ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠦ᠂ | ᠤᠯᠠᠭᠠᠨᠮᠦ᠋ᠴᠢᠷ ᠤᠨ ᠰᠢᠯᠢᠳᠡᠭ ᠤᠯᠠᠮᠵᠢᠯᠠᠯ ᠢ ᠭᠦᠢᠴᠡᠳ ᠪᠠᠳᠠᠷᠠᠭᠤᠯᠬᠤ ᠶᠢᠨ ᠲᠦᠯᠦᠭᠡ᠂4 ᠰᠠᠷ᠎ᠠ ᠶᠢᠨ6 ᠤ ᠡᠳᠦᠷ | ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠯᠠᠭᠠᠨᠮᠦ᠋ᠴᠢᠷ᠂ ᠮᠠᠨᠳᠦᠯ ᠪᠠᠯᠭᠠᠰᠤᠨ ᠤ ᠡᠷᠳᠡᠨᠢᠠᠤᠪᠤᠭ᠎ᠠ | ᠭᠠᠴᠠᠭ᠎ᠠ ᠲᠠᠢ ᠬᠠᠮᠳᠦ ᠪᠠᠷ ︽ᠨᠠᠮ ᠤᠨ ᠠᠴᠢ ᠳᠤ ᠲᠠᠯᠠᠷᠬᠠᠵᠦ᠂ ᠨᠠᠮ ᠤᠨ ᠦᠭᠡ ᠶᠢ ᠰᠤᠨᠤᠰᠴᠦ᠂ ᠨᠠᠮ ᠢᠶᠠᠨ | ᠲᠠᠭᠠᠨ ᠤᠷᠤᠭᠰᠢᠯᠠᠬᠤ︾ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠣᠭᠴᠠ ᠶᠢᠨ ᠤᠬᠠᠮᠰᠠᠷ ᠢ | ᠪᠠᠳᠣᠳᠬᠠᠬᠤ ᠤᠷᠠᠨ ᠰᠠᠶᠢᠬᠠᠨ ᠤ ᠲᠤᠭᠯᠠᠯᠳᠠ ᠭᠠᠷᠭᠠᠭᠰᠠᠨ ᠪᠠᠶᠢᠨ᠎ᠠ᠃ | ᠲᠤᠰ ᠣᠳᠠᠭᠠᠨ ᠤ ᠲᠤᠭᠯᠠᠯᠳᠠ ᠨᠢ ᠮᠠᠨᠳᠤᠯ ᠪᠠᠯᠭᠠᠰᠤᠨ ᠤ ᠡᠷᠳᠡᠨᠢᠠᠤᠪᠤᠭ᠎ᠠ ᠭᠠᠴᠠᠭᠠᠨ ᠳᠤ ᠶᠠᠪᠤᠭᠳᠠᠵᠦ᠂ | ᠬᠠᠮᠳᠦ ᠶᠢᠨ ᠪᠦᠵᠢᠭ ︽ᠮᠠᠭᠳᠠᠭᠠᠯ ᠲᠠᠭᠤᠤ︾᠂ ᠤᠷᠳᠤ ᠶᠢᠨ ᠲᠠᠭᠤᠤ ︽ᠰᠡᠷᠢᠭᠦᠨ ᠰᠠᠯᠬᠢ︾᠂ ᠮᠤᠷᠢᠨ ᠬᠤᠭᠤᠷ | ᠤᠨ ᠨᠠᠶᠢᠷᠠᠯ ᠬᠦᠭᠵᠢᠮ ︽ᠠᠷᠠᠳ ᠤᠨ ᠲᠦᠷᠦ︾᠂ ᠬᠠᠮᠳᠦ ᠶᠢᠨ ᠲᠠᠭᠤᠤ ︽ᠦᠨᠢᠳᠡ ᠶᠢᠨ ᠤᠯᠠᠭᠠᠨᠮᠦ᠋ᠴᠢᠷ︾ | ᠵᠡᠷᠭᠡ ᠤᠯᠠᠨ ᠰᠠᠶᠢᠬᠠᠨ ᠲᠤᠭᠯᠠᠯᠳᠠ ᠪᠠᠷ ᠢᠶᠠᠨ ᠮᠠᠯᠴᠢᠨ ᠲᠦᠮᠡᠨ ᠢᠶᠠᠨ ᠪᠠᠶᠠᠰᠬᠠᠭᠰᠠᠨ ᠪᠠᠶᠢᠨ᠎ᠠ᠃ | ᠤᠯᠠᠭᠠᠨᠮᠦ᠋ᠴᠢᠷ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠦᠷᠭᠦᠯᠵᠢᠯᠡᠨ | ᠭᠦᠨᠵᠡᠭᠡᠢ ᠰᠤᠷᠤᠯᠴᠠᠨ ᠲᠤᠭᠤᠭᠰᠢᠯᠠᠭᠤᠯᠵᠦ᠂ ᠤᠷᠠᠨ ᠰᠠᠶᠢᠬᠠᠨ ᠤ ᠲᠤᠭᠯᠠᠯᠳᠠ ᠪᠠᠷ ᠢᠶᠠᠨ ᠦᠪᠳᠦᠰᠦᠨ ᠱᠠᠳᠤᠨ ᠤ | ᠮᠠᠯᠴᠢᠨ ᠲᠦᠮᠡᠨ ᠳᠤ ᠨᠠᠮ ᠤᠨ ᠮᠡᠳᠦᠴᠢᠯᠡᠯ ᠪᠠ ᠬᠠᠯᠠᠮᠵᠢᠯᠠᠯ ᠢ ᠬᠦᠷᠭᠡᠵᠦ᠂ ᠤᠯᠠᠨ ᠲᠦᠮᠡᠨ ᠤ ᠰᠤᠶᠤᠯ ᠤᠨ | ᠠᠮᠢᠳᠤᠷᠠᠯ ᠢ ᠪᠠᠶᠠᠯᠢᠭᠵᠢᠭᠤᠯᠤᠨ᠂ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ | ᠪᠠ ᠢᠳᠡᠭᠡᠯ ᠢ ᠨᠡᠮᠡᠭᠳᠡᠭᠦᠯᠬᠦ ᠪᠠᠷ ᠴᠢᠷᠮᠠᠶᠢᠵᠦ ᠪᠤᠢ᠃ | | | | | | | | | | | |