ᠰᠦᠨ ᠵᠠᠮ ᠲᠠᠢ ᠭᠡᠭᠡᠨ ᠦᠢᠯᠡᠰ
ᠨᠡᠶᠢᠲᠡᠯᠡᠭᠰᠡᠨ ᠴᠠᠭ᠄
2023/3/7
      ᠦᠭᠡ ᠶᠠᠷᠢᠶ᠎ᠠ᠂ ᠦᠢᠯᠡ ᠬᠦᠳᠡᠯᠦᠯ᠂ ᠭᠠᠳᠠᠨ᠎ᠠ ᠲᠦᠷᠢ ᠪᠠᠶᠢᠳᠠᠯ ᠠᠴᠠ ᠨᠢ ᠲᠤᠬᠠᠢ ᠶᠢᠨ ᠬᠦᠮᠦᠨ ᠤ ᠬᠢᠳᠡᠭ ᠠᠵᠢᠯ ᠲᠦᠷᠦᠯ ᠢ ᠭᠠᠳᠠᠷᠯᠠᠵᠦ ᠪᠤᠯᠳᠠᠭ ᠭᠡᠪᠡᠯ᠂ ᠡᠨᠡ ᠲᠠᠷᠤᠤᠬᠠᠨ ᠲᠠᠭᠤ᠂ ᠬᠦᠩᠭᠡᠭᠡᠨ ᠠᠯᠬᠤᠭ᠎ᠠ ᠲᠠᠢ ᠪᠦᠰᠡᠭᠦᠢ ᠭᠠᠷᠴᠠᠭ᠎ᠠ ᠦᠭᠡᠢ  ᠯᠠ ᠰᠠᠭᠠᠯᠢ ᠰᠦ ᠤᠷᠤᠯᠳᠤᠳᠠᠭ ᠬᠦᠮᠦᠨ ᠬᠡᠮᠡᠷ ᠶᠤᠮ᠃      ᠴᠠᠭᠠᠨᠬᠠᠳᠠ ᠰᠤᠮᠤᠨ ᠤ ᠲᠡᠭᠷᠢ ᠨᠠᠭᠤᠷ ᠭᠠᠴᠠᠭ᠎ᠠ ᠪᠠᠷ ᠨᠤᠳᠤᠭ ᠲᠠᠢ ᠡᠨᠡᠬᠦ ᠮᠠᠯᠴᠢᠨ ᠪᠦᠳᠡᠭᠦᠢ ᠪᠠᠭ᠎ᠠ ᠠᠴᠠ  ᠪᠠᠨ ᠰᠦ ᠰᠠᠭᠠᠯᠢ ᠵᠡᠷᠭᠡ ᠬᠦᠳᠡᠭᠡ ᠶᠢᠨ ᠠᠵᠢᠯ ᠳᠤ ᠴᠠᠭᠠᠷᠠᠭᠰᠠᠨ ᠢᠶᠠᠷ ᠢᠶᠠᠨ ᠦᠢᠯᠡᠰ ᠪᠤᠰᠬᠠᠶ᠎ᠠ ᠭᠡᠵᠦ ᠲᠦᠯᠦᠪᠯᠡᠩᠭᠦᠳᠡ ᠦᠪᠡᠷ ᠤᠨ ᠬᠠᠮᠤᠭ ᠤᠨ ᠬᠢᠬᠦ ᠲᠤᠷᠠᠳᠠᠢ ᠴᠠᠭᠠᠨ ᠢᠳᠡᠭᠡᠨ ᠤ ᠲᠡᠯᠭᠡᠭᠦᠷ ᠢᠶᠠᠨ ᠬᠤᠰᠢᠭᠤᠨ ᠲᠦᠪ  ᠲᠤ ᠡᠷᠬᠢᠯᠡᠭᠰᠡᠨ ᠪᠠᠶᠢᠨ᠎ᠠ᠃ ᠤᠯᠠᠨ ᠠᠵᠢᠯ ᠬᠢᠭᠰᠡᠨ ᠲᠤᠷᠰᠢᠯᠭ᠎ᠠ ᠳᠤ ᠪᠠᠨ ᠲᠦᠰᠢᠭᠯᠡᠨ᠂ ᠨᠢᠳᠤᠨᠤᠨ ᠠᠷᠪᠠᠨ ᠰᠠᠷ᠎ᠠ ᠳᠤ ᠡᠨᠡᠬᠦ ︽ᠨᠡᠭᠦᠳᠡᠯᠴᠢᠨ  ᠤ ᠲᠤᠷᠠᠰᠤᠮᠵᠢ︾ ᠴᠠᠭᠠᠨ ᠢᠳᠡᠭᠡᠨ ᠤ ᠲᠡᠯᠭᠡᠭᠦᠷ ᠢᠶᠠᠨ ᠡᠷᠬᠢᠯᠡᠵᠦ᠂ ᠰᠦ ᠴᠠᠭ᠎ᠠ ᠪᠤᠯᠪᠠᠰᠤᠷᠠᠭᠤᠯᠬᠤ ᠲᠠᠰᠤᠭ᠂ ᠠᠷᠢᠭᠤᠳᠬᠠᠯ ᠤᠨ ᠲᠠᠰᠤᠭ ᠵᠡᠷᠭᠡ ᠶᠢ ᠨᠢᠮᠪᠠᠢ ᠲᠦᠰᠦᠪᠯᠡᠨ᠂ ᠬᠡᠷᠡᠭᠯᠡᠭᠴᠢᠳ ᠭᠠᠳᠠᠨ᠎ᠠ ᠠᠴᠠ ᠨᠢ ᠦᠵᠡᠵᠦ ᠪᠤᠯᠬᠤ ᠲᠤᠮᠤ ᠰᠢᠯᠢᠨ ᠦᠷᠦᠭᠡ ᠲᠤᠬᠢᠷᠠᠭᠤᠯᠵᠦ᠂ ᠴᠠᠭᠠᠨ ᠢᠳᠡᠭᠡ ᠪᠤᠯᠪᠠᠰᠤᠷᠠᠭᠤᠯᠬᠤ ᠪᠦᠬᠦ ᠶᠠᠪᠤᠴᠠ ᠶᠢ ᠢᠯᠡ ᠪᠤᠯᠭᠠᠵᠦ᠂ ᠴᠢᠨᠠᠷ ᠴᠢᠨᠰᠠᠭ᠎ᠠ ᠶᠢ ᠪᠠᠳᠤᠯᠠᠨ᠂ ᠤᠳᠤᠬᠢ ᠵᠠᠬ᠎ᠠ ᠲᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠵᠤᠬᠢᠴᠠᠭᠤᠯᠤᠨ ᠪᠤᠭᠤᠳᠠᠯ ᠪᠠᠭᠯᠠᠭ᠎ᠠ ᠪᠠᠨ ᠰᠢᠨᠡᠳᠭᠡᠵᠦ᠂ ᠴᠠᠭᠠᠨ ᠢᠳᠡᠭᠡ ᠪᠠᠨ ᠢᠳᠡᠬᠦ ᠳᠤ ᠠᠮᠳᠠᠳᠠᠢ᠂ ᠦᠵᠡᠬᠦ ᠳᠤ ᠰᠠᠶᠢᠬᠠᠨ᠂ ᠠᠪᠴᠦ ᠶᠠᠪᠤᠬᠤ ᠳᠤ ᠲᠦᠭᠦᠮ᠂ ᠪᠡᠯᠡᠭ ᠰᠠᠯᠳᠠ ᠦᠭᠬᠦ ᠳᠤ ᠲᠤᠬᠢᠷᠠᠮᠵᠢᠳᠡᠢ ᠪᠡᠯᠡᠨ ᠪᠠᠷᠠᠭ᠎ᠠ ᠪᠤᠯᠭᠠᠨ ᠦᠢᠯᠡᠳᠪᠦᠷᠢᠯᠡᠵᠦ ᠪᠠᠶᠢᠳᠠᠭ᠃
微信图片_20230307093033.png
      ᠢᠳᠡᠭᠡᠨ ᠤ ᠲᠡᠭᠡᠵᠢ ᠪᠤᠯᠤᠭᠰᠠᠨ ᠴᠠᠭᠠᠨ ᠢᠳᠡᠭᠡ ᠪᠠᠨ ᠬᠤᠯᠢᠴᠠ ᠦᠭᠡᠢ᠂ ᠴᠤᠯᠤ ᠪᠠᠶᠢᠭᠠᠯᠢᠯᠢᠭ ᠢᠶᠠᠷ ᠨᠢ ᠬᠢᠬᠦ ᠶᠢ ᠵᠤᠷᠢᠳᠠᠭ ᠴᠤᠯᠮᠤᠠᠬᠤᠸᠠᠷ ᠮᠠᠨᠢ ᠰᠦᠨ ᠤ ᠢᠷᠡᠯᠳᠡ ᠠᠴᠠ ᠡᠬᠢᠯᠡᠭᠡᠳ ᠶᠡᠬᠡᠬᠡᠨ ᠠᠩᠬᠠᠷᠤᠯ ᠲᠠᠯᠪᠢᠵᠦ᠂ ᠦᠷᠦᠮ᠎ᠡ᠂ ᠠᠭᠠᠷᠤᠤᠯ᠂ ᠰᠢᠷ᠎ᠠ ᠲᠤᠰᠤ᠂ ᠴᠠᠭᠠᠨ ᠲᠤᠰᠤ᠂ ᠬᠤᠷᠤᠤᠳ ᠵᠡᠷᠭᠡ ᠠᠷᠪᠠᠭᠠᠳ ᠲᠦᠷᠦᠯ ᠤᠨ ᠴᠠᠭᠠᠨ ᠢᠳᠡᠭᠡ ᠪᠤᠯᠪᠠᠰᠤᠷᠠᠭᠤᠯᠤᠨ ᠪᠤᠷᠤᠯᠠᠭᠤᠯᠵᠦ᠂ ᠠᠮᠳᠠ ᠰᠠᠶᠢᠳᠠᠢ᠂ ᠴᠢᠨᠠᠷ ᠴᠢᠨᠰᠠᠭ᠎ᠠ ᠲᠠᠢ ᠪᠦᠳᠦᠭᠡᠭᠳᠡᠭᠦᠨ ᠢᠶᠠᠷ ᠢᠶᠠᠨ ᠬᠡᠷᠡᠭᠯᠡᠭᠴᠢᠳ ᠤᠨ ᠢᠶᠠᠨ ᠬᠦᠷᠢᠶᠡᠯᠡᠯ ᠢ ᠤᠯᠬᠤ ᠶᠢ ᠬᠠᠮᠤᠭ ᠠᠴᠠ ᠴᠢᠬᠤᠯᠠᠴᠢᠯᠠᠨ ᠦᠵᠡᠳᠡᠭ ᠪᠢᠯᠡ᠃      ᠬᠢᠬᠦ ᠲᠤᠰᠤᠮ ᠢᠶᠠᠨ ᠲᠤᠬᠠᠢ ᠶᠢᠨ ᠠᠵᠢᠯ ᠳᠤ ᠪᠠᠨ ᠴᠠᠭᠠᠷᠠᠵᠦ᠂ ᠬᠢᠵᠦ ᠪᠤᠢ ᠠᠵᠢᠯ ᠨᠢ ᠡᠷᠬᠢᠬᠡᠳ ᠲᠡᠷᠡ ᠬᠦᠮᠦᠨ ᠤ ᠪᠠᠨ ᠵᠠᠩ ᠠᠭᠠᠰᠢ᠂ ᠪᠠᠶᠢᠳᠠᠯ ᠲᠦᠯᠦᠪ ᠢ ᠪᠦᠳᠦᠭᠡᠳᠡᠭ ᠭᠡᠪᠡᠯ᠂ ᠮᠤᠩᠭᠤᠯᠴᠣᠳ ᠤᠨ ᠢᠳᠡᠭᠡᠨ ᠤᠮᠳᠠᠭᠠᠨ ᠤ ᠲᠡᠭᠡᠵᠢ ᠪᠤᠯᠤᠭᠰᠠᠨ ᠴᠠᠭᠠᠨ ᠢᠳᠡᠭᠡ ᠪᠠᠷ ᠦᠪᠡᠷ ᠤᠨ ᠠᠵᠢᠯ ᠦᠢᠯᠡᠰ ᠢᠶᠠᠨ ᠪᠤᠯᠭᠠᠭᠰᠠᠨ ᠡᠨᠡ ᠬᠦᠮᠦᠨ ᠤ ᠦᠢᠯᠡᠰ ᠤᠨ ᠮᠦᠷ ᠲᠠᠷᠳᠠᠩ ᠭᠡᠳᠡᠭ ᠲᠤ ᠡᠷᠡᠭᠡᠯᠵᠡᠭᠡ ᠦᠭᠡᠢ ᠰᠠᠨᠵᠠᠢ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号