ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠠᠵᠢᠯ ᠢ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2023/4/10
      3 ᠰᠠᠷ᠎ᠠ ᠶᠢᠨ1 ᠤ ᠡᠳᠦᠷ᠂ ᠲᠤᠮᠳᠠᠳᠦ ᠤᠯᠤᠰ ᠤᠨ ᠲᠠᠷᠢᠶᠠᠯᠠᠩ ᠤᠨ ᠦᠢᠯᠡᠪᠦᠷᠢᠯᠡᠯ ᠤᠨ ᠮᠠᠲ᠋ᠧᠷᠢᠶᠠᠯ ᠤᠨ ᠪᠦᠯᠦᠭᠯᠡᠯ ᠤᠨ ᠬᠢᠨ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠳᠠ ᠬᠢᠵᠦ᠂ ᠬᠤᠶᠠᠷ ᠲᠠᠯ᠎ᠠ ᠪᠠᠷ ᠢᠶᠠᠨ ᠰᠤᠯᠢᠯᠴᠠᠨ᠂ ᠬᠦᠭᠵᠢᠯᠳᠡ ᠶᠢᠨ ᠶᠡᠭᠡ ᠪᠤᠳᠤᠯᠭ᠎ᠠ ᠶᠢ ᠬᠠᠮᠳᠤᠪᠠᠷ ᠵᠦᠪᠯᠡᠵᠦ᠂ ᠠᠵᠦ ᠦᠢᠯᠡᠰ ᠢᠶᠠᠨ ᠬᠦᠭᠵᠢᠭᠦᠯᠬᠦ ᠠᠯᠤᠰ ᠤᠨ ᠲᠦᠯᠦᠪ ᠢ ᠬᠠᠮᠳᠤᠪᠠᠷ ᠵᠢᠷᠤᠭᠯᠠᠪᠠ᠃      3 ᠰᠠᠷ᠎ᠠ ᠶᠢᠨ11 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠼᠤᠤ ᠽᠠᠨ ᠶᠠᠩ ᠠᠮᠢ ᠠᠬᠤᠢ ᠶᠢᠨ ᠢᠳᠡᠭᠡᠨ ᠤ ᠬᠠᠵᠠᠭᠠᠷᠳᠦ ᠺᠤᠮᠫᠠᠨᠢ ᠪᠤᠯᠤᠨ ᠪᠡᠭᠡᠵᠢᠩ ᠤᠨ ᠲᠠᠢ ᠹᠠᠩ ᠵᠢᠶᠠ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠳᠦ ᠺᠤᠮᠫᠠᠨᠢ ᠲᠦᠮᠡᠨ ᠲᠤᠯᠤᠭᠠᠢ ︽ᠲᠠᠷᠬᠠᠨ ᠮᠤᠤᠮᠢᠩᠭᠠᠨ ᠤ ᠲᠠᠯ᠎ᠠ ᠨᠤᠳᠤᠭ ᠤᠨ ᠬᠤᠨᠢ︾  ᠶᠢᠨ ᠬᠠᠩᠭᠠᠨ ᠪᠤᠷᠤᠯᠠᠭᠤᠯᠬᠤ ᠵᠠᠬᠢᠶᠠᠯᠠᠭ᠎ᠠ ᠶᠢᠨ ᠬᠠᠭᠤᠳᠠᠰᠤᠨ ᠳᠤ ᠭᠠᠷ ᠤᠨ ᠦᠰᠦᠭ ᠵᠢᠷᠤᠬᠤ ᠶᠤᠰᠤᠯᠠᠯ ᠶᠠᠪᠤᠭᠤᠯᠵᠦ᠂ ︽ᠲᠠᠷᠬᠠᠨ ᠮᠤᠤᠮᠢᠩᠭᠠᠨ ᠤ ᠲᠠᠯ᠎ᠠ ᠨᠤᠳᠤᠭ ᠤᠨ ᠬᠤᠨᠢ︾ ᠤᠷᠤᠨ ᠪᠦᠰᠡ ᠶᠢᠨ ᠨᠡᠶᠢᠳᠡ ᠶᠢᠨ ᠬᠡᠷᠡᠭᠯᠡᠭᠡᠨ ᠤ ᠨᠡᠷᠡᠳᠦ ᠲᠦᠷᠦᠯ ᠲᠡᠮᠳᠡᠭᠳᠦ ᠶᠢᠨ ᠠᠯᠳᠠᠷᠰᠢᠯ ᠢ ᠲᠡᠭᠡᠭᠰᠢᠯᠡᠭᠦᠯᠵᠦ᠂ ᠲᠠᠷᠬᠠᠨ ᠮᠤᠤᠮᠢᠩᠭᠠᠨ ᠤ ᠬᠤᠨᠢᠨ  ᠤ ᠠᠵᠦ ᠦᠢᠯᠡᠰ ᠤᠨ ᠲᠡᠰ ᠲᠡᠪᠰᠢᠬᠦ ᠶᠢ ᠠᠬᠢᠭᠤᠯᠤᠨ ᠲᠡᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ︽ᠪᠢ ᠠᠵᠦ ᠠᠬᠤᠶᠢᠯᠠᠯ ᠳᠤ ᠵᠠᠬ᠎ᠠ ᠲᠡᠯᠬᠡᠭᠦᠷ ᠡᠷᠢᠵᠦ ᠦᠭᠬᠦ︾ ᠠᠷᠭ᠎ᠠ ᠬᠡᠮᠵᠢᠶ᠎ᠡ ᠶᠢᠨ ᠪᠤᠳᠠᠳᠠᠢ ᠢᠯᠡᠷᠡᠯ ᠮᠦᠨ ᠪᠠᠶᠢᠵᠦ᠂ ᠨᠡᠩ ᠴᠦ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠪᠦᠬᠦ ᠬᠦᠴᠦᠨ ᠢᠶᠠᠷ ᠢᠶᠠᠨ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ ᠨᠡᠩ ᠰᠢᠯᠢᠳᠡᠭ ᠪᠤᠯᠭᠠᠬᠤ ᠢᠳᠡᠭᠡᠯ ᠵᠤᠷᠢᠭ ᠢ ᠢᠯᠡᠷᠡᠭᠦᠯᠦᠭᠰᠡᠨ ᠪᠠᠶᠢᠨ᠎ᠠ᠃      3 ᠳ᠋ᠤᠭᠠᠷ ᠰᠠᠷ᠎ᠠ ᠶᠢᠨ21 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠦᠪᠦᠷ ᠮᠤᠩᠭᠤᠯ  ᠤᠨ ᠦᠪᠡᠷᠳᠡᠭᠡᠨ ᠵᠠᠰᠠᠬᠤ ᠤᠷᠤᠨ ᠤ ᠪᠡᠭᠡᠵᠢᠩ ᠲᠢᠶᠠᠨᠵᠢᠨ ᠾᠧᠪᠸᠢ ᠤᠷᠤᠨ ᠤ ᠬᠤᠳᠠᠯᠳᠤᠭᠠᠴᠢᠨ ᠤᠷᠢᠵᠦ ᠪᠡᠯᠡ ᠤᠷᠤᠭᠤᠯᠤᠨ ᠲᠠᠨᠢᠯᠴᠠᠭᠤᠯᠬᠤ ᠵᠢᠴᠢ ᠲᠦᠷᠦᠯ ᠵᠦᠢᠯ ᠤᠨ ᠭᠡᠷ᠎ᠡ ᠲᠤᠭᠳᠠᠬᠤ ᠶᠤᠰᠤᠯᠠᠯ ᠳᠤ ᠤᠷᠤᠯᠴᠠᠵᠦ᠂  ᠲᠦᠩ ᠸᠧᠢ — ᠮᠠᠶᠢᠰᠸᠧᠯ ᠲᠠᠢ ᠲᠦᠷᠦᠯ ᠵᠦᠢᠯ ᠤᠨ ᠬᠠᠮᠳᠤᠷᠠᠯᠴᠠᠭᠠᠨ ᠤ ᠬᠡᠯᠡᠯᠴᠡᠭᠡᠷ ᠲᠤᠭᠳᠠᠪᠠ᠃      3 ᠰᠠᠷ᠎ᠠ ᠶᠢᠨ22 ᠤᠨ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠠᠷᠠᠯᠵᠢᠶᠠᠴᠢᠨ ᠤᠷᠢᠵᠦ ᠲᠤᠭᠤᠷᠢᠨ ᠪᠠᠶᠢᠴᠠᠭᠠᠬᠤ ᠶᠠᠷᠢᠯᠴᠠᠬᠤ ᠬᠤᠷᠠᠯ ᠬᠢᠵᠦ᠂ ᠸᠠᠨ ᠹᠧᠩ ᠪᠦᠯᠦᠭᠯᠡᠯ᠂ ᠲᠤᠮᠳᠠᠳᠦ ᠤᠯᠤᠰ ᠤᠨ ᠲᠡᠮᠦᠷ ᠵᠠᠮ  ᠤᠨ ᠠᠷᠪᠠᠨ ᠲᠦᠷᠪᠡᠳᠦᠭᠡᠷ ᠲᠤᠪᠴᠢᠶ᠎ᠠ᠂ ᠱᠠᠨᠳᠦ᠋ᠩ ᠤᠨ ᠬᠤᠢ ᠹᠠ᠂ ᠪᠠ ᠯᠦᠩ ᠤᠯᠠᠨ ᠤᠯᠤᠰ ᠵᠡᠷᠭᠡ ᠠᠵᠦ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠲᠠᠢ ᠰᠠᠨᠠᠯ ᠢᠶᠠᠨ ᠰᠤᠯᠢᠯᠴᠠᠨ ᠵᠦᠪᠳᠡᠯᠴᠡᠵᠦ᠂ ᠡᠯ᠎ᠡ ᠠᠵᠦ ᠠᠬᠤᠶᠢᠯᠠᠯ ᠢ ᠲᠠᠷᠬᠠᠨ ᠮᠤᠤᠮᠢᠩᠭᠠᠨ ᠳᠤ ᠦᠯᠡᠳᠡᠭᠡᠵᠦ᠂ ᠲᠡᠷᠬᠠᠨ ᠮᠤᠤᠮᠢᠩᠭᠠᠨ ᠳᠤ ᠪᠡᠯᠡ ᠤᠷᠤᠭᠤᠯᠵᠦ᠂ ᠲᠡᠷᠬᠠᠨ ᠮᠤᠤᠮᠢᠩᠭᠠᠨ ᠳᠤ ᠦᠢᠯᠡᠰ ᠪᠤᠰᠬᠠᠵᠦ᠂ ᠬᠦᠭᠵᠢᠯᠳᠡ ᠶᠢᠨ ᠠᠵᠠ ᠲᠤᠬᠢᠶᠠᠯ ᠢ ᠬᠠᠮᠳᠤᠪᠠᠷ ᠡᠳ᠋ᠯᠡᠵᠦ᠂ ᠰᠠᠶᠢᠨ ᠰᠠᠶᠢᠬᠠᠨ ᠢᠷᠡᠭᠡᠳᠦᠢ ᠶᠢ ᠬᠠᠮᠳᠤᠪᠠᠷ ᠴᠤᠭᠴᠠᠯᠠᠬᠤ ᠪᠠᠷ ᠤᠷᠢᠭᠰᠠᠨ ᠪᠠᠶᠢᠨ᠎ᠠ᠃      3 ᠰᠠᠷ᠎ᠠ ᠶᠢᠨ25 ᠤ ᠡᠳᠦᠷ᠂ ᠲᠠᠷᠬᠠᠨ ᠮᠤᠤᠮᠢᠩᠭᠠᠨ ᠤ ᠲᠠᠯ᠎ᠠ ᠨᠤᠳᠤᠭ ᠤᠨ ᠬᠤᠨᠢᠨ ᠤ ᠤᠷᠤᠨ ᠪᠦᠰᠡ  ᠶᠢᠨ ᠨᠡᠶᠢᠳᠡ ᠶᠢᠨ ᠬᠡᠷᠡᠭᠯᠡᠬᠡᠨ ᠤ ᠲᠦᠷᠦᠯ ᠲᠡᠮᠳᠡᠭ ᠤᠨ ᠲᠠᠨᠢᠯᠴᠠᠭᠤᠯᠭ᠎ᠠ ᠵᠢᠴᠢ ᠲᠠᠷᠬᠠᠨ ᠮᠤᠤᠮᠢᠩᠭᠠᠨ ᠤ ᠲᠠᠯ᠎ᠠ ᠨᠤᠳᠤᠭ ᠤᠨ ᠬᠤᠨᠢᠨ ᠤ ᠮᠢᠬᠠᠨ ᠤ ᠭᠠᠵᠠᠷ ᠵᠦᠢ ᠶᠢᠨ ᠢᠯᠡᠷᠬᠡᠶᠢᠯᠡᠯᠳᠦ ᠪᠦᠳᠦᠭᠡᠭᠳᠡᠭᠦᠨ ︵ᠱᠧᠨᠵᠧᠨ︶ ᠤ ᠲᠠᠨᠢᠯᠴᠠᠭᠤᠯᠭ᠎ᠠ ᠶᠢᠨ ᠬᠤᠳᠠᠯᠳᠤᠭᠠᠴᠢᠨ ᠤᠷᠢᠬᠤ ᠬᠤᠷᠠᠯ ᠱᠧᠨᠵᠧᠨ ᠤ ᠬᠤᠷᠠᠯ ᠦᠵᠡᠰᠭᠦᠯᠡᠩ ᠤ ᠲᠦᠪ ᠲᠤ ᠶᠠᠪᠤᠭᠳᠠᠨ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠦᠵᠡᠰᠭᠦᠯᠡᠩ ᠳᠤ ᠤᠷᠤᠯᠴᠠᠭᠰᠠᠨ ᠲᠤᠯᠤᠭᠠᠶᠢᠯᠠᠭᠴᠢ ᠠᠵᠦ ᠠᠬᠤᠶᠢᠯᠠᠯ ᠪᠤᠯᠤᠨ ᠱᠧᠨᠵᠧᠨ ᠬᠤᠳᠠ ᠶᠢᠨ ᠤᠯᠠᠨ ᠢᠳᠡᠭᠡᠨ ᠤᠮᠳᠠᠭᠠᠨ᠂ ᠬᠠᠩᠭᠠᠯᠭ᠎ᠠ ᠶᠢᠨ ᠬᠡᠯᠬᠢᠶ᠎ᠡ ᠶᠢᠨ ᠠᠵᠦ ᠠᠬᠤᠶᠢᠯᠠᠯ ᠤᠨ ᠭᠡᠷ᠎ᠡ ᠲᠤᠭᠳᠠᠭᠰᠠᠨ ᠵᠠᠬᠢᠶᠠᠯᠠᠭ᠎ᠠ ᠶᠢᠨ ᠶᠡᠷᠦᠩᠭᠡᠢ ᠬᠡᠮᠵᠢᠶ᠎ᠠ800 ᠭᠠᠷᠤᠢ ᠲᠤᠨ ᠢ ᠲᠠᠪᠠᠵᠦ᠂ ︽ᠲᠠᠷᠬᠠᠨ ᠮᠤᠤᠮᠢᠩᠭᠠᠨ ᠤ ᠲᠠᠯ᠎ᠠ ᠨᠤᠳᠤᠭ ᠤᠨ ᠬᠤᠨᠢ︾ ᠶᠢᠨ ᠨᠡᠷᠡᠳᠦ ᠲᠡᠮᠳᠡᠭ ᠢ ᠽᠧᠨᠵᠧᠨ ᠳᠤ ᠤᠷᠤᠭᠤᠯᠵᠦ᠂ ᠨᠡᠩ ᠦᠷᠭᠡᠨ ᠠᠭᠤᠳᠠᠮ ᠵᠠᠬ᠎ᠠ ᠲᠡᠯᠭᠡᠭᠦᠷ ᠲᠤ ᠤᠷᠤᠭᠤᠯᠵᠠᠢ᠃      2023 ᠤᠨ ᠤ ᠨᠢᠭᠡᠳᠦᠭᠡᠷ ᠤᠯᠠᠷᠢᠯ ᠳᠤ᠂ ᠪᠦᠬᠦ ᠬᠤᠰᠢᠭᠤᠨ ᠤ ᠬᠤᠳᠠᠯᠳᠤᠭᠠᠴᠢᠨ ᠤᠷᠢᠵᠦ ᠪᠡᠯᠡ ᠤᠷᠤᠭᠤᠯᠬᠤ ᠪᠠᠷ224 ᠠᠵᠦ ᠠᠬᠤᠶᠢᠯᠠᠯ ᠲᠠᠢ ᠵᠤᠯᠭᠤᠯᠳᠤᠨ᠂34 ᠲᠦᠷᠦᠯ ᠵᠦᠢᠯ ᠳᠤ ᠭᠠᠷ ᠤᠨ ᠦᠰᠦᠭ ᠵᠢᠷᠤᠵᠦ᠂ ᠬᠡᠯᠡᠯᠴᠡᠭᠡᠷ ᠤᠨ ᠪᠦᠬᠦ ᠪᠡᠯᠡ ᠣᠷᠣᠭᠤᠯᠤᠯᠳᠠ ᠨᠢ771.26 ᠳ᠋ᠦᠩᠰᠢᠭᠤᠷ ᠲᠦᠭᠦᠷᠢᠭ ᠲᠤ ᠬᠦᠷᠴᠦ᠂32 ᠲᠦᠷᠦᠯ ᠵᠦᠢᠯ ᠢ ᠨᠡᠶᠢᠳᠠᠪᠤᠷᠢᠵᠢᠭᠤᠯᠤᠨ᠂23 ᠲᠦᠷᠦᠯ ᠵᠦᠢᠯ ᠠᠵᠢᠯ ᠢᠶᠠᠨ ᠡᠬᠢᠯᠡᠭᠦᠯᠦᠭᠰᠡᠨ ᠪᠠᠶᠢᠨ᠎ᠠ᠃ ᠲᠠᠪᠤᠨ500 ᠬᠦᠴᠦᠷᠬᠡᠭ ᠠᠵᠦ ᠠᠬᠤᠶᠢᠯᠠᠯ ᠲᠠᠢ ᠭᠡᠷ᠎ᠡ ᠲᠤᠭᠳᠠᠵᠠᠦ᠂ ᠬᠡᠯᠡᠯᠴᠡᠭᠡᠷ ᠤᠨ ᠶᠡᠷᠦᠩᠭᠡᠢ ᠪᠡᠯᠡ ᠤᠷᠤᠭᠤᠯᠤᠯᠳᠠ ᠶᠢᠨ ᠲᠤᠭ᠎ᠠ124.08 ᠳ᠋ᠦᠩᠰᠢᠭᠤᠷ ᠲᠦᠭᠦᠷᠢᠭ ᠲᠤ ᠬᠦᠷᠪᠡ᠃104 ᠲᠦᠷᠦᠯ ᠵᠦᠢᠯ ᠢ ᠨᠦᠬᠡᠴᠡᠯᠡᠵᠦ᠂833.96 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠬᠤ ᠪᠠᠷ ᠲᠦᠯᠦᠪᠯᠡᠵᠦ ᠪᠠᠶᠢᠨ᠎ᠠ᠃      ᠨᠡᠭᠦᠷᠡᠰᠦᠳᠦ᠋ᠷᠦᠭᠴᠢ ᠦᠭᠡᠢ ᠠᠵᠦ ᠦᠢᠯᠡᠰ ᠤᠨ ᠬᠦᠷᠢᠶᠡᠯᠡᠩ ᠲᠤᠭᠤᠷᠢᠭ ᠲᠤ᠂ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠪᠦᠬᠦ ᠬᠦᠴᠦᠨ ᠢᠶᠠᠷ ᠢᠶᠠᠨ ᠠᠵᠢᠯ ᠢᠶᠠᠨ ᠡᠬᠢᠯᠡᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠶᠤᠨᠳᠦ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠮᠠᠰᠢᠨ ᠵᠢᠴᠢ ᠲᠡᠭᠡᠳᠦ ᠰᠢᠨ᠎ᠡ ᠮᠡᠷᠭᠡᠵᠢᠯ ᠤᠨ ᠤᠶᠤᠨᠴᠢᠯᠠᠭᠰᠠᠨ ᠠᠷᠭᠠᠳᠦ ᠬᠦᠷᠳᠦᠨ ᠬᠠᠶᠢᠷᠴᠠᠭ ᠤᠨ ᠨᠡᠶᠢᠯᠡᠮᠡᠯ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠶᠡᠬᠡᠪᠡᠷ ᠠᠵᠢᠯᠯᠠᠵᠦ ᠲᠦᠷᠭᠡᠨ ᠬᠦᠭᠵᠢᠬᠦ ᠬᠠᠯᠠᠭᠤᠨ ᠦᠷᠨᠢᠯᠳᠡ ᠭᠠᠷᠴᠦ ᠦᠪᠦᠷ ᠮᠤᠩᠭᠤᠯ ᠤᠨ ᠤᠪᠤᠭ᠎ᠠ᠂ ᠹᠯᠤᠷ  ᠤᠨ ᠬᠢᠮᠢ ᠶᠢᠨ ᠠᠵᠦ ᠦᠢᠯᠡᠳᠪᠦᠷᠢ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠲᠡᠭᠦᠵᠢᠩ ᠰᠤᠪᠤᠷᠭ᠎ᠠ ᠰᠦᠨᠳᠡᠷᠯᠡᠵᠦ᠂ ᠮᠠᠰᠢᠨ ᠮᠧᠬᠠᠨᠢᠭ ᠤᠨ ᠲᠠᠭᠤᠨ ᠨᠢᠵᠢᠭᠢᠨᠡᠨ ᠦᠪᠦᠷ ᠮᠤᠩᠭᠤᠯ ᠤᠨ ᠬᠠᠢ ᠳ᠋ᠠ ᠰᠢᠨ᠎ᠡ ᠮᠧᠲ᠋ᠧᠷᠢᠶᠠᠯ  ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠳᠦ ᠺᠤᠮᠫᠠᠨᠢ ᠶᠢᠨ ᠵᠢᠯ ᠳᠤ3 ᠲᠦᠮᠡᠨ ᠲᠤᠨ ᠯᠢᠲ᠋ᠢ ᠢᠶᠤᠨ ᠤ ᠳ᠋ᠢᠶᠠᠨ ᡂᠢ ᠶᠢᠨ ᠪᠢᠯᠢᠭ ᠲᠤᠶᠢᠯ ᠤᠨ ᠮᠠᠲ᠋ᠧᠷᠢᠶᠠᠯ ᠤᠨ ᠲᠦᠷᠦᠯ ᠵᠦᠢᠯ ᠦᠢᠯᠡᠳᠪᠦᠷᠢᠯᠡᠬᠦ ᠲᠤᠬᠠᠢ ᠶᠢᠨ ᠲᠠᠯᠠᠪᠠᠢ  ᠳᠤ᠂ ᠠᠵᠢᠯᠳᠠᠳ ᠨᠠᠰᠢ ᠴᠠᠰᠢ ᠰᠦᠯᠵᠢᠯᠳᠦᠵᠦ ᠵᠠᠭᠠᠷᠠᠯᠳᠠᠢ ᠠᠵᠢᠯᠯᠠᠨ᠎ᠠ᠃      ᠲᠤᠮᠳᠠᠳᠦ ᠶᠢᠨ ᠴᠠᠬᠢᠯᠭᠠᠨ ᠤ20 ᠲᠦᠮᠡᠨ ᠺᠢᠯᠤᠸᠠᠲ ᠤᠨ ᠰᠢᠨ᠎ᠡ ᠡᠨᠧᠷᠬᠢ ᠪᠠᠷ ᠤᠰᠤᠳᠦ᠋ᠷᠦᠭᠴᠢ ᠦᠢᠯᠡᠳᠬᠦ ᠢᠨᠵᠧᠨ᠋ᠷᠢᠩ ᠤᠨ ᠵᠢᠱᠢᠶ᠎ᠡ ᠦᠵᠡᠭᠦᠯᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠴᠦ ᠯᠠᠪᠳᠠᠭᠤᠨ ᠪᠠᠳᠤᠳᠠᠢ ᠠᠬᠢᠵᠦ ᠲᠦᠷᠦᠯ ᠵᠦᠢᠯ ᠤᠨ ᠬᠠᠷᠢᠭᠤᠴᠠᠯᠭᠠᠳᠠᠨ ᠤ ᠲᠠᠨᠢᠯᠴᠠᠭᠤᠯᠤᠭᠰᠠᠨ ᠢᠶᠠᠷ᠂ ᠪᠦᠬᠦ ᠤᠯᠤᠰ ᠤᠨ ᠠᠩᠬᠠᠳᠠᠭᠴᠢ ᠪᠦᠯᠦᠭ ᠶᠡᠭᠡ ᠬᠡᠪᠴᠢᠶᠡᠨ ᠤ ᠲᠠᠬᠢᠨ ᠡᠭᠦᠰᠴᠦ ᠪᠤᠯᠬᠤ ᠡᠨᠧᠷᠬᠢ ᠶᠢᠨ ᠰᠤᠷᠪᠤᠯᠵᠢ ᠶᠢᠨ ᠪᠤᠬᠢᠷᠳᠤᠯ ᠦᠭᠡᠢ ᠤᠰᠤᠳᠦ᠋ᠷᠦᠭᠴᠢ ᠶᠢ ᠦᠢᠯᠡᠳᠬᠦ ᠵᠢᠱᠢᠶ᠎ᠡ ᠦᠵᠡᠭᠦᠯᠬᠦ ᠲᠦᠷᠦᠯ ᠵᠦᠢᠯ ᠤᠨ ᠨᠢᠭᠡ ᠪᠤᠯᠤᠭᠰᠠᠨ ᠤ ᠬᠤᠪᠢ ᠳᠤ ᠂ ᠲᠤᠰ ᠲᠦᠷᠦᠯ ᠵᠦᠢᠯ ᠳᠤ12 ᠲᠦᠮᠡᠨ ᠺᠢᠯᠤᠸᠠᠲ ᠤᠨ ᠰᠠᠯᠬᠢᠨ ᠬᠦᠴᠦᠨ ᠤ ᠴᠠᠬᠢᠯᠭᠠᠨ᠂8 ᠲᠦᠮᠡᠨ ᠺᠢᠯᠤᠸᠠᠲ  ᠤᠨ ᠭᠡᠷᠡᠯ ᠴᠡᠨᠡᠭ ᠤᠨ ᠬᠠᠳᠠᠭᠠᠯᠠᠮᠵᠢ᠂2 ᠲᠦᠮᠡᠨ ᠺᠢᠯᠤᠸᠠᠲ ᠤᠨ ᠴᠠᠬᠢᠯᠭᠠᠨ ᠬᠢᠮᠢ ᠶᠢᠨ ᠡᠨᠧᠷᠬᠢ ᠶᠢᠨ ᠬᠠᠳᠠᠭᠠᠯᠠᠯᠳᠠᠴᠠ ᠴᠠᠬᠢᠯᠭᠠᠨ ᠵᠠᠳᠠᠯᠤᠯ ᠤᠨ ᠤᠰᠤ ᠪᠠᠷ ᠤᠰᠤᠳᠦ᠋ᠷᠦᠭᠴᠢ ᠶᠢ ᠴᠠᠭ ᠪᠦᠷᠢ12000m2 ᠦᠢᠯᠡᠳᠪᠦᠷᠢᠯᠡᠨ᠂2023 ᠤᠨ ᠳᠤ ᠠᠰᠢᠭᠯᠠᠯᠳᠠ ᠳᠤ ᠤᠷᠤᠭᠤᠯᠬᠤ ᠪᠠᠷ ᠲᠦᠯᠦᠪᠯᠡᠵᠦ ᠪᠤᠢ᠃ ︽ᠬᠤᠤᠰ ᠨᠡᠭᠦᠷᠡᠰᠦᠳᠦ᠋ᠷᠦᠭᠴᠢ︾ ᠶᠢᠨ ᠲᠤᠷᠤᠨ᠎ᠠ ᠶᠢᠨ ᠰᠠᠯᠬᠢᠨ ᠤ ᠡᠷᠴᠢᠨ ᠲᠡᠭᠡᠷ᠎ᠡ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢᠶᠠᠷ ᠤᠮᠤᠭ ᠲᠡᠭᠦᠯᠳᠡᠷ ᠢᠶᠠᠷ ᠤᠷᠤᠭᠰᠢᠯᠠᠵᠦ ᠪᠠᠶᠢᠨ᠎ᠠ᠃      ︽ᠠᠷᠠᠯᠵᠢᠶᠠᠴᠢᠨ ᠤᠷᠢᠵᠦ ᠪᠡᠯᠡ ᠲᠠᠳᠠᠬᠤ ᠰᠢᠪᠳᠤᠯᠤᠯᠳᠠ ᠶᠢᠨ ᠵᠢᠯ︾ ᠤᠨ ᠠᠵᠢᠯᠯᠠᠭ᠎ᠠ ᠶᠢ ᠤᠯᠠᠮ ᠨᠢᠭᠡ ᠠᠯᠬᠤᠮ ᠢᠳᠡᠪᠬᠢᠳᠡᠢ ᠦᠷᠨᠢᠭᠦᠯᠵᠦ᠂ ︽ᠭᠤᠷᠪᠠᠨ ᠬᠡᠯᠬᠢᠶ᠎ᠡ ᠭᠤᠷᠪᠠᠨ ᠴᠤᠭᠯᠠᠷᠠᠯ︾ ᠤᠨ ᠬᠠᠷᠢᠭᠤᠴᠠᠯᠭ᠎ᠠ ᠶᠢ ᠪᠤᠳᠠᠳᠠᠶᠢᠵᠢᠭᠤᠯᠬᠤ ᠶᠢᠨ ᠲᠦᠯᠦᠭᠡ᠂ ︽ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠯᠵᠢᠶᠠᠴᠢᠨ ᠤᠷᠢᠵᠦ ᠪᠡᠯᠡ ᠲᠠᠳᠠᠬᠤ ᠭᠤᠷᠨᠠᠮ ᠵᠢᠯ ︵2023 —2025 ᠤᠨ︶ ᠤᠨ ᠠᠵᠢᠯᠯᠠᠭ᠎ᠠ ᠶᠢᠨ ᠲᠦᠰᠦᠯ ︵ᠰᠠᠨᠠᠯ ᠬᠤᠷᠢᠶᠠᠬᠤ ᠨᠤᠤᠷᠠᠭ︶︾ ᠢ ᠲᠤᠭᠳᠠᠭᠠᠵᠦ᠂ ᠠᠷᠠᠯᠵᠢᠶᠠᠴᠢᠨ ᠤᠷᠢᠬᠤ ᠠᠵᠢᠯ ᠤᠨ ᠲᠤᠭᠳᠠᠴᠠ ᠶᠢ ᠪᠠᠶᠢᠭᠤᠯᠬᠤ ᠶᠢᠨ ᠵᠡᠷᠭᠡ ᠳᠤ ᠪᠠᠰᠠ ᠪᠦᠬᠦ ᠵᠢᠯ ᠤᠨ ᠬᠤᠳᠠᠯᠳᠤᠭᠠᠴᠢᠨ ᠤᠷᠢᠵᠦ ᠪᠡᠯᠡ ᠤᠷᠤᠭᠤᠯᠬᠤ ᠡᠭᠦᠷᠭᠡ ᠶᠢ ᠡᠯ᠎ᠡ ᠰᠠᠯᠠᠭ᠎ᠠ ᠮᠦᠴᠢᠷ᠂ ᠡᠯ᠎ᠡ ᠨᠢᠭᠡᠴᠡ ᠳᠤ ᠨᠠᠠᠷᠢᠯᠢᠭᠵᠢᠭᠤᠯᠤᠨ ᠬᠤᠪᠦᠶᠠᠵᠦ ᠪᠤᠳᠠᠳᠠᠶᠢᠵᠢᠭᠤᠯᠤᠨ ᠬᠤᠳᠠᠯᠳᠤᠭᠠᠴᠢᠨ ᠤᠷᠢᠵᠦ ᠪᠡᠯᠡ ᠤᠷᠤᠭᠤᠯᠬᠤ ᠠᠵᠢᠯ ᠤᠨ ᠬᠢᠨᠡᠨ ᠰᠢᠯᠭᠠᠬᠤ ᠠᠷᠭ᠎ᠠ ᠶᠢ ᠤᠯᠠᠮ ᠨᠢᠭᠡ ᠠᠯᠬᠤᠮ ᠲᠤᠳᠤᠷᠬᠠᠶᠢᠯᠠᠵᠦ᠂ ᠬᠤᠳᠠᠯᠳᠤᠭᠠᠴᠢᠨ ᠤᠷᠢᠬᠤ ᠠᠵᠢᠯ ᠤᠨ ᠬᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠦ ᠪᠠᠶᠢᠨ᠎ᠠ᠃      ᠪᠦᠬᠦ ᠬᠤᠰᠢᠭᠤ ᠪᠠᠷ ᠢᠶᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠪᠡᠷᠳᠡᠭᠡᠨ ᠵᠠᠰᠠᠬᠤ ᠤᠷᠤᠨ᠂ ᠪᠤᠭᠤᠳᠦ ᠬᠤᠳᠠ ᠶᠢᠨ ᠪᠠᠶᠢᠷᠢᠯᠠᠭᠤᠯᠤᠯᠳᠠ ᠱᠠᠭᠠᠷᠳᠠᠯᠭ᠎ᠠ ᠲᠡᠭᠡᠷ᠎ᠡ ᠦᠨᠡᠨᠬᠦ ᠨᠢᠭᠡᠳᠭᠡᠵᠦ᠂ ᠰᠤᠷᠳᠠᠯ ᠢᠶᠠᠨ ᠦᠷᠭᠦᠯᠵᠢᠯᠡᠨ ᠬᠤᠪᠢᠷᠠᠭᠤᠯᠵᠦ᠂ ︽ᠭᠠᠪᠰᠢᠭᠠᠶᠢᠯᠠᠬᠤ︾ ᠡᠷᠴᠢ ᠵᠤᠷᠢᠭ ᠢᠶᠠᠨ ᠪᠠᠳᠠᠷᠠᠭᠤᠯᠵᠦ᠂ ︽ᠵᠠᠪᠳᠠᠬᠤ︾ ᠪᠠᠶᠢᠳᠠᠯ ᠢᠶᠠᠷ ︽ᠰᠢᠨ᠎ᠡ︾ ᠲᠦᠷᠰᠦ ᠪᠠᠶᠢᠳᠠᠯ ᠢ ᠢᠯᠡᠷᠡᠭᠦᠯᠵᠦ᠂ ᠲᠤᠭ᠎ᠠ ᠬᠡᠮᠵᠢᠶ᠎ᠡ ᠪᠠ ᠶᠠᠰᠤ ᠴᠢᠨᠠᠷ ᠢ ᠵᠡᠷᠭᠡᠪᠡᠷ ᠴᠢᠬᠤᠯᠠᠴᠢᠯᠠᠬᠤ᠂ ᠭᠡᠷ᠎ᠡ ᠲᠤᠭᠳᠠᠬᠤ ᠪᠠ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠵᠡᠷᠭᠡᠪᠡᠷ ᠠᠳᠬᠤᠬᠤ᠂ ᠲᠦᠷᠦ  ᠶᠢᠨ ᠪᠤᠳᠤᠯᠭ᠎ᠠ ᠪᠠ ᠦᠢᠯᠡᠴᠢᠯᠡᠭᠡ ᠶᠢ ᠵᠡᠷᠭᠡᠪᠡᠷ ᠶᠠᠪᠤᠭᠳᠠᠭᠤᠯᠬᠤ ᠶᠢ ᠪᠠᠷᠢᠮᠳᠠᠯᠠᠵᠦ᠂ ᠶᠡᠬᠡᠪᠡᠷ ᠪᠡᠯᠡ ᠤᠷᠤᠭᠤᠯᠵᠦ ᠠᠪᠴᠢᠷᠠᠬᠤ᠂ ᠶᠡᠬᠡᠪᠡᠷ ᠰᠢᠪᠳᠤᠯᠤᠯᠳᠠ ᠭᠠᠷᠭᠠᠬᠤ᠂ ᠠᠵᠦ ᠦᠢᠯᠡᠰ ᠤᠨ ᠪᠦᠯᠦᠭᠵᠢᠯ ᠢ ᠶᠡᠬᠡᠪᠡᠷ ᠬᠦᠭᠵᠢᠭᠦᠯᠬᠦ᠂ ᠶᠡᠷᠦᠩᠬᠡᠶᠢᠯᠡᠭᠰᠡᠨ ᠪᠤᠳᠠᠳᠦ ᠬᠦᠴᠦᠨ ᠢ ᠶᠡᠬᠡᠪᠡᠷ ᠲᠡᠭᠡᠭᠰᠢᠯᠡᠭᠦᠯᠬᠦ ᠶᠢ ᠴᠢᠷᠮᠠᠶᠢᠨ ᠪᠡᠶᠡᠯᠡᠭᠦᠯᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠬᠠᠭᠤᠳᠠᠰᠦ ᠶᠢ ᠴᠢᠷᠮᠠᠶᠢᠨ ᠡᠭᠦᠳᠴᠦ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号