᠬᠤ ᠲᠠᠷᠢᠶᠠᠯᠠᠬᠤ ᠣᠷᠣᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠢ ᠦᠷᠭᠦᠯᠵᠢᠯᠡᠨ ᠬᠥᠭᠵᠢᠭᠦᠯᠵᠦ᠂ 3 ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ ᠰᠢᠨ᠎ᠡ ᠪᠠᠷ ᠪᠠᠶᠢᠭᠤᠯᠵᠤ᠂ ᠲᠢᠶᠠᠨ ᠰᠢ ᠶᠢᠨ ᠥᠪᠡᠷ ᠢᠶᠠᠨ  ᠵᠢᠯᠤᠭᠤᠳᠤᠨ ᠵᠤᠭᠠᠴᠠᠬᠤ ᠭᠠᠵᠠᠷ ᠪᠤᠯᠤᠨ ᠲᠤᠸ ᠮᠠ ᠭᠧᠦ ᠲᠠᠷᠢᠶᠠᠯᠠᠩ ᠤᠨ ᠲᠠᠯᠠᠪᠠᠶ ᠳᠤ ᠵᠢᠭᠤᠯᠴᠢᠯᠠᠨ ᠰᠠᠭᠤᠬᠤ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠲᠤᠬᠠᠶᠢᠯᠠᠭᠰᠠᠨ ᠠᠵᠢᠯ ᠥᠷᠨᠢᠭᠦᠯᠬᠦ ᠶᠢ ᠳᠡᠮᠵᠢᠵᠦ᠂  ᠬᠡᠤᠬᠡᠨ ᠠᠭᠤᠯᠠ ᠵᠡᠭᠡᠯᠢ ᠶᠢᠨ ᠨᠡᠶᠢᠭᠡᠮ ᠲᠣᠭᠤᠷᠢᠭ ᠲᠤ ᠣᠶᠤᠨᠴᠢ ᠪᠠᠷ ᠨᠠᠰᠤᠵᠢᠯ ᠤᠨ ᠠᠰᠠᠷᠠᠮᠵᠢ ᠶᠢᠨ ᠲᠤᠷᠰᠢᠯᠲᠠ ᠶᠢᠨ ᠴᠡᠭ ᠢ ᠥᠷᠨᠢᠭᠦᠯᠦᠨ᠎ᠡ᠃ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠷᠡᠵᠢᠯ ᠤᠨ ᠰᠢᠨ᠎ᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠵᠡᠷᠭᠡ ᠦᠢᠯᠡᠰ ᠤᠨ ᠬᠥᠭᠵᠢᠯᠲᠡ ᠶᠢ ᠲᠡᠮᠵᠢᠨ᠎ᠠ᠃     ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠰᠣᠶᠣᠯ ᠢᠶᠠᠷ ᠬᠤᠰᠢᠭᠤ ᠪᠠᠨ ᠴᠡᠴᠡᠭᠯᠡᠭᠦᠯᠬᠦ︾ ᠰᠢᠷᠢᠰ ᠢᠨᠵᠧᠨᠧᠷᠢᠩ ᠢ ᠬᠡᠷᠡᠭᠵᠢᠭᠦᠯᠵᠦ᠂ ᠰᠣᠶᠣᠯ ᠤᠨ ᠢᠲᠡᠭᠡᠯ ᠢᠶᠠᠨ ᠨᠡᠮᠡᠭᠳᠡᠭᠦᠯᠦᠨ᠂ ᠰᠣᠶᠣᠯ ᠢᠶᠠᠷ ᠥᠪᠡᠷ ᠢ ᠪᠠᠨ ᠬᠦᠴᠦᠷᠬᠡᠭᠵᠢᠭᠦᠯᠬᠦ ᠶᠢ ᠪᠡᠶᠡᠯᠡᠭᠦᠯᠦᠨ᠎ᠡ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢᠨ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠰᠢᠨ᠎ᠡ ᠴᠠᠭ ᠦᠶ᠎ᠡ ᠶᠢᠨ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢᠨ ︽ᠠᠷᠪᠠᠨ ᠶᠡᠭᠡ ᠠᠵᠢᠯᠯᠠᠭ᠎ᠠ︾ ᠶᠢ ᠬᠡᠷᠡᠭᠵᠢᠭᠦᠯᠦᠨ᠎ᠡ᠃ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠪᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠣᠯᠠᠨ ᠰᠦᠮ᠎ᠡ ᠶᠢᠨ ᠬᠤᠲᠠ ᠶᠢᠨ ᠪᠠᠭᠤᠷᠢ ᠶᠢ ᠰᠡᠯᠪᠢᠨ ᠵᠠᠰᠠᠬᠤ ᠲᠥᠷᠥᠯ ᠵᠦᠢᠯ ᠢ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠲᠡᠦᠬᠡ ᠰᠣᠶᠣᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠵᠦ᠂ ᠲᠡᠦᠬᠡ ᠰᠣᠶᠣᠯ ᠤᠨ ᠨᠠᠷᠠᠲᠤ ᠬᠤᠲᠠ ᠨᠠᠷᠠᠲᠤ ᠪᠠᠯᠭᠠᠰᠤ ᠨᠠᠷᠠᠲᠤ ᠲᠣᠰᠬᠤᠨ ᠢ ᠢᠳᠡᠪᠬᠢᠲᠡᠢ ᠡᠭᠦᠳᠦᠨ ᠪᠠᠶᠢᠭᠤᠯᠤᠨ᠎ᠠ᠃ ᠤᠯᠠᠭᠠᠨᠮᠥ᠋ᠴᠢᠷ ᠤᠨ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠦᠢᠯᠡᠰ ᠤᠨ ᠰᠢᠨ᠎ᠡ ᠶᠢ ᠡᠭᠦᠳᠦᠨ ᠬᠥᠭᠵᠢᠭᠦᠯᠬᠦ ᠶᠢ ᠳᠡᠮᠵᠢᠵᠦ᠂ ᠪᠥᠬᠦ ᠣᠷᠣᠨ ᠤ ︽ᠰᠢᠯᠢᠳᠡᠭ ᠨᠢᠭᠡᠳᠤᠭᠡᠷ ᠲᠥᠷᠥᠯ ᠤᠨ ᠤᠯᠠᠭᠠᠨᠮᠥ᠋ᠴᠢᠷ︾ ᠤᠨ ᠴᠣᠯᠠ ᠶᠢ ᠦᠷᠭᠦᠯᠵᠢᠯᠡᠨ ᠪᠠᠲᠤᠯᠠᠨ᠎ᠠ᠃ ᠣᠶᠤᠨᠲᠤ ᠷᠠᠳᠢᠣ᠋ ᠲᠧᠯᠸᠢᠰ ᠤᠨ ᠢᠨᠵᠧᠨᠧᠷᠢᠩ ᠢ ᠭᠦᠨᠵᠡᠭᠡᠶᠢᠷᠡᠭᠦᠯᠦᠨ ᠥᠷᠭᠡᠳᠬᠡᠨ᠎ᠡ᠃ ᠠᠯᠬᠤᠬᠤ ᠤᠷᠤᠯᠳᠤᠭᠠᠨ᠂ ᠠᠭᠤᠳᠠᠮ ᠲᠠᠯᠠᠪᠠᠢ ᠶᠢᠨ ᠪᠥᠵᠢᠭ ᠵᠡᠷᠭᠡ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠢ 15 ᠲᠠᠯᠠᠪᠠᠢ ᠠᠴᠠ ᠳᠡᠭᠡᠭᠰᠢ ᠡᠷᠬᠢᠯᠡᠵᠦ᠂ ᠪᠡᠶ᠎ᠡ ᠶᠢᠨ ᠲᠠᠮᠢᠷ ᠤᠨ ᠴᠡᠴᠡᠷᠯᠢᠭ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ ᠰᠢᠨ᠎ᠡ ᠪᠠᠷ ᠪᠠᠶᠢᠭᠤᠯᠵᠤ᠂ ᠤᠯᠠᠨ ᠲᠦᠮᠡᠨ ᠤ ᠳᠡᠷᠭᠡᠳᠡᠬᠢ ︽ᠪᠡᠶ᠎ᠡ ᠴᠢᠭᠢᠷᠠᠭᠵᠢᠭᠤᠯᠬᠤ ᠲᠤᠭᠤᠷᠢᠭ︾ ᠢ ᠪᠤᠢ ᠪᠣᠯᠭᠠᠨ᠎ᠠ᠃     ︵ᠨᠠᠢᠮᠠ︶ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠨᠡᠨ ᠬᠦ ᠪᠠᠬᠢᠵᠢᠭᠦᠯᠦᠨ᠎ᠡ᠃ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠪᠦᠬᠦ ᠬᠦᠴᠦᠨ ᠢᠶᠠᠷ ᠢᠶᠠᠨ ᠬᠤᠷᠢᠭ᠎ᠠ ᠱᠤᠭᠤᠮ ᠢ ᠰᠠᠬᠢᠵᠤ᠂ ᠬᠡᠮ ᠰᠣᠭᠤᠭ ᠢ ᠠᠷᠢᠯᠭᠠᠨ᠂ ᠲᠣᠭᠲᠠᠭᠤᠨ ᠢ ᠪᠠᠲᠤᠯᠠᠵᠤ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠡᠭᠦᠷᠢᠳᠡ ᠴᠡᠴᠡᠭᠯᠡᠭᠦᠯᠦᠨ ᠬᠥᠭᠵᠢᠭᠦᠯᠵᠦ᠂ ᠡᠬᠡ ᠤᠯᠤᠰ ᠤᠨ ᠬᠢᠯᠢ ᠬᠢᠵᠠᠭᠠᠷ ᠢ ᠡᠭᠦᠷᠢᠳᠡ ᠲᠣᠭᠲᠠᠪᠤᠷᠢᠵᠢᠭᠤᠯᠤᠨ ᠪᠠᠬᠢᠵᠢᠭᠦᠯᠦᠨ᠎ᠡ᠃     ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤ ᠶᠢ ᠮᠡᠳᠡᠷᠡᠬᠦ︾ ᠦᠵᠡᠯ ᠰᠠᠨᠠᠭ᠎ᠠ ᠪᠠ ︽ᠳᠥᠷᠪᠡ ᠶᠢ ᠬᠠᠮᠲᠤᠳᠬᠠᠬᠤ︾ ᠣᠶᠢᠯᠠᠭᠠᠭᠳᠠᠬᠤᠨ ᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠳᠤ ᠭᠦᠨ ᠦᠨᠳᠦᠰᠦᠯᠡᠭᠦᠯᠦᠨ᠎ᠡ᠃ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ᠂ 18 ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠴᠡᠭ ᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠬᠢᠯᠢ ᠬᠢᠵᠠᠭᠠᠷ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ ᠂ ᠬᠢᠯᠢ ᠬᠢᠵᠠᠭᠠᠷ ᠤᠷᠤᠨ ᠤ ᠮᠡᠳᠡᠭᠡ ᠬᠤᠯᠪᠣᠭ᠎ᠠ ᠴᠠᠬᠢᠯᠭᠠᠨ ᠨᠡᠪᠲᠡᠷᠡᠭᠦᠯᠬᠦ ᠵᠡᠷᠭᠡ ᠲᠦᠷᠦᠯ ᠵᠦᠢᠯ ᠢ ᠬᠡᠷᠡᠭᠵᠢᠭᠦᠯᠵᠦ᠂ ᠬᠢᠯᠢ ᠶᠢ ᠰᠠᠬᠢᠵᠤ ᠬᠢᠯᠢ ᠶᠢ ᠪᠠᠬᠢᠵᠢᠭᠦᠯᠵᠦ ᠬᠢᠯᠢ ᠶᠢ ᠬᠥᠭᠵᠢᠭᠦᠯᠬᠦ ᠵᠢᠱᠢᠶ᠎ᠡ ᠦᠵᠡᠭᠦᠯᠬᠦ ᠪᠦᠰᠡ ᠶᠢ ᠪᠤᠢ ᠪᠣᠯᠭᠠᠨ᠎ᠠ᠃ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠪᠠᠲᠤᠬᠠᠭᠠᠯᠭ᠎ᠠ ᠪᠠᠯᠭᠠᠰᠤᠨ ᠤ ᠯᠠᠯᠤ ᠶᠢᠨ ᠰᠦᠮ᠎ᠡ ᠶᠢ ᠣᠨᠳᠣᠣ ᠭᠠᠵᠠᠷ ᠲᠤ ᠲᠠᠬᠢᠨ ᠪᠠᠶᠢᠭᠤᠯᠬᠤ ᠶᠢ ᠪᠡᠶᠡᠯᠡᠭᠦᠯᠦᠨ᠎ᠡ᠃  ᠡᠯ᠎ᠡ ᠲᠦᠷᠦᠯ ᠤᠨ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠨ᠎ᠠ᠃ ᠤᠯᠤᠰ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠣᠭᠲᠠᠭᠤᠨ᠂ ᠠᠷᠠᠳ ᠲᠦᠮᠡᠨ ᠤ ᠠᠮᠤᠷ ᠲᠣᠭᠲᠠᠭᠤᠨ ᠢ ᠨᠥᠯᠥᠭᠡᠯᠡᠬᠦ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠠᠮᠤ ᠪᠤᠳᠠᠭᠠᠨ ᠤ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ ᠢ ᠬᠠᠮᠠᠭᠠᠯᠠᠬᠤ ᠵᠡᠷᠭᠡ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠰᠠᠭᠤᠷᠢᠨ ᠭᠠᠵᠠᠷ ᠢᠯᠠᠩᠭᠤᠶ᠎ᠠ ᠰᠦᠯᠵᠢᠶᠡᠨ ᠤ ᠰᠠᠭᠤᠷᠢᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠦᠵᠡᠯ ᠤᠬᠠᠮᠰᠠᠷ ᠤᠨ ᠵᠠᠰᠠᠭ ᠤᠨ ᠣᠷᠳᠣᠨ ᠤ ᠲᠠᠯᠳᠠ ᠥᠷᠢ ᠥᠭᠴᠡᠭᠡ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠷᠢᠯᠭᠠᠵᠤ᠂ ᠪᠠᠩᠬᠢ ᠶᠢᠨ ᠦᠢᠯᠡᠰ ᠤᠨ ᠠᠶᠤᠯ ᠲᠦᠭᠰᠢᠭᠦᠷᠢ ᠶᠢ ︽ᠨᠢᠭᠡ ᠠᠵᠢᠯ ᠲᠦᠷᠦᠯ ᠳᠤ ᠨᠢᠭᠡ ᠠᠷᠭ᠎ᠠ ᠪᠣᠳᠣᠯᠭ᠎ᠠ︾ ᠪᠠᠷ ᠠᠷᠢᠯᠭᠠᠨ᠎ᠠ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠤᠨ ᠲᠤᠰᠬᠠᠢ ᠰᠢᠪᠲᠤᠯᠤᠯᠲᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠫᠦ᠋ ᠳ᠋ᠦᠩ ᠬᠤᠸᠠ ᠹᠦ᠋᠂ ᠮᠠᠨ ᠳ᠋ᠧ ᠯᠢ  ᠵᠡᠷᠭᠡ ᠰᠠᠭᠤᠭᠠᠯᠢ ᠲᠣᠭᠤᠷᠢᠭ ᠤᠨ ᠣᠷᠣᠵᠤ ᠰᠠᠭᠤᠬᠤ ᠨᠣᠷᠮ᠎ᠠ ᠶᠢ ᠳᠡᠭᠡᠭᠰᠢᠯᠡᠭᠦᠯᠦᠨ᠂ ᠰᠢᠨ᠎ᠡ ᠬᠤᠲᠠ ᠶᠢᠨ ᠠᠷᠠᠳ᠂ ᠵᠠᠯᠠᠭᠤᠴᠤᠳ ᠵᠡᠷᠭᠡ ᠶᠢᠨ ᠣᠷᠣᠨ ᠰᠠᠭᠤᠴᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃     ᠠᠮᠤᠷ ᠠᠮᠤᠭᠤᠯᠠᠩ ᠳᠠᠷᠬᠠᠨ ᠮᠤᠤᠮᠢᠩᠭᠠᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠤᠨ᠎ᠠ᠃ ︽ᠲᠠᠪᠤᠨ ᠨᠡᠶᠢᠭᠡᠮ ᠲᠤᠭᠤᠷᠢᠭ ᠬᠠᠮᠲᠤᠷᠠᠨ ᠬᠥᠳᠡᠯᠦᠯᠴᠡᠬᠦ︾ ᠶᠢ ᠭᠦᠨᠵᠡᠭᠡᠶᠢᠷᠡᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠨᠡᠶᠢᠭᠡᠮ ᠲᠣᠭᠤᠷᠢᠭ ᠤᠨ ᠵᠠᠰᠠᠯᠲᠠ ᠪᠠ ᠦᠢᠯᠡᠴᠢᠯᠡᠭᠡᠨ ᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠶᠢ ᠥᠷᠨᠢᠭᠦᠯᠵᠦ᠂ ᠦᠨᠳᠦᠰᠦᠨ ᠱᠠᠲᠤᠨ ᠤ ᠨᠡᠶᠢᠭᠡᠮ ᠲᠤᠭᠤᠷᠢᠭ ᠤᠨ ᠠᠵᠢᠯ ᠤᠨ ᠥᠷᠲᠡᠭᠡ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ︽ᠳᠠᠷᠤᠭᠳᠠᠮᠠᠯ ᠬᠡᠷᠡᠭ ᠢ ᠠᠷᠢᠯᠭᠠᠵᠤ᠂ ᠬᠦᠨᠳᠦ ᠠᠰᠠᠭᠤᠳᠠᠯ ᠢ ᠵᠠᠰᠠᠵᠤ᠂ ᠲᠣᠭᠲᠠᠭᠤᠨ ᠪᠠᠶᠢᠳᠠᠯ ᠢ ᠠᠬᠢᠭᠤᠯᠬᠤ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠪᠤᠴᠠᠭᠠᠨ ᠭᠠᠷᠭᠠᠬᠤ ᠲᠣᠭᠲᠠᠴᠠ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠳᠦᠷᠢᠮ ᠢ ᠪᠠᠶᠢᠭᠤᠯᠤᠨ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠨ᠎ᠠ᠃ ᠠᠶᠤᠯ ᠦᠭᠡᠢ ᠦᠢᠯᠡᠳᠪᠦᠷᠢᠯᠡᠯ ᠤᠨ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠶᠢ ᠦᠷᠭᠦᠯᠵᠢᠯᠡᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢ ᠴᠢᠷᠮᠠᠶᠢᠨ ᠡᠭᠦᠳᠤᠨ᠎ᠡ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤᠮᠳᠠᠭᠠᠨ ᠤ ᠨᠢᠭᠡᠴᠢ ᠶᠢᠨ ︽ᠠᠮᠤᠷ ᠲᠦᠪᠰᠢᠨ ᠬᠤᠭᠤᠯᠠ ᠤᠮᠳᠠ︾ ᠶᠢᠨ ᠪᠦᠷᠬᠦᠴᠡ ᠶᠢ 100% ᠳᠤ ᠬᠦᠷᠦᠭᠦᠯᠬᠦ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠨ᠎ᠠ᠃  ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠰᠢᠰᠲ᠋ᠧᠮ ᠪᠠ ᠪᠠᠲᠤᠯᠠᠭ᠎ᠠ ᠶᠢᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠢᠱᠢᠶ᠎ᠡ ᠦᠵᠡᠭᠦᠯᠬᠦ ᠮᠠᠶ᠋ᠢᠭ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ︵ᠥᠷᠲᠡᠭᠡ︶ ᠢ ᠡᠭᠦᠳᠦᠨ ᠪᠠᠶᠢᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠠᠷᠠᠳ ᠤᠨ ᠬᠤᠯᠪᠤᠭ᠎ᠠ ᠵᠡᠷᠭᠡ ᠠᠵᠢᠯ ᠢ ᠰᠠᠶᠢᠲᠤᠷ ᠬᠢᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠠᠷᠬᠠᠭᠠᠬᠤ ᠲᠥᠪ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠤᠨ ᠠᠬᠢᠭᠤᠯᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ᠂ ᠠᠷᠢᠬᠢᠨ ᠳᠤ ᠰᠣᠭᠲᠣᠵᠤ ᠬᠡᠷᠡᠭ ᠡᠳᠦᠬᠦ᠂ ᠵᠠᠮ ᠬᠠᠷᠢᠯᠴᠠᠭᠠᠨ ᠤ ᠠᠮᠤᠷ ᠲᠦᠪᠰᠢᠨ ᠵᠡᠷᠭᠡ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠵᠦ᠂ ᠭᠠᠵᠠᠷ ᠣᠷᠣᠨ ᠤ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠨ᠎ᠠ᠃    ᠳᠥᠷᠪᠡ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ      ᠲᠥᠯᠥᠭᠡᠯᠡᠭᠴᠢᠳ ᠠ᠋᠂ ᠰᠢᠨ᠎ᠡ ᠨᠢᠭᠡ ᠡᠭᠡᠯᠵᠢ ᠶᠢᠨ ᠬᠥᠭᠵᠢᠯᠲᠡ ᠶᠢᠨ ᠳᠤᠮᠳᠠ ᠪᠣᠬᠢᠷᠳᠤᠯ ᠦᠭᠡᠢ ᠪᠠᠷ ᠬᠥᠭᠵᠢᠨ ᠮᠠᠨᠳᠤᠬᠤ᠂ ᠬᠥᠭᠡᠭᠡᠵᠦ ᠭᠦᠢᠴᠡᠬᠦ ᠪᠠ ᠳᠠᠪᠠᠵᠤ ᠭᠠᠷᠬᠤ ᠶᠢ ᠪᠡᠶᠡᠯᠡᠭᠦᠯᠬᠦ ᠳᠤ ᠬᠦᠴᠦᠷᠬᠡᠭ ᠶᠡᠭᠡ ᠲᠠᠶᠢᠴᠢᠨ ᠬᠦᠴᠦᠨ᠂ ᠭᠦᠢᠴᠡᠳᠬᠡᠬᠦ ᠬᠦᠴᠦᠨ᠂ ᠨᠠᠶᠢᠳᠠᠪᠤᠷᠢᠵᠢᠭᠤᠯᠬᠤ ᠬᠦᠴᠦᠨ ᠱᠠᠭᠠᠷᠳᠠᠭᠳᠠᠨ᠎ᠠ᠃ ᠪᠥᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠳᠣᠯᠤᠭ᠎ᠠ ᠶᠢ ᠲᠠᠶᠠᠭᠳᠠᠬᠤ︾᠂ ᠬᠤᠲᠠ ᠶᠢᠨ ᠨᠠᠮ ᠤᠨ ᠬᠤᠷᠢᠶ᠎ᠠ ᠶᠢᠨ ︽ᠲᠠᠪᠤ ᠶᠢ ᠲᠡᠪᠴᠢᠵᠦ᠂ ᠲᠠᠪᠤ ᠶᠢ ᠪᠣᠶ ᠪᠣᠯᠭᠠᠬᠤ︾ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠵᠢᠷᠭᠤᠭ᠎ᠠ ᠶᠢ ᠬᠤᠪᠢᠷᠠᠭᠤᠯᠬᠤ︾ ᠶᠢ ᠪᠡᠶᠡᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠬᠠᠷᠢᠭᠤᠴᠠᠯᠭ᠎ᠠ ᠪᠠᠨ ᠭᠦᠢᠴᠡᠳᠬᠡᠵᠦ᠂ ᠲᠦᠷᠦᠭᠦᠯᠡᠨ ᠵᠥᠪ ᠲᠠᠯ᠎ᠠ ᠶᠢᠨ ᠳᠦᠷᠢ ᠲᠥᠷᠬᠦ ᠶᠢ ᠪᠣᠶ ᠪᠣᠯᠭᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠲᠦᠷᠭᠡᠨ ᠪᠠᠶᠢᠭᠤᠯᠤᠨ᠎ᠠ᠃      ᠪᠢᠳᠠ ᠤᠯᠤᠰ ᠲᠦᠷᠦ ᠶᠢ ᠡᠷᠬᠢᠮᠯᠡᠵᠦ ᠪᠦᠬᠦ ᠲᠠᠯ᠎ᠠ ᠶᠢ ᠬᠠᠷᠠᠭᠠᠯᠵᠠᠬᠤ ᠳᠦᠷᠢ ᠳᠦᠷᠬᠦ ᠶᠢ ᠪᠤᠢ ᠪᠤᠯᠭᠠᠨ᠎ᠠ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠰᠤᠷᠤᠯᠴᠠᠵᠤ᠂ ᠪᠦᠬᠦ ᠲᠠᠯ᠎ᠠ  ᠪᠠᠷ ᠡᠵᠡᠮᠰᠢᠵᠦ᠂  ᠪᠦᠬᠦ ᠲᠠᠯ᠎ᠠ  ᠪᠠᠷ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾  ᠢ ᠴᠢᠩᠭᠠᠳᠬᠠᠵᠤ᠂ ︽ᠲᠦᠷᠪᠡᠨ ᠢᠲᠡᠭᠡᠯ︾  ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ  ᠪᠠᠶᠢᠯᠭᠠᠨ᠎ᠠ᠃ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠣᠨ ᠪᠤᠭᠤᠲᠤ ᠳᠤ ᠳᠤᠷᠠᠳᠤᠭᠰᠠᠨ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠳᠤ ᠱᠠᠭᠠᠷᠳᠠᠭᠰᠠᠨ ︽ᠳᠠᠷᠬᠠᠨ ᠮᠤᠤᠮᠢᠩᠭᠠᠨ ᠤ ᠬᠠᠷᠢᠭᠤᠯᠲᠠ ᠶᠢᠨ ᠬᠠᠭᠤᠳᠠᠰᠤ ︾ ᠶᠢ ᠰᠠᠶᠢᠲᠤᠷ ᠠᠳᠬᠤᠵᠤ᠂ ᠡᠭᠦᠷᠭᠡ ᠶᠢᠨ ᠬᠤᠪᠢᠶᠠᠷᠢᠯᠠᠯ᠂ ᠪᠠᠶᠢᠳᠠᠯ ᠢ ᠮᠡᠳᠡᠭᠡᠯᠡᠬᠦ᠂ ᠬᠢᠨᠠᠯᠲᠠ ᠲᠠᠯᠪᠢᠵᠤ ᠬᠠᠷᠢᠭᠤᠴᠠᠯᠭ᠎ᠠ ᠬᠡᠯᠡᠯᠴᠡᠬᠦ ᠵᠡᠷᠭᠡ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠲᠣᠬᠢᠷᠠᠭᠤᠯᠤᠭᠰᠠᠨ ᠠᠵᠢᠯ ᠨᠢᠭᠡᠪᠦᠷᠢ᠂ ᠪᠠᠶᠢᠷᠢᠯᠠᠭᠤᠯᠤᠭᠰᠠᠨ ᠡᠭᠦᠷᠭᠡ ᠨᠢᠭᠡᠪᠦᠷᠢ᠂ ᠲᠤᠰᠢᠶᠠᠭᠰᠠᠨ ᠶᠠᠪᠤᠳᠠᠯ ᠨᠢᠭᠡᠪᠦᠷᠢ ᠶᠢ ᠴᠥᠮ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠡ᠃     ᠪᠢᠳᠡ ᠬᠠᠷᠢᠭᠤᠴᠠᠯᠭ᠎ᠠ ᠡᠭᠦᠷᠭᠡᠯᠡᠬᠦ ᠶᠢ ᠡᠷᠬᠢᠮᠯᠡᠵᠦ ᠨᠠᠶᠢᠳᠠᠪᠤᠷᠢᠵᠢᠭᠤᠯᠤᠯᠲᠠ ᠶᠢ ᠠᠳᠬᠤᠬᠤ ᠳᠦᠷᠢ ᠲᠥᠷᠬᠦ ᠶᠢ ᠪᠤᠢ ᠪᠣᠯᠭᠠᠨ᠎ᠠ᠃ ᠲᠠᠩᠰᠠ ᠮᠡᠳᠡᠭᠦᠯᠬᠦ ᠤᠬᠠᠮᠰᠠᠷ᠂ ᠰᠢᠯᠭᠠᠯᠲᠠ ᠶᠢᠨ ᠬᠠᠭᠤᠳᠠᠰᠤ ᠪᠠᠨ ᠲᠤᠰᠢᠶᠠᠬᠤ ᠤᠬᠠᠮᠰᠠᠷ ᠪᠠ ᠦᠷ᠎ᠡ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ ︽ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ ᠪᠤᠴᠠᠯᠲᠠ ᠦᠭᠡᠢ ᠤᠷᠤᠭᠰᠢᠯᠠᠬᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠭᠰᠣᠬᠤ ᠦᠭᠡᠢ︾ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠪᠣᠳᠠᠲᠠᠢ ᠠᠵᠢᠯᠯᠠᠬᠤ ᠪᠠᠷ ᠦᠨᠡᠨᠴᠢ ᠰᠢᠳᠤᠷᠭᠤ ᠶᠢ ᠢᠯᠡᠷᠡᠭᠦᠯᠵᠦ᠂ ᠬᠥᠭᠵᠢᠯᠲᠡ ᠪᠠᠷ ᠡᠭᠦᠷᠭᠡᠯᠡᠯ ᠢ ᠢᠯᠡᠷᠡᠭᠦᠯᠵᠦ᠂ ᠪᠣᠳᠠᠲᠤ ᠠᠮᠵᠢᠯᠲᠠ ᠪᠠᠷ ᠨᠠᠶᠢᠳᠠᠪᠤᠷᠢᠵᠢᠭᠤᠯᠤᠯᠲᠠ ᠶᠢ ᠢᠯᠡᠷᠡᠭᠦᠯᠤᠨ᠎ᠡ᠃ ︽ᠰᠡᠳᠬᠢᠬᠦᠢ ᠶᠢ ᠣᠶᠢᠯᠠᠭᠠᠬᠤ︾ ᠠᠵᠢᠯ ᠤᠨ ᠠᠷᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠢᠨ᠎ᠡ ᠶᠢ ᠡᠭᠦᠳᠬᠦ ᠳᠡᠭᠡᠨ ᠴᠢᠳᠠᠮᠠᠭᠠᠢ ᠪᠠᠶᠢᠵᠤ᠂ ᠬᠦᠴᠢᠷ ᠠᠰᠠᠭᠤᠳᠠᠯ ᠢ ᠰᠢᠢᠳᠪᠦᠷᠢᠯᠡᠨ᠂ ᠰᠢᠨ᠎ᠡ ᠵᠠᠮ ᠢ ᠨᠡᠭᠡᠭᠡᠨ᠎ᠡ᠃ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠠᠷᠠᠳ ᠲᠦᠮᠡᠨ ᠳᠤ ᠠᠰᠢᠭ ᠲᠤᠰᠠ ᠣᠯᠭᠤᠵᠤ᠂ ᠯᠠᠪᠳᠠᠭᠤᠨ ᠪᠠᠲᠤᠲᠠᠢ ᠰᠢᠷᠭᠠᠭᠤ ᠬᠠᠲᠠᠭᠤᠵᠢᠯᠲᠠᠢ ᠪᠠᠷ ᠠᠵᠢᠯᠯᠠᠵᠤ᠂ ᠤᠯᠠᠨ ᠲᠦᠮᠡᠨ ᠤ ︽ᠬᠦᠰᠡᠵᠦ ᠪᠠᠶᠢᠭ᠎ᠠ ᠶᠠᠪᠤᠳᠠᠯ︾ ᠢ ᠦᠨᠡᠨ ᠬᠦ ᠵᠠᠰᠠᠭ ᠤᠨ ᠣᠷᠳᠣᠨ ᠤ ︽ᠬᠢᠵᠦ ᠪᠠᠶᠢᠭ᠎ᠠ ᠶᠠᠪᠤᠳᠠᠯ︾ ᠪᠣᠯᠭᠠᠵᠤ᠂ ᠵᠠᠰᠠᠭ ᠤᠨ ᠣᠷᠳᠣᠨ ᠤ ︽ᠬᠢᠵᠦ ᠪᠠᠶᠢᠭ᠎ᠠ ᠶᠠᠪᠤᠳᠠᠯ︾ ᠢ ᠤᠯᠠᠨ ᠲᠦᠮᠡᠨ ᠤ ︽ᠬᠠᠨᠤᠮᠵᠢᠲᠠᠶ ᠶᠠᠪᠤᠳᠠᠯ︾ ᠪᠣᠯᠭᠠᠬᠤ ᠬᠡᠷᠡᠭᠲᠡᠢ᠃ ᠡᠨᠡ ᠵᠢᠯ ᠤᠨ ︽ᠬᠤᠶᠠᠷ ᠰᠢᠨ᠎ᠡ︾ ︽ᠭᠤᠷᠪᠠ ᠶᠢ ᠲᠡᠮᠡᠴᠡᠨ ᠣᠯᠬᠤ︾ ᠵᠡᠷᠭᠡ ᠭᠤᠣᠯᠳᠠᠯᠭ᠎ᠠ ᠲᠠᠢ ᠠᠵᠢᠯ ᠤᠨ ᠳᠤᠮᠳᠠ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠤᠳᠤᠷᠢᠳᠬᠤ ᠺᠠᠳ᠋ᠷ ᠪᠠ ᠰᠠᠯᠠᠭ᠎ᠠ ᠮᠥᠴᠢᠷ ᠨᠢᠭᠡᠴᠢ ᠶᠢ ᠴᠠᠭ ᠲᠤᠨᠢ ᠲᠣᠬᠢᠷᠠᠭᠤᠯᠤᠨ ᠵᠠᠷᠯᠠᠨ ᠰᠠᠶᠢᠰᠢᠶᠠᠬᠤ ᠶᠢᠨ ᠬᠠᠮᠲᠤ ᠵᠢᠯ ᠤᠨ ᠡᠴᠦᠰ ᠤᠨ ᠬᠢᠨᠠᠨ ᠰᠢᠯᠭᠠᠯᠲᠠ ᠳᠤ ᠬᠤᠪᠢ ᠨᠡᠮᠡᠵᠦ ᠱᠠᠩᠨᠠᠨ ᠬᠥᠬᠢᠭᠦᠯᠵᠦ᠂ ᠥᠷᠭᠡᠨ ᠣᠯᠠᠨ ᠺᠠᠳ᠋ᠷᠴᠤᠳ ᠤᠨ ᠬᠡᠬᠦᠳᠡᠭ ᠳᠦᠭᠦᠷᠡᠩ ᠬᠠᠯᠠᠭᠤᠨ ᠰᠡᠳᠬᠢᠯ ᠢᠶᠠᠷ ᠨᠤᠲᠤᠭ ᠤᠰᠤ ᠪᠠᠨ ᠬᠠᠶᠢᠷᠠᠯᠠᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠨ ᠬᠤᠪᠢ ᠨᠡᠮᠡᠷᠢ ᠦᠵᠡᠭᠦᠯᠬᠦ ᠶᠢ ᠵᠣᠷᠢᠭᠵᠢᠭᠤᠯᠤᠨ᠎ᠠ᠃      ᠪᠢᠳᠡ ᠦᠷ᠎ᠡ ᠪᠦᠲᠦᠮᠵᠢ ᠶᠢ ᠡᠷᠬᠢᠮᠯᠡᠨ ᠬᠤᠶᠢᠷᠭᠤᠰᠢᠵᠤ ᠤᠳᠠᠭᠠᠰᠢᠷᠠᠭᠤᠯᠬᠤ ᠦᠭᠡᠢ ᠳᠦᠷᠢ ᠲᠥᠷᠬᠦ ᠶᠢ ᠪᠤᠢ ᠪᠣᠯᠭᠠᠨ᠎ᠠ᠃ ᠲᠣᠳᠣᠷᠬᠠᠢ ᠬᠠᠷᠠᠯᠲᠠ ᠡᠭᠦᠷᠭᠡ ᠪᠠᠨ ᠤᠳᠠᠭᠠᠰᠢᠷᠠᠭᠤᠯᠬᠤ ᠦᠭᠡᠢ᠂ ᠶᠠᠭᠤ ᠬᠢᠬᠦ᠂ ᠬᠡᠨ ᠬᠢᠬᠦ᠂ ᠶᠠᠭᠠᠬᠢᠵᠤ ᠬᠢᠬᠦ᠂ ᠶᠠᠮᠠᠷ ᠴᠠᠭ ᠲᠤ ᠬᠢᠵᠦ ᠳᠠᠭᠤᠰᠬᠠᠬᠤ ᠳᠤᠬᠠᠢ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠭᠠᠷᠭᠠᠵᠤ᠂ ᠪᠦᠬᠦ ᠲᠠᠯ᠎ᠠ ᠪᠠᠷ ᠮᠥᠷᠳᠡᠵᠦ᠂ ᠪᠦᠬᠦ ᠶᠠᠪᠤᠴᠠ ᠪᠠᠷ ᠲᠣᠬᠢᠷᠠᠭᠤᠯᠵᠤ᠂ ︽ᠮᠢᠨᠤ ᠬᠢᠭᠰᠡᠨ ᠬᠤᠷᠠᠯ ᠢ ᠪᠢ ᠥᠪᠡᠷ ᠢᠶᠠᠨ ᠲᠤᠤᠱᠯᠠᠭᠤᠯᠵᠤ᠂ ᠮᠢᠨᠤ ᠬᠢᠭᠰᠡᠨ ᠴᠣᠬᠤᠯᠠᠪᠤᠷᠢ ᠶᠢ ᠪᠢ ᠥᠪᠡᠷ ᠢᠶᠠᠨ ᠨᠠᠶᠢᠳᠠᠪᠤᠷᠢᠵᠢᠭᠤᠯᠵᠤ᠂ ᠮᠢᠨᠤ ᠲᠣᠭᠲᠠᠭᠠᠭᠰᠠᠨ ᠲᠦᠷᠦ ᠶᠢᠨ ᠪᠣᠳᠣᠯᠭ᠎ᠠ ᠶᠢ ᠪᠢ ᠥᠪᠡᠷ ᠢᠶᠠᠨ ᠬᠡᠷᠡᠭᠵᠢᠭᠦᠯᠦᠨ᠎ᠡ︾ ᠭᠡᠳᠡᠭ ᠢ ᠪᠡᠶᠡᠯᠡᠭᠦᠯᠵᠤ᠂ ᠨᠢᠭᠡ ᠵᠦᠢᠯ ᠢ ᠬᠢᠪᠡᠯ ᠨᠢᠭᠡ ᠵᠦᠢᠯ ᠢ ᠪᠦᠲᠦᠭᠡᠨ᠎ᠡ᠃ ᠶᠡᠭᠡ ᠲᠠᠯ᠎ᠠ ᠳᠤ ᠬᠤᠯᠪᠣᠭᠳᠠᠬᠤ ᠠᠰᠠᠭᠤᠳᠠᠯ ᠳᠤ᠂ ᠲᠤᠰᠬᠠᠢ ᠬᠥᠮᠥᠨ ᠲᠤᠰᠬᠠᠢ ᠡᠭᠡᠯᠵᠢ ᠳᠠᠭᠠᠷᠠᠭᠤᠯᠵᠤ᠂ ᠲᠤᠰᠬᠠᠢ ᠵᠦᠢᠯ ᠳᠤ ᠲᠤᠰᠬᠠᠢ ᠬᠠᠷᠢᠭᠤᠴᠠᠯᠭ᠎ᠠ ᠡᠭᠦᠷᠭᠡᠯᠡᠵᠦ᠂  ᠵᠢᠷᠤᠭ ᠳᠦᠰᠦᠯ ᠢᠶᠠᠷ ᠠᠵᠢᠯᠯᠠᠨ᠂ ᠨᠠᠷᠢᠨ ᠳᠠᠩᠰᠠ ᠶᠢ ᠬᠠᠮᠢᠶᠠᠷᠴᠤ᠂ ᠰᠠᠷ᠎ᠠ ᠪᠦᠷᠢ ᠨᠢᠭᠡ ᠬᠤᠪᠢᠷᠠᠯᠲᠠ ᠲᠠᠢ᠂ ᠤᠯᠠᠷᠢᠯ ᠪᠦᠷᠢ ᠨᠢᠭᠡ ᠤᠯᠠᠷᠢᠯ ᠤᠨ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠵᠤ ᠂ ᠵᠢᠯ ᠪᠦᠷᠢ ᠨᠢᠭᠡ ᠪᠦᠯᠦᠭ ᠶᠡᠭᠡ ᠬᠡᠷᠡᠭ ᠶᠠᠪᠤᠳᠠᠯ ᠢ ᠪᠦᠲᠦᠭᠡᠵᠦ ᠳᠡᠶᠢᠯᠬᠦ  ᠪᠠᠷ ᠴᠢᠷᠮᠠᠶᠢᠨ᠎ᠡ᠃ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠤᠨ ᠳᠤᠬᠠᠢ ᠰᠢᠨ᠎ᠡ ᠨᠣᠶᠠᠨ ᠡᠷᠬᠡᠪᠰᠢ ᠬᠠᠭᠤᠴᠢᠨ ᠲᠡᠩᠰᠠ ᠪᠠᠨ ᠲᠢᠭᠯᠡᠵᠤ᠂ ᠬᠡᠳᠦᠢ ᠬᠦᠴᠢᠷ ᠪᠡᠷᠬᠡᠰᠢᠶᠡᠯ ᠲᠠᠢ ᠪᠠᠶᠢᠭᠰᠠᠨ ᠴᠤ ᠰᠢᠢᠳᠪᠤᠷᠢᠯᠡᠬᠦ ᠪᠠᠷ ᠴᠢᠷᠮᠠᠶᠢᠵᠤ᠂ ᠬᠥᠭᠵᠢᠭᠦᠯᠬᠦ ᠶᠢᠨ ᠳᠤᠮᠳᠠ ᠠᠰᠠᠭᠤᠳᠠᠯ ᠢ ᠰᠢᠢᠳᠪᠦᠷᠢᠯᠡᠵᠦ᠂ ᠠᠰᠠᠭᠤᠳᠠᠯ ᠢ ᠰᠢᠢᠳᠪᠦᠷᠢᠯᠡᠬᠦ ᠶᠢᠨ ᠳᠤᠮᠳᠠ ᠬᠥᠭᠵᠢᠯᠲᠡ ᠶᠢ  ᠳᠦᠯᠬᠢᠨ ᠠᠬᠢᠭᠤᠯᠤᠨ᠎ᠡ᠃      ᠪᠢᠳᠡ ᠬᠠᠤᠯᠢ ᠪᠠᠷ ᠵᠠᠰᠠᠬᠤ ᠶᠢ ᠡᠷᠬᠢᠮᠯᠡᠵᠦ ᠢᠲᠡᠭᠡᠮᠵᠢ ᠲᠠᠢ ᠪᠠᠶᠢᠬᠤ ᠳᠦᠷᠢ ᠲᠥᠷᠬᠦ ᠶᠢ ᠪᠤᠢ ᠪᠣᠯᠭᠠᠨ᠎ᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠶᠢᠨ ᠪᠠᠶᠢᠴᠠᠭᠠᠯᠲᠠ ᠶᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠬᠠᠤᠯᠢ ᠴᠠᠭᠠᠵᠠ ᠶᠢᠨ ᠭᠠᠵᠠᠷ 1᠂ ᠠᠷᠠᠳᠴᠢᠯᠠᠯ ᠢᠶᠠᠷ ᠬᠠᠤᠯᠢ ᠪᠠᠷ ᠵᠠᠰᠠᠬᠤ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ 2 ᠢ ᠡᠭᠦᠳᠦᠨ ᠪᠠᠶᠢᠭᠤᠯᠵᠤ᠂ ᠪᠥᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠡᠭᠦᠳᠤᠨ᠎ᠡ᠃ ᠳᠦᠷᠢᠮ ᠢᠶᠠᠷ ᠡᠷᠬᠡ ᠶᠢ ᠬᠠᠮᠢᠶᠠᠷᠬᠤ᠂ ᠬᠡᠷᠡᠭ ᠶᠠᠪᠤᠳᠠᠯ ᠢ ᠬᠠᠮᠢᠶᠠᠷᠬᠤ᠂ ᠬᠥᠮᠥᠨ ᠢ ᠬᠠᠮᠢᠶᠠᠷᠬᠤ ᠶᠢ ᠪᠠᠷᠢᠮᠲᠠᠯᠠᠵᠤ᠂ ᠭᠡᠷ᠎ᠡ ᠶᠢ ᠬᠡᠷᠡᠭᠵᠢᠭᠦᠯᠬᠦ ᠲᠦᠭᠰᠢᠭᠦᠷᠢ ᠶᠢ ᠪᠠᠶᠢᠴᠠᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠬᠡᠯᠡᠪᠡᠯ ᠢᠲᠡᠭᠡᠮᠵᠢᠲᠡᠢ᠂ ᠬᠢᠪᠡᠯ ᠦᠷ᠎ᠡ ᠳ᠋ᠦᠩ ᠲᠠᠢ ᠪᠣᠯᠭᠠᠬᠤ ᠶᠢ ᠪᠡᠶᠡᠯᠡᠭᠦᠯᠤᠨ᠎ᠡ᠃ ᠴᠢᠬᠤᠯᠠ ᠶᠡᠭᠡ ᠤᠴᠢᠷ ᠶᠠᠪᠤᠳᠠᠯ ᠢ  ᠬᠤᠰᠢᠭᠤ ᠨᠠᠮ ᠤᠨ ᠬᠤᠷᠢᠶ᠎ᠠ  ᠠᠴᠠ ᠵᠢᠭᠠᠪᠤᠷᠢ ᠠᠪᠴᠤ ᠮᠡᠳᠡᠭᠦᠯᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠰᠢᠢᠳᠪᠦᠷᠢ ᠲᠣᠭᠲᠠᠭᠠᠯ ᠢ ᠨᠠᠷᠢᠨ ᠬᠢᠨᠠᠮᠠᠭᠠᠢ ᠬᠡᠷᠡᠭᠵᠢᠭᠦᠯᠦᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠡᠯ᠎ᠡ ᠡᠲᠡᠭᠡᠳ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠳᠤᠷᠠᠳᠤᠭᠰᠠᠨ ᠰᠠᠨᠠᠯ ᠵᠥᠪᠯᠡᠯᠭᠡ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠭᠰᠠᠨ ᠰᠠᠨᠠᠯ ᠵᠥᠪᠯᠡᠯᠭᠡ ᠶᠢ ᠰᠠᠶᠢᠲᠤᠷ ᠰᠢᠢᠳᠪᠦᠷᠢᠯᠡᠵᠦ ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠤᠯᠠᠨ ᠠᠷᠭ᠎ᠠ ᠵᠠᠮ ᠢᠶᠠᠷ ᠴᠤᠭᠯᠠᠭᠤᠯᠵᠤ᠂ ᠠᠷᠠᠳ ᠲᠦᠮᠡᠨ ᠤ ᠬᠦᠰᠡᠯ ᠱᠠᠭᠠᠷᠳᠠᠯᠭ᠎ᠠ ᠳᠤ ᠵᠠᠰᠠᠭ ᠤᠨ ᠤᠷᠳᠤᠨ ᠬᠠᠷᠢᠭᠤ ᠥᠭᠬᠦ ᠶᠢ ᠪᠡᠶᠡᠯᠡᠭᠦᠯᠦᠨ᠎ᠡ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠶᠢ ᠯᠠᠪᠳᠠᠭᠤᠨ ᠪᠠᠲᠤᠲᠠᠢ ᠥᠷᠨᠢᠭᠦᠯᠵᠦ᠂ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠨ᠎ᠡ᠃     ᠪᠢᠳᠡ ᠠᠷᠢᠭᠤᠨ ᠴᠢᠬᠡᠴᠢ ᠶᠣᠰᠣ ᠳᠦᠷᠢᠮ ᠲᠠᠢ ᠪᠠᠶᠢᠬᠤ ᠳᠦᠷᠢ ᠲᠥᠷᠬᠦ ᠶᠢ ᠪᠤᠢ ᠪᠣᠯᠭᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠬᠢᠨᠠᠮᠠᠭᠠᠢ ᠭᠦᠢᠴᠡᠳᠬᠡᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠢᠵᠠᠭᠠᠷ ᠱᠤᠭᠤᠮ ᠢ ᠰᠠᠶᠢᠲᠤᠷ ᠰᠠᠬᠢᠵᠤ᠂ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠤᠨ᠎ᠠ᠃ ᠠᠷᠪᠢᠯᠠᠨ ᠭᠠᠮᠨᠠᠵᠤ ᠠᠮᠢᠳᠤᠷᠠᠬᠤ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠲᠥᠰᠥᠪ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠪᠠᠭᠠᠰᠬᠠᠨ᠂ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠭᠤᠣᠯᠳᠠᠯᠭ᠎ᠠ ᠲᠠᠢ ᠵᠠᠷᠤᠯᠭ᠎ᠠ ᠶᠢ ᠪᠠᠲᠤᠯᠠᠵᠤ᠂ ᠵᠣᠭᠤᠰ ᠨᠢᠭᠡᠪᠦᠷᠢ ᠶᠢ ᠴᠥᠮ ᠵᠠᠩᠭᠢᠯᠠᠭ᠎ᠠ ᠶᠢᠨ ᠭᠠᠵᠠᠷ ᠲᠤᠨᠢ ᠬᠡᠷᠡᠭᠯᠡᠨ᠎ᠡ᠃ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠤᠨ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠲᠦᠪ ᠴᠢᠩᠭ᠎ᠠ ᠪᠠᠶᠢᠬᠤ ᠶᠢ ᠵᠠᠰᠠᠭ ᠤᠨ ᠣᠷᠳᠣᠨ ᠤ ᠰᠢᠰᠲ᠋ᠧᠮ ᠳᠤ ᠲᠤᠤᠱᠯᠠᠭᠤᠯᠵᠤ ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠣᠰᠬᠠᠬᠤ ᠤᠯᠤᠰ ᠲᠦᠷᠦ ᠶᠢᠨ ᠠᠮᠢ ᠠᠬᠤᠢ ᠶᠢ ᠴᠢᠷᠮᠠᠶᠢᠨ ᠪᠤᠢ ᠪᠤᠯᠭᠠᠨ᠎ᠠ᠃     ᠲᠥᠯᠥᠭᠡᠯᠡᠭᠴᠢᠳ ᠠ᠋︕ ᠴᠠᠭ ᠦᠶ᠎ᠡ ᠪᠢᠳᠡᠨ ᠢ ᠤᠷᠢᠶᠠᠯᠠᠨ ᠳᠠᠭᠤᠳᠠᠵᠤ ᠪᠠᠶᠢᠨ᠎ᠠ᠂ ᠠᠷᠠᠳ ᠲᠦᠮᠡᠨ ᠪᠢᠳᠡᠨ ᠢ ᠬᠦᠰᠡᠨ ᠬᠦᠯᠢᠶᠡᠵᠦ ᠪᠠᠶᠢᠨ᠎ᠠ᠂ ᠭᠠᠭᠴᠠ ᠬᠦ ᠰᠢᠨᠲᠠᠷᠠᠰᠢ ᠦᠭᠡᠢ ᠵᠢᠳᠬᠦᠪᠡᠯ ᠰᠠᠶ᠋ᠢ ᠴᠠᠭ ᠦᠶ᠎ᠡ ᠶᠢ ᠬᠥᠰᠡᠷᠳᠡᠭᠦᠯᠬᠦ ᠦᠭᠡᠢ᠂ ᠠᠷᠠᠳ ᠲᠦᠮᠡᠨ ᠢ ᠬᠥᠰᠡᠷᠳᠡᠭᠦᠯᠬᠦ ᠦᠭᠡᠢ ᠪᠠᠶᠢᠵᠤ ᠴᠢᠳᠠᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠪᠡᠷᠬᠡ ᠶᠢ ᠰᠥᠷᠦᠨ ᠤᠷᠤᠭᠰᠢᠯᠠᠵᠤ᠂ ᠵᠣᠷᠢᠭᠲᠠᠢ ᠪᠠᠷ ᠤᠷᠤᠭᠰᠢᠯᠠᠨ ᠳᠠᠪᠰᠢᠵᠤ᠂ ᠴᠢᠳᠠᠮᠠᠭᠠᠢ ᠪᠠᠷ ᠠᠵᠢᠯᠯᠠᠵᠤ ᠴᠢᠳᠠᠮᠠᠭᠠᠢ ᠪᠠᠷ ᠪᠦᠲᠦᠭᠡᠵᠦ᠂ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠭᠰᠠᠨ ᠳᠠᠷᠬᠠᠨ ᠮᠤᠤᠮᠢᠩᠭᠠᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ︕       ᠨᠡᠷ᠎ᠡ ᠦᠭᠡ᠂ ᠨᠡᠷ᠎ᠡ ᠲᠣᠮᠢᠶ᠎ᠠ᠂ ᠲᠣᠪᠴᠢᠯᠠᠭᠰᠠᠨ ᠦᠭᠡ ᠶᠢᠨ ᠲᠤᠬᠠᠢ ᠲᠠᠶᠢᠯᠪᠤᠷᠢᠯᠠᠯᠲᠠ1.  ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾᠄ 2009 ᠣᠨ ᠤ 8 ᠰᠠᠷ᠎ᠠ ᠶᠢᠨ 23 ᠤ ᠡᠳᠦᠷ᠂ ᠲᠤᠬᠠᠢ ᠶᠢᠨ ᠦᠶ᠎ᠡ ᠳᠤ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠬᠤᠷᠢᠶᠠᠨ ᠤ ᠱᠦᠵᠢ ᠨᠠᠷ ᠤᠨ ᠭᠠᠵᠠᠷ ᠤᠨ ᠱᠦᠵᠢ᠂ ᠤᠯᠤᠰ ᠤᠨ ᠳᠡᠳ᠋ ᠲᠡᠷᠢᠭᠦᠯᠡᠭᠴᠢ ᠪᠠᠶᠢᠭᠰᠠᠨ ᠰᠢ ᠶᠢᠨ ᠫᠢᠩ ᠪᠡᠶ᠎ᠡ ᠪᠠᠷ ᠢᠶᠠᠨ ᠪᠤᠭᠤᠲᠤ ᠳᠤ ᠬᠦᠷᠴᠦ ᠠᠵᠢᠯ ᠪᠠᠶᠢᠴᠠᠭᠠᠬᠤ ᠳᠠᠭᠠᠨ᠂ ᠪᠢᠳᠡᠨ ᠢ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠬᠤᠷᠳᠤᠴᠠ ᠬᠢᠭᠡᠳ ᠪᠦᠲᠦᠴᠡ ᠶᠠᠰᠤ ᠴᠢᠨᠠᠷ ᠦᠷ᠎ᠡ ᠠᠰᠢᠭ ᠤᠨ ᠨᠢᠭᠡᠳᠦᠯ ᠢ ᠴᠢᠷᠮᠠᠶᠢᠨ ᠪᠡᠶᠡᠯᠡᠭᠦᠯᠵᠦ᠂ ᠠᠵᠤ ᠠᠬᠤᠢ ᠶᠢᠨ ᠬᠥᠭᠵᠢᠯᠲᠡ ᠬᠢᠭᠡᠳ ᠨᠡᠶᠢᠭᠡᠮ ᠤᠨ ᠬᠥᠭᠵᠢᠯᠲᠡ ᠶᠢᠨ ᠵᠣᠬᠢᠴᠠᠯ ᠢ ᠴᠢᠷᠮᠠᠶᠢᠨ ᠪᠡᠶᠡᠯᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠬᠢᠭᠡᠳ ᠠᠮᠢ ᠠᠬᠤᠢ ᠶᠢᠨ ᠣᠷᠴᠢᠨ ᠨᠥᠬᠦᠴᠡᠯ ᠤᠨ ᠡᠶ᠎ᠡ ᠵᠣᠬᠢᠴᠠᠯ ᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃2. ︽ᠲᠠᠪᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ︾ ᠠᠵᠢᠯᠯᠠᠭ᠎ᠠ᠄ ᠲᠤᠬᠠᠶᠢᠯᠠᠪᠠᠯ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ᠂ ᠰᠤᠯᠠ ᠪᠠᠶᠢᠬᠤ ᠭᠠᠵᠠᠷ ᠰᠢᠷᠣᠢ᠂ ᠳᠠᠷᠤᠭᠳᠠᠮᠠᠯ ᠪᠡᠯᠡ ᠮᠥᠩᠭᠦ᠂ ︽ᠬᠠᠭᠠᠰ ᠳᠤᠲᠠᠭᠤ︾ ᠢᠨᠵᠧᠨᠧᠷᠢᠩ᠂ ᠨᠡᠭᠡᠭᠡᠯᠲᠡ ᠶᠢᠨ ᠣᠷᠣᠨ ᠤ ᠪᠦᠲᠦᠭᠡᠨ ᠪᠠᠶᠢᠭᠤᠯᠤᠯᠲᠠ ᠵᠡᠷᠭᠡ ᠲᠠᠪᠤᠨ ᠲᠠᠯ᠎ᠠ ᠶᠢᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ ᠲᠤᠰᠬᠠᠢ ᠵᠦᠢᠯ ᠤᠨ ᠠᠵᠢᠯᠯᠠᠭ᠎ᠠ ᠶᠢ ᠭᠦᠨᠵᠡᠭᠡᠢ ᠦᠷᠨᠢᠭᠦᠯᠬᠦ ᠶᠢ ᠵᠢᠭᠠᠵᠤ ᠪᠤᠢ᠃3. ︽ᠭᠤᠷᠪᠠᠨ ᠣᠷᠣᠨ ᠭᠤᠷᠪᠠᠨ ᠱᠤᠭᠤᠮ︾᠄ ᠬᠤᠲᠠ ᠪᠠᠯᠭᠠᠰᠤ ᠶᠢᠨ ᠣᠷᠣᠨ ᠵᠠᠢ᠂ ᠲᠠᠷᠢᠶᠠᠯᠠᠩ ᠤᠨ ᠣᠷᠣᠨ ᠵᠠᠢ᠂ ᠠᠮᠢ ᠠᠬᠤᠢ ᠶᠢᠨ ᠣᠷᠣᠨ ᠵᠠᠢ ᠵᠡᠷᠭᠡ ᠭᠤᠷᠪᠠᠨ ᠵᠦᠢᠯ ᠤᠨ ᠲᠥᠷᠥᠯ ᠬᠡᠯᠪᠡᠷᠢ ᠶᠢᠨ ᠣᠷᠣᠨ ᠵᠠᠢ ᠶᠢ ᠦᠨᠳᠦᠰᠦᠯᠡᠨ᠂ ᠲᠣᠰ ᠲᠣᠰ ᠬᠤᠪᠢᠶᠠᠷᠢᠯᠠᠨ ᠲᠣᠭᠲᠠᠭᠠᠭᠰᠠᠨ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠵᠡᠷᠭᠡ ᠭᠤᠷᠪᠠᠨ ᠵᠤᠷᠪᠤᠰ ᠡᠵᠡᠮᠳᠡᠬᠦ ᠱᠤᠭᠤᠮ ᠲᠠᠢ ᠵᠣᠬᠢᠴᠠᠭᠤᠯᠤᠨ᠎ᠠ᠃4. ᠵᠠᠬᠢᠳᠠᠯ ᠰᠣᠷᠪᠤᠯᠵᠢᠯᠠᠭ᠎ᠠ ᠶᠢᠨ ︽ᠭᠤᠷᠪᠠᠨ ᠨᠤᠷᠮ᠎ᠠ︾᠄ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠭᠥᠯᠢᠶᠡᠨ ᠠᠪᠴᠤ ᠰᠢᠢᠳᠪᠦᠷᠢᠯᠡᠭᠰᠡᠨ ᠨᠤᠷᠮ᠎ᠠ᠂ ᠬᠤᠭᠤᠴᠠᠭ᠎ᠠ ᠶᠣᠰᠣᠭᠠᠷ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ᠂ ᠵᠠᠭᠠᠯᠳᠤᠯᠭ᠎ᠠ ᠶᠢ ᠵᠣᠭᠰᠣᠭᠠᠵᠤ ᠰᠤᠷᠪᠤᠯᠵᠢᠯᠠᠬᠤ ᠶᠢ ᠵᠣᠭᠰᠣᠭᠠᠭᠰᠠᠨ ᠨᠤᠷᠮ᠎ᠠ᠃5. ︽ᠬᠤᠶᠠᠷ ᠰᠢᠨ᠎ᠡ︾᠄ ᠲᠤᠬᠠᠶᠢᠯᠠᠪᠠᠯ ᠰᠢᠨ᠎ᠡ ᠪᠠᠷ ᠠᠵᠢᠯ ᠡᠬᠢᠯᠡᠭᠦᠯᠦᠭᠰᠡᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ  ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠪᠣᠳᠠᠲᠠᠢ ᠠᠳᠬᠤᠭᠰᠠᠨ ᠡᠰᠡᠬᠦ ᠶᠢ  ᠬᠢᠨᠠᠨ ᠰᠢᠯᠭᠠᠬᠤ᠂ ᠰᠢᠨ᠎ᠡ ᠪᠠᠷ ᠨᠡᠮᠡᠭᠳᠡᠭᠰᠡᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢᠶᠠᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠣᠳᠠᠲᠠᠢ ᠠᠳᠬᠤᠭᠰᠠᠨ ᠡᠰᠡᠬᠦ ᠶᠢ ᠬᠢᠨᠠᠨ ᠰᠢᠯᠭᠠᠬᠤ᠃6. ︽ᠭᠤᠷᠪᠠ ᠶᠢ ᠲᠡᠮᠡᠴᠡᠨ ᠣᠯᠬᠤ︾᠄ ᠲᠤᠬᠠᠶᠢᠯᠠᠪᠠᠯ ᠳᠡᠭᠡᠳᠦ ᠱᠠᠲᠤᠨ ᠤ ᠪᠡᠯᠡ ᠮᠥᠩᠭᠦ ᠶᠢ ᠲᠡᠮᠡᠴᠡᠨ ᠣᠯᠬᠤ᠂ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠲᠡᠮᠡᠴᠡᠨ ᠣᠯᠬᠤ᠂ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠶᠢ ᠲᠡᠮᠡᠴᠡᠨ ᠤᠯᠬᠤ᠃7. ︽ᠳᠦᠷᠪᠡᠨ ᠳᠡᠭᠡᠭᠰᠢᠬᠢ︾ ᠠᠵᠤ ᠠᠬᠤᠶᠢᠯᠠᠯ᠄ ᠲᠤᠬᠠᠶᠢᠯᠠᠪᠠᠯ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠬᠢᠷᠢ ᠴᠢᠳᠠᠮᠵᠢ ᠶᠢᠨ ᠲᠠᠰ ᠤᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠣᠷᠣᠨ ᠰᠠᠭᠤᠴᠠ ᠢᠳᠡᠭᠡᠨ ᠤ ᠠᠵᠤ ᠠᠬᠤᠶᠢᠯᠠᠯ᠂ ᠤᠯᠤᠰ ᠤᠨ ᠭᠤᠣᠯᠳᠠᠯᠭ᠎ᠠ ᠲᠠᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠵᠡᠷᠭᠡ ᠳᠥᠷᠪᠡᠨ ᠲᠥᠷᠥᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠪᠣᠯᠣᠨ᠎ᠠ᠃8. ︽ᠲᠠᠪᠤᠨ ᠶᠡᠭᠡ ᠡᠭᠦᠷᠭᠡ︾᠄ ᠲᠤᠬᠠᠶᠢᠯᠠᠪᠠᠯ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠤᠨ᠎ᠠ᠃9. ︽ᠭᠤᠷᠪᠠᠨ ᠶᠡᠭᠡ ᠪᠠᠶᠢᠯᠳᠤᠬᠤ ᠪᠣᠳᠣᠯᠭ᠎ᠠ︾᠂ ︽ᠭᠤᠷᠪᠠᠨ ᠶᠡᠭᠡ ᠳᠠᠪᠠᠭᠤᠯᠢᠭ︾᠂ ︽ᠭᠤᠷᠪᠠᠨ ᠶᠡᠭᠡ ᠠᠴᠢᠶᠠᠯᠠᠪᠤᠷᠢ︾᠂ ︽ᠭᠤᠷᠪᠠᠨ ᠦᠢᠯᠡᠰ ᠤᠨ ᠨᠡᠶᠢᠯᠡᠯ︾᠂ ︽ᠭᠤᠷᠪᠠ ᠶᠢ ᠳᠡᠭᠡᠭᠰᠢᠯᠡᠭᠦᠯᠬᠦ︾᠂ ︽ᠭᠤᠷᠪᠠᠨ ᠶᠡᠭᠡ ᠬᠠᠷᠢᠭᠤᠴᠠᠯᠭ᠎ᠠ︾᠄ ᠠᠮᠢ ᠠᠬᠤᠢ ᠪᠠᠷ ᠬᠤᠰᠢᠭᠤ ᠪᠠᠨ ᠮᠠᠨᠳᠤᠭᠤᠯᠬᠤ᠂ ᠠᠵᠤ ᠦᠢᠯᠡᠳᠪᠦᠷᠢ ᠪᠠᠷ ᠬᠤᠰᠢᠭᠤ ᠪᠠᠨ ᠬᠦᠴᠦᠷᠬᠡᠭᠵᠢᠭᠦᠯᠬᠦ᠂ ᠨᠡᠭᠡᠭᠡᠯᠲᠡ ᠪᠠᠷ ᠬᠤᠰᠢᠭᠤ ᠪᠠᠨ ᠬᠥᠭᠵᠢᠭᠦᠯᠬᠦ ︽ᠭᠤᠷᠪᠠᠨ ᠶᠡᠭᠡ ᠪᠠᠶᠢᠯᠳᠤᠬᠤ ᠪᠣᠳᠣᠯᠭ᠎ᠠ︾ ᠶᠢ ᠬᠡᠷᠡᠭᠵᠢᠭᠦᠯᠵᠦ᠂ ᠡᠬᠢ ᠪᠠᠶᠠᠯᠢᠭ᠂ ᠣᠷᠣᠨ ᠪᠠᠶᠢᠷᠢ᠂ ᠣᠷᠣᠨ ᠵᠠᠢ ᠶᠢᠨ ︽ᠭᠤᠷᠪᠠᠨ ᠶᠡᠭᠡ ᠳᠠᠪᠠᠭᠤᠯᠢᠭ︾ ᠢ ᠲᠣᠪᠤᠶᠢᠯᠭᠠᠨ᠂ ᠡᠨᠧᠷᠭᠢ᠂ ᠪᠣᠭᠤᠮᠲᠠ᠂ ᠲᠣᠭᠤᠷᠢᠭ ᠤᠨ ︽ᠭᠤᠷᠪᠠᠨ ᠶᠡᠭᠡ ᠠᠴᠢᠶᠠᠯᠠᠪᠤᠷᠢ︾ ᠶᠢ ᠪᠣᠶ ᠪᠣᠯᠭᠠᠵᠤ᠂ ᠲᠠᠷᠢᠶᠠᠯᠠᠩ ᠮᠠᠯ ᠠᠵᠤ ᠠᠬᠤᠢ᠂ ᠰᠣᠶᠣᠯ ᠵᠢᠭᠤᠯᠴᠢᠯᠠᠯ᠂ ᠠᠮᠢ ᠠᠬᠤᠢ ᠶᠢᠨ ︽ᠭᠤᠷᠪᠠᠨ ᠦᠢᠯᠡᠰ ᠤᠨ ᠨᠡᠶᠢᠯᠡᠯ︾ ᠢ ᠲᠦᠷᠭᠡᠳᠬᠡᠨ᠂ ᠠᠷᠠᠳ ᠤᠨ ᠠᠮᠢᠳᠤᠷᠠᠯ᠂ ᠨᠡᠶᠢᠭᠡᠮ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ︽ᠭᠤᠷᠪᠠ ᠶᠢ ᠳᠡᠭᠡᠭᠰᠢᠯᠡᠭᠦᠯᠬᠦ︾ ᠳᠤ ᠬᠦᠴᠦ ᠪᠠᠨ ᠲᠥᠪᠯᠡᠷᠡᠭᠦᠯᠵᠦ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠢ ᠲᠣᠭᠲᠠᠪᠤᠷᠢᠵᠢᠭᠤᠯᠬᠤ ︽ᠭᠤᠷᠪᠠᠨ ᠶᠡᠭᠡ ᠬᠠᠷᠢᠭᠤᠴᠠᠯᠭ᠎ᠠ︾ ᠶᠢ ᠡᠭᠦᠷᠭᠡᠯᠡᠨ᠎ᠡ᠃10. ︽ᠭᠤᠷᠪᠠᠨ ᠰᠠᠭᠤᠷᠢᠨ ᠭᠠᠵᠠᠷ᠂ ᠵᠢᠷᠭᠤᠭᠠᠨ ᠭᠤᠣᠯᠳᠠᠯᠭ᠎ᠠ︾᠄ ᠳᠠᠷᠤᠢ ᠵᠢᠯᠣᠭᠤᠴᠢ ᠦᠭᠡᠢ ᠨᠢᠰᠬᠡᠯ ᠤᠨ ᠪᠠᠶᠢᠯᠳᠤᠭᠠᠨ ᠤ ᠲᠤᠷᠰᠢᠯᠲᠠ ᠶᠢᠨ ᠪᠣᠯᠪᠠᠰᠤᠷᠠᠯ ᠤᠨ ᠰᠠᠭᠤᠷᠢᠨ ᠭᠠᠵᠠᠷ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠲᠣᠪᠴᠢᠶ᠎ᠠ ᠶᠢᠨ ᠵᠢᠯᠣᠭᠤᠴᠢ ᠦᠭᠡᠢ ᠰᠢᠰᠲ᠋ᠧᠮ ᠤᠨ ᠤᠯᠤᠰ ᠤᠨ ᠲᠤᠷᠰᠢᠯᠲᠠ ᠶᠢᠨ ᠰᠠᠭᠤᠷᠢᠨ ᠭᠠᠵᠠᠷ᠂ ᠰᠠᠨᠰᠠᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠵᠡᠪᠰᠡᠭ ᠲᠣᠨᠣᠭᠯᠠᠯ ᠤᠨ ᠲᠤᠷᠰᠢᠯᠲᠠ ᠶᠢᠨ ᠰᠠᠭᠤᠷᠢᠨ ᠭᠠᠵᠠᠷ ᠪᠠ ᠣᠯᠠᠨ ᠤᠯᠤᠰ ᠤᠨ ᠪᠣᠯᠪᠠᠰᠤᠷᠠᠯ ᠤᠨ ᠲᠥᠪ᠂ ᠵᠢᠯᠣᠭᠤᠴᠢ ᠦᠭᠡᠢ ᠨᠢᠰᠬᠡᠯ ᠤᠨ ᠲᠣᠨᠣᠭᠯᠠᠯ ᠤᠨ ᠪᠣᠯᠪᠠᠰᠤᠷᠠᠯ ᠤᠨ ᠲᠥᠪ᠂ ᠵᠢᠯᠣᠭᠤᠴᠢ ᠦᠭᠡᠢ ᠣᠶᠤᠨᠲᠤ ᠰᠢᠰᠲ᠋ᠧᠮ ᠤᠨ ᠬᠢᠨᠠᠨ ᠲᠣᠭᠲᠠᠭᠠᠬᠤ ᠲᠤᠷᠰᠢᠯᠲᠠ ᠶᠢᠨ ᠲᠥᠪ᠂ ᠵᠢᠯᠣᠭᠤᠴᠢ ᠦᠭᠡᠢ ᠣᠶᠤᠨᠲᠤ ᠰᠢᠰᠲ᠋ᠧᠮ ᠤᠨ ᠪᠠᠶᠢᠯᠳᠤᠭᠠᠨ ᠤ ᠰᠤᠷᠢᠯᠲᠠ ᠶᠢᠨ ᠲᠥᠪ᠂ ᠵᠢᠯᠣᠭᠤᠴᠢ ᠦᠭᠡᠢ ᠣᠶᠤᠨᠲᠤ ᠰᠢᠰᠲ᠋ᠧᠮ ᠤᠨ ᠬᠠᠮᠵᠢᠯᠴᠠᠨ ᠰᠢᠨ᠎ᠡ ᠶᠢ ᠡᠭᠦᠳᠬᠦ ᠲᠥᠪ᠂ ᠣᠶᠤᠨᠲᠤ ᠲᠡᠭᠡᠭᠡᠪᠦᠷᠢᠯᠡᠨ ᠪᠡᠯᠡ ᠤᠷᠤᠭᠤᠯᠬᠤ ᠪᠥᠬᠦ ᠰᠦᠯᠵᠢᠶᠡᠨ ᠤ ᠡᠵᠡᠩᠨᠡᠨ ᠬᠠᠮᠢᠶᠠᠷᠤᠯᠲᠠ ᠶᠢᠨ ᠲᠥᠪ᠃11᠂ ᠨᠤᠲᠤᠭ ᠪᠡᠯᠴᠢᠭᠡᠷ ᠤᠨ ︽ᠭᠤᠷᠪᠠᠨ ᠣᠷᠣᠨ ᠤ ᠬᠠᠮᠢᠶᠠᠷᠤᠨ ᠡᠵᠡᠮᠳᠡᠬᠦ︾᠄ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠳᠣᠲᠣᠷᠠᠬᠢ ᠨᠤᠲᠤᠭ ᠪᠡᠯᠴᠢᠭᠡᠷ ᠤᠨ ᠣᠷᠣᠨ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠭᠠᠳᠠᠨᠠᠬᠢ ᠦᠨᠳᠦᠰᠦᠨ ᠨᠤᠲᠤᠭ ᠪᠡᠯᠴᠢᠭᠡᠷ ᠤᠨ ᠣᠷᠣᠨ᠂ ᠡᠩ ᠤᠨ ᠨᠤᠲᠤᠭ ᠪᠡᠯᠴᠢᠭᠡᠷ ᠤᠨ ᠣᠷᠣᠨ ᠢ ᠬᠠᠮᠢᠶᠠᠷᠤᠨ ᠡᠵᠡᠮᠳᠡᠬᠦ ᠶᠢ ᠵᠢᠭᠠᠵᠤ ᠪᠣᠶ᠃12. ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ ᠳᠤᠷ᠎ᠠ ᠲᠠᠪᠠ ᠶᠢᠨ ᠠᠵᠢᠯᠯᠠᠭ᠎ᠠ ᠶᠢ ᠠᠷᠢᠯᠭᠠᠬᠤ︾᠄ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ ᠵᠡᠷᠭᠡ ᠭᠤᠣᠯ ᠮᠥᠷᠡᠨ ᠨᠠᠭᠤᠷ ᠴᠥᠭᠦᠷᠥᠮ ᠤᠨ ᠲᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ ᠢᠯᠭᠠᠷᠠᠭᠤᠯᠵᠤ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ᠃13. ︽ᠮᠥᠩᠭᠡ ᠰᠤᠪᠠᠭ · ᠳᠦᠷᠪᠡᠨ ᠭᠦᠢᠴᠡᠳᠬᠡᠬᠦ︾᠄ ︽ᠮᠥᠩᠭᠡ ᠰᠤᠪᠠᠭ︾ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠯᠵᠢᠮᠡᠯ ᠬᠡᠷᠡᠭᠯᠡᠭᠴᠢ ᠳᠤ ᠰᠠᠭᠤᠷᠢᠯᠠᠭᠰᠠᠨ ᠨᠢᠭᠡ ᠰᠦᠯᠵᠢᠶ᠎ᠡ ᠪᠠᠷ ᠭᠦᠢᠴᠡᠳᠬᠡᠬᠦ᠂ ᠤᠳᠠᠰᠤᠨ ᠳᠡᠭᠡᠷ᠎ᠡ ᠭᠦᠢᠴᠡᠳᠬᠡᠬᠦ᠂ ᠨᠢᠭᠡ ᠯᠡ ᠤᠳᠠᠭ᠎ᠠ ᠳᠡᠭᠡᠷ᠎ᠡ ᠭᠦᠢᠴᠡᠳᠬᠡᠬᠦ᠂ ᠬᠠᠪᠰᠤᠷᠤᠨ ᠭᠦᠢᠴᠡᠳᠬᠡᠬᠦ ᠶᠢ ᠵᠢᠭᠠᠵᠤ ᠪᠤᠢ 14. ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ︽ᠲᠤᠯᠤᠭᠠᠨ ᠶᠡᠭᠡ ᠠᠵᠢᠯᠯᠠᠭ᠎ᠠ︾᠄ ᠲᠤᠬᠠᠶᠢᠯᠠᠪᠠᠯ ᠨᠠᠮ ᠤᠨ ᠪᠠᠶᠢᠭᠤᠯᠤᠯᠲᠠ ᠠᠴᠠ ᠵᠠᠮᠴᠢᠯᠠᠬᠤ ᠰᠤᠷᠭᠠᠨ ᠬᠥᠮᠦᠵᠢᠯ ᠤᠨ ᠠᠵᠢᠯᠯᠠᠭ᠎ᠠ᠂ ᠰᠤᠷᠭᠠᠨ ᠬᠥᠮᠦᠵᠢᠯ ᠤᠨ ᠦᠨᠳᠦᠰᠦ ᠶᠢ ᠪᠠᠬᠢᠵᠢᠭᠦᠯᠵᠦ ᠰᠠᠭᠤᠷᠢ ᠶᠢ ᠪᠠᠲᠤᠳᠬᠠᠨ ᠪᠠᠷᠢᠮᠵᠢᠶ᠎ᠠ ᠶᠢ ᠳᠡᠭᠡᠭᠰᠢᠯᠡᠭᠦᠯᠬᠦ ᠠᠵᠢᠯᠯᠠᠭ᠎ᠠ᠂ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠲᠠᠪᠤᠨ ᠬᠥᠮᠦᠵᠢᠯ ᠢ ᠵᠡᠷᠭᠡ ᠪᠠᠷ ᠴᠢᠬᠤᠯᠠᠴᠢᠯᠠᠬᠤ ᠠᠵᠢᠯᠯᠠᠭ᠎ᠠ᠂ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠠᠵᠢᠯᠯᠠᠭ᠎ᠠ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠴᠢᠳᠠᠪᠤᠷᠢ ᠣᠯᠭᠤᠬᠤ ᠠᠵᠢᠯᠯᠠᠭ᠎ᠠ᠂ ᠰᠤᠷᠭᠠᠨ ᠬᠥᠮᠦᠵᠢᠯ ᠤᠨ ᠠᠭᠤᠯᠤᠭᠳᠠᠬᠤᠨ ᠤ ᠰᠢᠯᠢᠳᠡᠭ ᠢ ᠳᠡᠭᠡᠭᠰᠢᠯᠡᠭᠦᠯᠬᠦ ᠠᠵᠢᠯᠯᠠᠭ᠎ᠠ᠂ ᠰᠤᠷᠭᠠᠨ ᠬᠥᠮᠦᠵᠢᠯ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠪᠣᠯᠣᠨ᠎ᠠ᠃15. ᠰᠢᠨ᠎ᠡ ᠴᠠᠭ ᠦᠶ᠎ᠡ ᠶᠢᠨ ᠠᠷᠠᠳ ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠲᠠ ᠶᠢᠨ ︽ᠠᠷᠪᠠᠨ ᠶᠡᠭᠡ ᠠᠵᠢᠯᠯᠠᠭ᠎ᠠ︾᠄ ᠳᠠᠷᠤᠢ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ᠂ ᠤᠯᠤᠰ ᠢᠶᠠᠨ ᠬᠠᠶᠢᠷᠠᠯᠠᠵᠤ ᠨᠤᠲᠤᠭ ᠢᠶᠠᠨ ᠬᠠᠶᠢᠷᠠᠯᠠᠬᠤ ᠠᠵᠢᠯᠯᠠᠭ᠎ᠠ᠂ ᠳᠦᠷᠢᠮ ᠲᠣᠭᠲᠠᠭᠠᠯ ᠢ ᠵᠢᠷᠤᠮᠯᠠᠨ ᠬᠠᠤᠯᠢ ᠶᠢ ᠰᠠᠬᠢᠬᠤ ᠠᠵᠢᠯᠯᠠᠭ᠎ᠠ᠂ ᠶᠣᠰᠣᠯᠠᠯ ᠵᠢᠷᠤᠮ ᠤᠨ ᠠᠵᠢᠯᠯᠠᠭ᠎ᠠ᠂ ᠠᠵᠢᠯ ᠤᠨ ᠪᠠᠶᠢᠷᠢ ᠪᠠᠨ ᠬᠠᠶᠢᠷᠠᠯᠠᠵᠤ ᠠᠵᠢᠯ ᠦᠢᠯᠡᠰ ᠢᠶᠠᠨ ᠳᠡᠭᠡᠳᠦᠯᠡᠬᠦ ᠠᠵᠢᠯᠯᠠᠭ᠎ᠠ᠂ ᠦᠨᠡᠨᠴᠢ ᠢᠲᠡᠭᠡᠮᠵᠢᠲᠡᠢ ᠨᠥᠬᠦᠷᠰᠡᠭ ᠠᠵᠢᠯᠯᠠᠭ᠎ᠠ᠂ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ ᠠᠵᠢᠯᠯᠠᠭ᠎ᠠ᠂ ᠡᠷᠡᠭᠦᠯ ᠰᠠᠷᠠᠭᠤᠯ ᠠᠮᠢᠳᠤᠷᠠᠯ ᠤᠨ ᠠᠵᠢᠯᠯᠠᠭ᠎ᠠ᠂ ᠠᠮᠢ ᠠᠬᠤᠢ ᠶᠢᠨ ᠪᠣᠯᠪᠠᠰᠤᠨ ᠤ ᠠᠵᠢᠯᠯᠠᠭ᠎ᠠ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠣᠯᠣᠨ᠎ᠠ᠃16. ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤ ᠶᠢ ᠮᠡᠳᠡᠷᠡᠬᠦ︾᠂ ︽ᠳᠥᠷᠪᠡ ᠶᠢ ᠬᠠᠮᠲᠤᠳᠬᠠᠬᠤ︾᠄ ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠬᠢᠲᠠᠳ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠨᠦᠭᠦᠳ ᠬᠤᠭᠤᠷᠣᠨᠳᠤ ᠪᠠᠨ ᠰᠠᠯᠵᠤ ᠴᠢᠳᠠᠬᠤ ᠦᠭᠡᠢ᠃ ᠠᠭᠤᠤ ᠶᠡᠭᠡ ᠡᠬᠡ ᠤᠯᠤᠰ ᠤᠨ ᠲᠤᠬᠠᠢ ᠮᠡᠳᠡᠷᠡᠬᠦ᠂ ᠳᠤᠮᠳᠠᠳᠤ ᠶᠢᠨ ᠦᠨᠳᠦᠰᠦᠲᠡᠨ ᠤ ᠲᠤᠬᠠᠢ ᠮᠡᠳᠡᠷᠡᠬᠦ᠂ ᠳᠤᠮᠳᠠᠳᠤ ᠶᠢᠨ ᠰᠣᠶᠣᠯ ᠤᠨ ᠲᠤᠬᠠᠢ ᠮᠡᠳᠡᠷᠡᠬᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠤᠬᠠᠢ ᠮᠡᠳᠡᠷᠡᠬᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠮᠡᠳᠡᠷᠡᠬᠦ ᠃ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠲᠥᠯᠥᠨ ᠵᠢᠯᠤᠭᠤᠳᠴᠤ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠳᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ᠃17. ︽ᠳᠤᠯᠤᠭ᠎ᠠ ᠶᠢ ᠲᠠᠶᠠᠭᠳᠠᠬᠤ︾᠄ ᠲᠤᠬᠠᠶᠢᠯᠠᠪᠠᠯ ︽ᠪᠢ ᠬᠥᠮᠥᠨ ᠢ ᠬᠦᠷᠬᠦ ᠦᠭᠡᠢ︾ ᠭᠡᠰᠡᠨ ᠪᠤᠳᠤᠯ᠂ ︽ᠬᠥᠭᠵᠢᠭᠦᠯᠬᠦ ᠳᠤ ᠳᠡᠩᠳᠡᠭᠦᠦ ᠶᠠᠭᠠᠷᠠᠬᠤ ᠬᠡᠷᠡᠭ ᠦᠭᠡᠢ︾ ᠭᠡᠰᠡᠨ ᠪᠤᠳᠤᠯ᠂ ︽ᠶᠠᠪᠤᠴᠠ ᠶᠢ ᠴᠢᠬᠤᠯᠠᠴᠢᠯᠠᠪᠡᠯ ᠦᠷ᠎ᠡ ᠳ᠋ᠦᠩ ᠢ ᠣᠯᠬᠤ ᠦᠭᠡᠢ︾ ᠭᠡᠰᠡᠨ ᠤᠬᠠᠮᠰᠠᠷ᠂ ︽ᠵᠣᠷ ᠢ ᠣᠯᠣᠭᠰᠠᠨ ᠦᠭᠡᠢ ᠪᠣᠯ ᠡᠮ ᠥᠭᠬᠦ ᠵᠣᠷᠢᠭ ᠦᠭᠡᠢ︾ ᠭᠡᠰᠡᠨ ᠪᠤᠳᠤᠯ᠂ ︽ᠨᠢᠳᠦᠨ ᠡᠮᠦᠨᠡᠬᠢ ᠪᠠᠨ ᠬᠠᠷᠠᠵᠤ ᠬᠤᠯᠠ ᠶᠢ ᠬᠠᠷᠠᠬᠤ ᠦᠭᠡᠢ︾ ᠭᠡᠰᠡᠨ ᠰᠡᠳᠬᠢᠴᠡ᠂ ︽ᠨᠠᠷᠢᠨ ᠵᠦᠢᠯᠡᠰ ᠢ ᠠᠩᠬᠠᠷᠬᠤ ᠦᠭᠡᠢ᠂ ᠶᠡᠭᠡ ᠲᠦᠯᠦᠪ ᠪᠤᠯᠴᠢᠬᠠᠨ᠎ᠠ︾ ᠭᠡᠰᠡᠨ ᠪᠤᠳᠤᠯ ᠪᠣᠯᠣᠨ ︽ᠦᠢᠯᠡᠳᠪᠦᠷᠢᠯᠡᠯ ᠢ ᠴᠢᠬᠤᠯᠠᠴᠢᠯᠠᠭᠠᠳ ᠡᠵᠡᠩᠨᠡᠯᠲᠡ ᠶᠢ ᠬᠥᠩᠭᠡᠪᠴᠢᠯᠡᠬᠦ︾ ᠦᠵᠡᠯᠲᠡ ᠶᠢ ᠲᠠᠶᠠᠭᠳᠠᠬᠤ ᠶᠠᠪᠤᠳᠠᠯ ᠪᠣᠯᠣᠨ᠎ᠠ᠃18. ︽ᠲᠠᠪᠤ ᠶᠢ ᠢᠯᠠᠨ ᠳᠠᠪᠠᠵᠤ᠂ ᠲᠠᠪᠤ ᠶᠢ ᠪᠣᠶ ᠪᠣᠯᠭᠠᠬᠤ︾᠄ ᠳᠠᠷᠤᠢ ︽ᠰᠡᠳᠬᠢᠯ ᠬᠠᠩᠬᠤ᠂ ᠪᠠᠭ᠎ᠠ ᠳᠠᠪᠰᠢᠯᠲᠠ ᠲᠠᠢ ᠪᠣᠯ ᠰᠡᠳᠬᠢᠯ ᠬᠠᠩᠬᠤ︾ ᠰᠡᠳᠬᠢᠯᠭᠡ ᠶᠢ ᠡᠷᠡᠰ ᠲᠡᠪᠴᠢᠵᠦ᠂ ᠥᠨᠳᠥᠷ ᠴᠡᠭ ᠢᠶᠠᠷ ᠬᠠᠷᠢᠯᠴᠠᠨ ᠬᠠᠷᠢᠴᠠᠭᠤᠯᠬᠤ᠂ ᠬᠦᠴᠦᠯᠡᠨ ᠴᠢᠷᠮᠠᠶᠢᠵᠤ ᠤᠷᠤᠭᠰᠢᠯᠠᠨ ᠳᠠᠪᠰᠢᠬᠤ ᠤᠬᠠᠮᠰᠠᠷ ᠢ ᠪᠠᠲᠤ ᠪᠠᠬᠢ ᠪᠣᠶ ᠪᠣᠯᠭᠠᠨ᠎ᠠ︔ ︽ᠬᠠᠭᠤᠴᠢᠨ ᠢᠶᠠᠨ ᠦᠬᠦᠨ ᠪᠠᠷᠢᠮᠲᠠᠯᠠᠬᠤ︾ ᠳᠠᠳᠬᠠᠯ ᠢ ᠡᠷᠡᠰ ᠲᠡᠪᠴᠢᠵᠦ᠂ ᠵᠣᠷᠢᠭᠲᠠᠢ ᠪᠠᠷ ᠰᠢᠨ᠎ᠡ ᠶᠢ ᠡᠭᠦᠳᠬᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠬᠤ︔ ︽ᠰᠦᠷ ᠬᠦᠴᠦᠨ ᠢ ᠴᠢᠬᠤᠯᠠᠴᠢᠯᠠᠭᠠᠳ ᠪᠣᠳᠠᠲᠤ ᠪᠠᠶᠢᠳᠠᠯ ᠢ ᠴᠢᠬᠤᠯᠠᠴᠢᠯᠠᠬᠤ ᠦᠭᠡᠢ᠂ ᠶᠠᠪᠤᠴᠠ ᠶᠢ ᠴᠢᠬᠤᠯᠠᠴᠢᠯᠠᠭᠠᠳ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠦᠭᠡᠢ︾ ᠠᠷᠭ᠎ᠠ ᠬᠢᠳᠡᠯ ᠢ ᠡᠷᠡᠰ ᠲᠡᠪᠴᠢᠵᠦ᠂ ᠦᠨᠡᠨ ᠢ ᠪᠠᠷᠢᠮᠲᠠᠯᠠᠨ ᠪᠣᠳᠠᠲᠤ ᠠᠵᠢᠯᠯᠠᠭ᠎ᠠ ᠶᠢ ᠡᠷᠬᠢᠮᠯᠡᠬᠦ᠂ ᠦᠨᠡᠨ ᠬᠦ ᠠᠳᠬᠤᠵᠤ ᠪᠣᠳᠠᠲᠠᠢ ᠪᠠᠷ ᠠᠵᠢᠯᠯᠠᠬᠤ ᠰᠤᠷᠲᠠᠯ ᠢ ᠪᠠᠲᠤ ᠪᠠᠬᠢ ᠪᠤᠢ ᠪᠣᠯᠭᠠᠬᠤ︔ ︽ᠪᠡᠯᠡ ᠣᠷᠣᠭᠤᠯᠬᠤ ᠶᠢᠨ ᠲᠥᠯᠥᠭᠡ ᠪᠡᠯᠡ ᠣᠷᠣᠭᠤᠯᠬᠤ᠂ ᠵᠣᠭᠤᠰ ᠵᠠᠷᠤᠬᠤ ᠶᠢᠨ ᠲᠥᠯᠥᠭᠡ ᠵᠣᠭᠤᠰ ᠵᠠᠷᠤᠬᠤ︾ ᠦᠵᠡᠭᠳᠡᠯ ᠢ ᠡᠷᠡᠰ ᠲᠡᠪᠴᠢᠵᠦ᠂ ᠤᠨᠤᠪᠴᠢᠲᠠᠢ ᠥᠨᠳᠥᠷ ᠪᠦᠲᠦᠮᠵᠢᠲᠡᠶ᠂ ᠡᠷᠴᠢᠮᠯᠢᠭ ᠠᠷᠪᠢᠯᠠᠨ ᠭᠠᠮᠨᠠᠬᠤ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠬᠤ︔ ︽ᠠᠮᠵᠢᠯᠲᠠ ᠣᠯᠬᠤ ᠶᠢᠨ ᠲᠥᠯᠥᠭᠡ ᠠᠷᠭ᠎ᠠ ᠪᠤᠳᠤᠬᠤ ᠦᠭᠡᠢ᠂ ᠵᠥᠪᠬᠡᠨ ᠠᠵᠢᠯ ᠬᠢᠬᠦ ᠦᠭᠡᠢ ᠶᠢᠨ ᠲᠥᠯᠥᠭᠡ ᠰᠢᠯᠲᠠᠭ ᠡᠷᠢᠬᠦ︾ ᠪᠣᠯᠬᠢ ᠳᠠᠳᠬᠠᠯ ᠢ ᠡᠷᠡᠰ ᠲᠡᠪᠴᠢᠵᠦ᠂ ᠬᠡᠯᠡᠵᠦ ᠬᠢᠬᠦ ᠳᠡᠭᠡᠨ ᠴᠢᠳᠠᠮᠠᠭᠠᠢ᠂ ᠲᠦᠮᠡᠨ ᠶᠠᠪᠤᠳᠠᠯ ᠳᠤ ᠣᠶᠢᠯᠠᠭᠠᠮᠵᠢᠲᠠᠢ ᠰᠡᠳᠬᠢᠬᠦᠢ ᠶᠢ ᠪᠤᠢ ᠪᠣᠯᠭᠠᠬᠤ᠃19. ︽ᠵᠢᠷᠭᠤᠭ᠎ᠠ ᠶᠢ ᠬᠤᠪᠢᠷᠠᠭᠤᠯᠬᠤ︾᠄ ᠲᠤᠬᠠᠶᠢᠯᠠᠪᠠᠯ ︽ᠪᠡᠶ᠎ᠡ ᠪᠠᠨ ᠰᠤᠯᠠ ᠲᠠᠯᠪᠢᠬᠤ︾ ᠶᠢ ᠪᠤᠳᠤᠬᠤ ᠮᠥᠷᠲᠡᠭᠡᠨ ᠪᠠᠰᠠ ︽  ᠬᠦᠴᠢᠷᠳᠠᠯ ᠦᠭᠡᠢ ᠪᠠᠷ ᠢᠯᠡᠨ ᠳᠡᠶᠢᠯᠬᠦ︾  ᠪᠤᠳᠤᠯ ᠢᠶᠠᠨ ᠬᠤᠪᠢᠷᠠᠭᠤᠯᠵᠤ᠂ ᠬᠠᠭᠤᠴᠢᠨ ᠢᠶᠠᠨ ᠪᠠᠷᠢᠮᠲᠠᠯᠠᠵᠤ ᠬᠡᠪᠰᠢᠷᠡᠨ ᠵᠣᠭᠰᠤᠩᠭᠤᠶᠢᠷᠠᠬᠤ ᠶᠢ ᠬᠤᠪᠢᠷᠠᠭᠤᠯᠵᠤ᠂ ᠪᠠᠷᠰ ᠤᠨ ᠲᠣᠯᠣᠭᠠᠢ ᠪᠠᠷ ᠡᠬᠢᠯᠡᠭᠡᠳ ᠮᠣᠭᠠᠢ ᠶᠢᠨ ᠰᠡᠭᠦᠯ ᠢᠶᠠᠷ ᠳᠠᠭᠤᠰᠬᠠᠬᠤ ᠳᠤᠲᠠᠭᠤ ᠲᠤᠷᠭᠤᠨ ᠵᠣᠭᠰᠣᠬᠤ ᠦᠢᠯᠡ ᠠᠵᠢᠯᠯᠠᠭ᠎ᠠ ᠪᠠᠨ ᠡᠷᠡᠰ ᠬᠤᠪᠢᠷᠠᠭᠤᠯᠵᠤ᠂ ᠨᠢᠭᠤᠵᠤ ᠳᠠᠯᠳᠠᠯᠠᠬᠤ᠂ ᠠᠰᠠᠭᠤᠳᠠᠯ ᠠᠴᠠ ᠵᠠᠶᠢᠯᠠᠬᠤ ᠳᠠᠳᠬᠠᠯ ᠢᠶᠠᠨ ᠡᠷᠡᠰ ᠬᠤᠪᠢᠷᠠᠭᠤᠯᠵᠤ᠂ ᠠᠵᠢᠯ ᠢᠶᠠᠨ ᠪᠦᠳᠦᠭᠦᠯᠢᠭ ᠬᠢᠬᠦ᠂  ᠬᠠᠰᠢ ᠶᠠᠰᠢ ᠪᠠᠷ ᠳᠠᠭᠤᠰᠬᠠᠬᠤ ᠠᠷᠭ᠎ᠠ ᠮᠠᠶ᠋ᠢᠭ ᠢᠶᠠᠨ ᠡᠷᠡᠰ ᠬᠤᠪᠢᠷᠠᠭᠤᠯᠵᠤ᠂ ᠶᠠᠭᠤᠮ᠎ᠠ ᠪᠦᠬᠦᠨ ᠳᠤ ᠦᠭᠡᠢ ᠭᠡᠵᠤ ᠬᠡᠯᠡᠬᠦ ᠰᠡᠳᠬᠢᠬᠦᠢ ᠪᠠᠨ ᠡᠷᠡᠰ ᠬᠤᠪᠢᠷᠠᠭᠤᠯᠬᠤ ᠶᠠᠪᠤᠳᠠᠯ ᠪᠣᠯᠣᠨ᠎ᠠ᠃20. ︽ᠭᠤᠷᠪᠠᠨ ᠠᠷᠪᠢᠨ᠂ ᠭᠤᠷᠪᠠᠨ ᠴᠥᠭᠡᠨ᠂ ᠭᠤᠷᠪᠠᠨ ᠤᠳᠠᠭᠠᠨ︾᠄ ᠲᠤᠬᠠᠶᠢᠯᠠᠪᠠᠯ ᠬᠤᠷᠠᠯ ᠠᠷᠪᠢᠨ᠂ ᠠᠵᠢᠯᠯᠠᠭ᠎ᠠ ᠠᠷᠪᠢᠨ᠂ ᠭᠠᠳᠠᠭᠰᠢ ᠭᠠᠷᠬᠤ ᠨᠢ ᠠᠷᠪᠢᠨ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠮᠵᠢ ᠴᠥᠭᠡᠨ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠨᠢ ᠴᠥᠭᠡᠨ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠨᠢ ᠤᠳᠠᠭᠠᠨ᠂ ᠠᠵᠢᠯᠯᠠᠭ᠎ᠠ ᠨᠢ ᠤᠳᠠᠭᠠᠨ᠂ ᠦᠷ᠎ᠡ ᠳ᠋ᠦᠩ ᠨᠢ ᠤᠳᠠᠭᠠᠨ ᠪᠠᠶᠢᠬᠤ ᠶᠢ ᠬᠡᠯᠡᠵᠦ ᠪᠠᠶᠢᠨ᠎ᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号