ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ︽ᠡᠮᠡᠭᠳᠡᠶᠢᠴᠤᠳ ᠤᠨ ᠬᠢᠯᠪᠠᠭ᠎ᠠ︾ ᠤᠨᠴᠠᠯᠢᠭᠳᠦ ᠭᠠᠷ ᠤᠷᠠᠯᠠᠯ ᠤᠨ ᠦᠵᠡᠭᠦᠯᠦᠯᠭᠡ ᠶᠢᠨ ᠠᠵᠢᠯᠯᠠᠭ᠎ᠠ ᠡᠷᠬᠢᠯᠡᠪᠡ
ᠨᠡᠶᠢᠲᠡᠯᠡᠭᠰᠡᠨ ᠴᠠᠭ᠄
2023/3/9
       3 ᠰᠠᠷ᠎ᠠ ᠶᠢᠨ7 ᠤ ᠦᠳᠡ ᠶᠢᠨ ᠬᠤᠶᠢᠨ᠎ᠠ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ︽ᠡᠮᠡᠭᠳᠡᠶᠢᠴᠤᠳ ᠤᠨ ᠬᠢᠯᠪᠠᠭ᠎ᠠ︾ ᠤᠨᠴᠠᠯᠢᠭᠳᠦ ᠭᠠᠷ ᠤᠷᠠᠯᠠᠯ ᠤᠨ ᠦᠵᠡᠭᠦᠯᠦᠯᠭᠡ ᠲᠠᠯ᠎ᠠ ᠨᠤᠳᠤᠭ ᠤᠨ ᠰᠤᠶᠤᠯ ᠤᠨ ᠤᠷᠳᠤᠨ ᠤ ᠨᠢᠭᠡᠳᠦᠭᠡᠷ ᠲᠠᠪᠬᠤᠷ ᠲᠤ ᠶᠠᠪᠤᠭᠳᠠᠵᠦ᠂ ᠪᠦᠬᠦ ᠬᠤᠰᠢᠭᠤᠨ ᠤ ᠡᠯ᠎ᠡ ᠦᠨᠳᠦᠰᠦᠳᠡᠨ ᠡᠯ᠎ᠡ ᠡᠳᠡᠭᠡᠳ  ᠤᠨ ᠡᠮᠡᠭᠳᠡᠶᠢᠴᠤᠳ ᠤᠨ ᠲᠦᠯᠦᠭᠡᠯᠡᠭᠴᠢᠳ ᠪᠠᠶᠠᠷ ᠪᠠᠭ᠋ᠠᠳᠤᠯ ᠢᠶᠠᠨ ᠬᠤᠪᠢᠶᠠᠯᠴᠠᠭᠰᠠᠨ ᠪᠠᠶᠢᠨ᠎ᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠣᠯᠠᠭᠠᠨᠮᠦ᠋ᠴᠢᠷ᠂ ᠡᠮᠡᠭᠳᠡᠶᠢᠴᠤᠳ ᠤᠨ ᠦᠢᠯᠡᠰ ᠪᠤᠰᠬᠠᠬᠤ ᠲᠠᠭᠠᠭᠤᠯᠤᠭᠴᠢ ᠪᠦᠷᠢᠨᠴᠡᠴᠡᠭ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠮᠡᠭᠳᠡᠶᠢᠴᠤᠳ ᠬᠡᠥᠬᠡᠳ ᠤᠨ ᠬᠦᠳᠡᠯᠭᠡᠭᠡᠨ ᠤ ᠲᠦᠪ ᠤᠨ ᠪᠠᠭᠠᠴᠤᠳ ᠬᠡᠥᠬᠡᠳ ᠤᠨ ᠤᠷᠠᠯᠢᠭ ᠤᠨ ᠦᠢᠯᠡᠴᠢᠯᠡᠭᠡᠨ ᠤ ᠲᠦᠪ ᠪᠤᠯᠤᠨ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠯ᠎ᠡ ᠦᠨᠳᠦᠰᠦᠳᠡᠨ ᠡᠯ᠎ᠡ ᠡᠳᠡᠭᠡᠳ ᠤᠨ ᠤᠯᠠᠨ ᠲᠦᠮᠡᠨ ᠤ ᠲᠦᠯᠦᠭᠡᠯᠡᠭᠴᠢ ᠲᠤᠬᠠᠢ ᠶᠢᠨ ᠦᠵᠡᠭᠴᠢᠳ ᠲᠤ ᠭᠤᠶᠢᠳᠠ ᠰᠠᠶᠢᠬᠠᠨ ᠤᠷᠠᠨ ᠰᠠᠶᠢᠬᠠᠨ ᠤ ᠲᠤᠭᠯᠠᠯᠳᠠ ᠭᠠᠷᠭᠠᠨ᠂ ᠢᠷᠠᠭᠤ ᠰᠠᠶᠢᠬᠠᠨ ᠬᠦᠭ ᠠᠶᠠᠰ᠂ ᠰᠡᠳᠭᠢᠯ ᠬᠦᠳᠡᠯᠭᠡᠮ᠎ᠡ ᠪᠦᠵᠢᠭ᠂ ᠬᠠᠩᠭᠢᠨᠠᠮ᠎ᠠ ᠰᠠᠶᠢᠬᠠᠨ ᠲᠠᠭᠤᠤ ᠨᠢ ᠰᠢᠨ᠎ᠡ ᠴᠠᠭ ᠦᠶ᠎ᠡ ᠶᠢᠨ ᠡᠮᠡᠭᠳᠡᠶᠢᠴᠤᠳ ᠤᠨ ᠠᠮᠢᠳᠤᠷᠠᠯ ᠳᠤ ᠪᠠᠨ ᠬᠠᠶᠢᠷᠠᠳᠠᠢ᠂ ᠦᠭᠡᠳᠡᠯᠡᠨ ᠲᠠᠪᠰᠢᠬᠤ ᠴᠤᠭ ᠵᠢᠪᠬᠤᠭ᠎ᠠ  ᠶᠢ ᠭᠦᠢᠴᠡᠳ ᠬᠠᠷᠠᠭᠤᠯᠵᠦ᠂ ᠦᠵᠡᠭᠴᠢᠳ ᠤᠨ ᠬᠠᠯᠠᠭᠤᠨ ᠬᠦᠷᠢᠶᠡᠯᠡᠯ ᠢ ᠤᠯᠤᠭᠰᠠᠨ ᠪᠠᠶᠢᠨ᠎ᠠ᠃
      ᠲᠤᠭᠯᠠᠯᠳᠠ ᠶᠢᠨ ᠲᠠᠷᠠᠭ᠎ᠠ ᠲᠤᠬᠠᠢ ᠶᠢᠨ ᠲᠠᠯᠠᠪᠤᠷ ᠲᠤ ᠦᠨᠳᠦᠰᠦᠳᠡᠨ ᠤ ᠬᠤᠪᠴᠠᠰᠦ ᠵᠠᠰᠠᠯ᠂ ᠡᠮᠡᠭᠡᠯ᠂ ᠴᠠᠭᠠᠰᠤᠨ ᠬᠠᠶᠢᠴᠢᠯᠠᠮᠠᠯ᠂ ᠰᠢᠪᠠᠷ ᠱᠤᠭᠤᠮᠠᠯ᠂ ᠤᠷᠠᠨ ᠪᠢᠴᠢᠯᠭᠡ ᠬᠢᠳᠠᠳ ᠵᠢᠷᠤᠭ᠂ ᠴᠠᠭᠠᠨ ᠢᠳᠡᠭᠡ᠂ ᠦᠨᠳᠦᠰᠦᠳᠡᠨ ᠤ ᠤᠨᠴᠠᠯᠢᠭᠳᠦ ᠵᠠᠰᠠᠯ ᠴᠢᠮᠡᠭᠯᠡᠯ ᠤᠨ ᠡᠳ᠋ᠯᠡᠯ ᠵᠡᠷᠭᠡ ᠦᠵᠡᠭᠦᠯᠦᠯᠭᠡ ᠶᠢᠨ ᠲᠤᠭᠤᠷᠢᠭ ᠭᠠᠷᠭᠠᠵᠦ᠂ ᠡᠯ᠎ᠡ ᠵᠦᠢᠯ ᠤᠨ ᠭᠠᠷ ᠤᠷᠠᠯᠠᠯ ᠤᠨ ᠪᠦᠳᠦᠭᠡᠭᠳᠡᠭᠦᠨ ᠢ ᠤᠯᠠᠨ ᠬᠠᠷᠠᠭᠠᠰᠤ ᠠᠴᠠ ᠢᠯᠡᠷᠡᠭᠦᠯᠵᠦ᠂ ᠲᠤᠬᠠᠢ ᠶᠢᠨ ᠲᠠᠯᠠᠪᠠᠢ ᠶᠢᠨ ᠦᠵᠡᠭᠴᠢᠳ ᠲᠤᠭᠤᠷᠢᠨ ᠦᠵᠡᠬᠦ ᠶᠢᠨ ᠲᠠᠭᠠᠥ ᠰᠠᠨᠠᠯ ᠢᠶᠠᠨ ᠰᠤᠯᠢᠯᠴᠠᠵᠦ᠂ ᠦᠪᠡᠷᠮᠢᠴᠡ ᠤᠨᠴᠠᠯᠢᠭ  ᠲᠠᠢ ᠭᠠᠷ ᠤᠷᠠᠯᠠᠯ ᠤᠨ ᠦᠵᠡᠭᠦᠯᠦᠯᠭᠡ ᠶᠢᠨ ᠤᠷᠠᠯᠢᠭ ᠤᠨ ᠷᠢᠳᠢ ᠰᠢᠳᠢ ᠶᠢ ᠬᠠᠮᠳᠤᠪᠠᠷ ᠡᠳ᠋ᠯᠡᠭᠰᠡᠨ ᠪᠠᠶᠢᠨ᠎ᠠ᠃      ᠲᠤᠰ ᠤᠳᠠᠭᠠᠨ ᠤ ᠠᠵᠢᠯᠯᠠᠭ᠎ᠠ ᠨᠢ ᠡᠮᠡᠭᠳᠡᠶᠢᠴᠤᠳ ᠤᠨ ᠤᠶᠤᠨ ᠰᠠᠨᠠᠭ᠎ᠠ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠮᠡᠭᠳᠡᠶᠢᠴᠤᠳ  ᠤᠨ ᠡᠷᠡᠮᠡᠬᠡᠶᠢᠯᠡᠨ ᠲᠠᠪᠰᠢᠬᠤ ᠤᠶᠤᠨ ᠰᠠᠨᠠᠭᠠᠨ ᠤ ᠲᠦᠷᠰᠦ ᠪᠠᠶᠢᠳᠠᠯ ᠢ ᠢᠯᠡᠷᠡᠭᠦᠯᠵᠦ᠂ ᠦᠷᠭᠡᠨ ᠤᠯᠠᠨ ᠡᠮᠡᠭᠳᠡᠶᠢᠴᠣᠳ ᠤᠨ ᠤᠷᠠᠯᠢᠭ ᠤᠨ ᠭᠤᠸ᠎ᠠ ᠲᠠᠭᠠᠰᠢᠶᠠᠯ ᠢ ᠲᠡᠭᠡᠭᠰᠢᠯᠡᠭᠦᠯᠬᠦ᠂ ᠰᠤᠯᠢᠯᠴᠠᠭ᠎ᠠ ᠶᠢ ᠨᠡᠮᠡᠭᠳᠡᠭᠦᠯᠬᠦ᠂ ᠦᠵᠡᠯ ᠰᠡᠳᠭᠢᠯᠭᠡ ᠶᠢ ᠨᠢ ᠪᠤᠯᠪᠠᠰᠤᠷᠠᠭᠤᠯᠬᠤ ᠶᠢᠨ ᠬᠠᠮᠳᠦ ᠲᠡᠳᠡᠨ ᠳᠤ ᠭᠤᠸ᠎ᠠ ᠰᠠᠶᠢᠬᠠᠨ ᠢ ᠮᠡᠳᠡᠷᠡᠭᠦᠯᠬᠦ᠂ ᠭᠤᠸ᠎ᠠ ᠰᠠᠶᠢᠬᠠᠨ ᠢ ᠰᠤᠨᠢᠷᠬᠠᠬᠤ᠂ ᠭᠤᠸ᠎ᠠ ᠰᠠᠶᠢᠬᠠᠨ ᠢ ᠡᠭᠦᠳᠬᠦ ᠶᠠᠪᠤᠴᠠ ᠳᠤ ᠪᠠᠶᠠᠰᠤᠯ ᠲᠦᠭᠦᠷᠡᠩ ᠪᠠᠶᠠᠷ ᠤᠨ ᠡᠳᠦᠷ ᠢ ᠦᠩᠭᠡᠷᠡᠭᠦᠯᠵᠡᠢ᠃
 
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号