ᠲᠠᠷᠬᠠᠨ ᠮᠤᠤᠮᠢᠩᠭᠬᠠᠨ ᠬᠤᠯᠪᠤᠭᠠᠳᠦ ᠬᠤᠰᠢᠭᠤ ᠪᠤᠬᠢᠷᠳᠤᠯ ᠦᠭᠡᠢ ᠬᠦᠭᠵᠢᠯᠳᠡ ᠶᠢ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2023/4/11
      ᠨᠡᠭᠦᠷᠡᠰᠦᠳᠦ᠋ᠷᠦᠭᠴᠢ ᠦᠭᠡᠢ ᠬᠦᠷᠢᠶᠡᠯᠡᠩ ᠲᠤᠭᠤᠷᠢᠭ ᠪᠤᠯ ᠴᠡᠪᠡᠷ ᠡᠨᠧᠷᠬᠢ ᠶᠢᠨ ᠦᠢᠯᠡᠳᠪᠦᠷᠢᠯᠡᠯ᠂ ᠠᠷᠠᠯᠵᠢᠶ᠎ᠠ᠂ ᠬᠤᠪᠢᠷᠠᠭᠤᠯᠤᠯᠳᠠ᠂ ᠬᠡᠷᠡᠭᠯᠡᠭᠡ ᠵᠡᠷᠭᠡ ᠶᠢ ᠨᠢᠭᠡ ᠴᠤᠭᠴᠠᠵᠢᠭᠤᠯᠤᠭᠰᠠᠨ ᠠᠵᠦ ᠦᠢᠯᠡᠰ ᠤᠨ ᠲᠠᠪᠴᠠᠩ ᠮᠦᠨ᠂ ᠪᠤᠬᠢᠷᠳᠤᠯ ᠦᠭᠡᠢ ᠴᠠᠬᠢᠯᠭᠠᠨ ᠭᠠᠷᠭᠠᠬᠤ ᠠᠴᠠ ᠦᠨᠳᠦᠷ ᠦᠷ᠎ᠡ ᠠᠰᠢᠭ ᠲᠠᠢ ᠴᠠᠬᠢᠯᠭᠠᠨ ᠬᠡᠷᠡᠭᠯᠡᠬᠦ ᠶᠢ ᠪᠡᠶᠡᠯᠡᠭᠦᠯᠵᠦ᠂ ᠬᠦᠷᠢᠶᠡᠯᠡᠩ ᠲᠤᠭᠤᠷᠢᠭ ᠤᠨ ᠡᠨᠧᠷᠬᠢ ᠶᠢᠨ ᠠᠰᠢᠭᠯᠠᠮᠵᠢ ᠶᠢ ᠲᠡᠭᠡᠭᠰᠢᠯᠡᠭᠦᠯᠵᠦ᠂ ᠡᠨᠧᠷᠬᠢ ᠬᠡᠷᠡᠭᠯᠡᠬᠦ ᠦᠪᠡᠷ ᠤᠨ ᠦᠷᠳᠡᠭ ᠢ ᠪᠠᠭᠤᠷᠠᠭᠤᠯᠵᠦ᠂ ᠨᠡᠭᠦᠷᠡᠰᠦᠳᠦᠷᠦᠭᠴᠢ ᠦᠯᠦ ᠭᠠᠳᠠᠭᠰᠢᠯᠠᠭᠤᠯᠬᠤ ᠶᠢ ᠪᠡᠶᠡᠯᠡᠭᠦᠯᠬᠦ ᠪᠤᠯᠤᠨ᠎ᠠ       ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠤ ᠪᠤᠬᠢᠷᠳᠤᠯ ᠦᠭᠡᠢ ᠨᠡᠭᠦᠷᠡᠰᠦᠳᠦ᠋ᠷᠦᠭᠴᠢ ᠦᠭᠡᠢ ᠬᠦᠷᠢᠶᠡᠯᠡᠩ ᠲᠤᠭᠤᠷᠢᠭ ᠤᠨ ᠦᠵᠡᠭᠦᠯᠦᠯᠭᠡ ᠶᠢᠨ ᠲᠦᠪ ᠲᠤ ︽ᠰᠢᠨ᠎ᠡ ᠡᠨᠧᠷᠬᠢ︾ ᠪᠤᠯᠤᠨ ︽ᠤᠶᠤᠨ ᠤᠬᠠᠭᠠᠨ︾ ᠢ ᠪᠦᠷᠢᠨ ᠲᠡᠭᠦᠯᠳᠡᠷ ᠤᠶᠠᠯᠳᠤᠭᠤᠯᠭᠰᠠᠨ ᠬᠡᠷᠡᠭᠯᠡᠭᠡᠨ ᠤ ᠦᠵᠡᠭᠳᠡᠯ ᠢ ᠲᠤᠮᠤ ᠲᠡᠯᠭᠡᠴᠡ ᠪᠤᠯᠤᠨ ᠲᠠᠭᠤᠷᠢᠶᠠᠮᠠᠯ ᠲᠦᠬᠦᠭᠡᠷᠦᠮᠵᠢ ᠪᠠᠷ ᠲᠡᠯᠭᠡᠨ ᠦᠵᠡᠭᠦᠯᠵᠦ ᠪᠤᠢ᠃2022 ᠤᠨ ᠤ3 ᠰᠠᠷ᠎ᠠ ᠶᠢᠨ8 ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠵᠦ ᠦᠢᠯᠡᠳᠪᠦᠷᠢ ᠮᠡᠳᠡᠭᠡ ᠵᠠᠩᠭᠢᠵᠢᠯᠳᠠ ᠶᠢᠨ ᠲᠢᠩᠬᠢᠮ᠂ ᠡᠨᠧᠷᠬᠢ ᠶᠢᠨ ᠲᠤᠪᠴᠢᠶ᠎ᠠ ᠠᠴᠠ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠪᠤᠬᠢᠷᠳᠤᠯ ᠦᠭᠡᠢ ᠨᠡᠭᠦᠷᠡᠰᠦᠳᠦ᠋ᠷᠦᠭᠴᠢ ᠦᠭᠡᠢ ᠬᠦᠷᠢᠶᠡᠯᠡᠩ ᠲᠤᠭᠤᠷᠢᠭ ᠢ ᠪᠠᠶᠢᠭᠤᠯᠬᠤ ᠶᠢ ᠵᠦᠪᠰᠢᠶᠡᠷᠡᠵᠦ᠂ ︽ᠰᠢᠨ᠎ᠡ ᠡᠨᠧᠷᠬᠢ ᠶᠢ ᠨᠢᠭᠡ ᠤᠳᠠᠭ᠎ᠠ ᠳᠤ ᠲᠦᠯᠦᠪᠵᠢᠭᠦᠯᠦᠨ᠂ ᠰᠢᠨ᠎ᠡ ᠪᠠᠷ ᠨᠡᠮᠡᠭᠳᠡᠭᠰᠡᠨ ᠠᠵᠦ ᠦᠢᠯᠡᠰ ᠤᠨ ᠲᠠᠭᠠᠭᠠᠴᠠ ᠶᠢ ᠰᠢᠨ᠎ᠡ ᠡᠨᠧᠷᠬᠢ ᠲᠠᠢ ᠵᠡᠷᠭᠡᠪᠡᠷ ᠪᠦᠳᠦᠭᠡᠨ ᠪᠠᠶᠢᠭᠤᠯᠵᠦ᠂ ᠵᠡᠷᠭᠡᠪᠡᠷ ᠠᠰᠢᠭᠯᠠᠯᠳᠠ ᠳᠤ ᠤᠷᠤᠭᠤᠯᠵᠦ᠂ ᠲᠠᠪᠤᠨ ᠵᠢᠯ ᠤᠨ ᠲᠤᠳᠤᠷ᠎ᠠ ᠪᠦᠬᠦ ᠬᠦᠷᠢᠶᠡᠯᠡᠩ ᠲᠤᠭᠤᠷᠢᠭ ᠲᠤ100% ᠪᠠᠷ ᠠᠰᠢᠭᠯᠠᠬᠤ︾ ᠱᠠᠭᠠᠷᠳᠠᠯᠭ᠎ᠠ᠂ ᠰᠢᠯᠢᠳᠡᠭ ᠬᠦᠴᠦᠷᠬᠡᠭ ᠢ ᠨᠢ ᠰᠤᠩᠭᠤᠬᠤ ᠵᠠᠷᠴᠢᠮ ᠶᠤᠰᠤᠭᠠᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠶᠤᠸᠠᠨ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠢ ᠤᠷᠤᠭᠤᠯᠤᠨ ᠠᠪᠴᠢᠷᠠᠵᠦ᠂ ᠨᠡᠭᠦᠷᠡᠰᠦᠳᠦ᠋ᠷᠦᠭᠴᠢ ᠦᠭᠡᠢ ᠬᠦᠷᠢᠶᠡᠯᠡᠩ ᠲᠤᠭᠤᠷᠢᠭ ᠤᠨ ᠪᠢᠳᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠤᠭᠰᠠᠨ ᠪᠠᠶᠢᠨ᠎ᠠ᠃ ᠲᠦᠷᠦᠯ ᠵᠦᠢᠯ ᠤᠨ ᠪᠡᠯᠡ ᠤᠷᠤᠭᠤᠯᠤᠯᠳᠠ ᠨᠢ ᠪᠠᠷᠤᠭ150 ᠳ᠋ᠦᠩᠰᠢᠭᠤᠷ ᠲᠦᠭᠦᠷᠢᠭ ᠪᠠᠶᠢᠵᠦ᠂ ᠬᠤᠶᠠᠷ ᠬᠤᠭᠤᠴᠠᠭ᠎ᠠ ᠬᠤᠪᠢᠶᠠᠨ ᠪᠦᠳᠦᠭᠡᠨ ᠪᠠᠶᠢᠭᠤᠯᠬᠤ ᠪᠠᠷ ᠲᠦᠯᠦᠪᠯᠡᠵᠦ᠂ ᠪᠤᠬᠢᠷᠳᠤᠯ ᠦᠭᠡᠢ ᠴᠡᠪᠡᠷ ᠲᠡᠮᠦᠷᠯᠢᠭ᠂ ᠤᠶᠤᠨᠳᠦ ᠲᠤᠮᠤ ᠰᠠᠶ᠎ᠠ ᠸᠠᠲ ᠤᠨ ᠠᠷᠠᠭᠠᠳᠦ ᠬᠦᠷᠳᠦᠨ ᠬᠠᠶᠢᠷᠴᠠᠭ ᠵᠡᠷᠭᠡ ᠲᠦᠷᠦᠯ ᠵᠦᠢᠯ ᠢ ᠬᠡᠷᠡᠭᠵᠢᠭᠦᠯᠬᠦ ᠶᠢᠨ ᠬᠠᠮᠳᠦ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠵᠡᠷᠭᠡ ᠪᠠᠷ ᠪᠠᠶᠢᠭᠤᠯᠬᠤ ᠪᠤᠯᠤᠨ᠎ᠠ᠃ ᠶᠤᠸᠠᠨ ᠵᠢᠩ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠶᠤᠨᠳᠦ ᠰᠠᠯᠬᠢᠨ ᠬᠦᠴᠦᠨ ᠤ ᠮᠠᠰᠢᠨ ᠵᠢᠴᠢ ᠲᠡᠭᠡᠳᠦ ᠰᠢᠨ᠎ᠡ ᠤᠶᠤᠨᠴᠢᠯᠠᠭᠰᠠᠨ ᠠᠷᠠᠭᠠᠳᠦ ᠬᠦᠷᠳᠦᠨ ᠬᠠᠶᠢᠷᠴᠠᠭ ᠤᠨ ᠨᠠᠶᠢᠯᠡᠮᠡᠯ ᠲᠦᠷᠦᠯ ᠵᠦᠢᠯ ᠤᠨ ᠲᠤᠬᠠᠢ  ᠶᠢᠨ ᠲᠠᠯᠠᠪᠠᠢ ᠳᠤ ᠠᠮᠤᠷ ᠲᠦᠪᠰᠢᠨ ᠢ ᠠᠳᠬᠤᠵᠦ᠂ ᠶᠠᠰᠤ ᠴᠢᠨᠠᠷ ᠦᠷ᠎ᠡ ᠠᠰᠢᠭ ᠢ ᠨᠢ ᠲᠡᠭᠡᠭᠰᠢᠯᠡᠭᠦᠯᠦᠨ᠂ ᠠᠵᠢᠯ  ᠤᠨ ᠬᠤᠭᠤᠴᠠᠭ᠎ᠠ ᠶᠢ ᠠᠮᠵᠢᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠡᠮᠬᠢ ᠵᠢᠷᠤᠮ ᠲᠠᠢ ᠠᠬᠢᠭᠤᠯᠬᠤ ᠶᠢ ᠪᠦᠬᠦ ᠬᠦᠴᠦᠨ ᠢᠶᠠᠷ ᠢᠶᠠᠨ ᠪᠠᠳᠤᠯᠠᠵᠦ᠂ ᠡᠷᠳᠡᠬᠡᠨ ᠠᠰᠢᠭᠯᠠᠯᠳᠠ ᠳᠤ ᠤᠷᠤᠭᠤᠯᠬᠤ ᠪᠠᠷ ᠴᠢᠷᠮᠠᠶᠢᠵᠦ ᠪᠠᠶᠢᠨ᠎ᠠ᠃      ᠲᠦᠷᠦᠯ ᠵᠦᠢᠯ ᠤᠨ ᠬᠠᠷᠢᠭᠤᠴᠠᠯᠭᠠᠳᠠᠨ ᠷᠧᠨ ᠪᠦᠸᠧ ᠤᠨ ᠲᠠᠨᠢᠯᠴᠠᠭᠤᠯᠤᠭᠰᠠᠨ ᠢᠶᠠᠷ᠄ ︽ᠶᠤᠸᠠᠨ ᠵᠢᠩ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠶᠤᠨᠳᠦ ᠰᠠᠯᠬᠢᠨ ᠬᠦᠴᠦᠨ ᠤ ᠮᠠᠰᠢᠨ ᠵᠢᠴᠢ ᠲᠡᠭᠡᠳᠦ ᠰᠢᠨ᠎ᠡ ᠤᠶᠤᠨᠴᠢᠯᠠᠭᠰᠠᠨ ᠠᠷᠠᠭᠠᠳᠦ ᠬᠦᠷᠳᠦᠨ ᠤ ᠬᠠᠶᠢᠷᠴᠠᠭ ᠤᠨ ᠨᠡᠶᠢᠯᠡᠮᠡᠯ ᠲᠦᠷᠦᠯ ᠵᠦᠢᠯ90 ᠮᠤ᠋ ᠭᠠᠵᠠᠷ ᠡᠵᠡᠯᠡᠵᠦ᠂ ᠪᠠᠷᠢᠯᠭ᠎ᠠ ᠶᠢᠨ ᠲᠠᠯᠠᠪᠠᠢ ᠨᠢ28000 ᠭᠠᠷᠤᠢ ᠲᠡᠭᠰᠢ ᠲᠦᠷᠪᠡᠯᠵᠢᠨ ᠮᠧᠲᠷ ᠪᠠᠶᠢᠵᠦ᠂ ᠡᠨᠡ ᠵᠢᠯ ᠤᠨ3 ᠰᠠᠷ᠎ᠠ  ᠶᠢᠨ10 ᠤ ᠡᠳᠦᠷ ᠵᠢᠩᠭᠢᠨᠢ ᠪᠠᠷ ᠠᠵᠢᠯ ᠢᠶᠠᠨ ᠰᠡᠷᠭᠦᠭᠡᠵᠦ᠂ ᠡᠨᠡ ᠵᠢᠯ ᠤᠨ8 ᠰᠠᠷ᠎ᠠ ᠶᠢᠨ ᠰᠡᠭᠦᠯᠴᠢ ᠪᠠᠷ ᠪᠠᠷᠢᠯᠭ᠎ᠠ ᠲᠠᠭᠤᠰᠬᠤ ᠪᠤᠯᠤᠨ᠎ᠠ᠂ ᠭᠤᠤᠯᠳᠠᠭᠤ ᠰᠠᠶ᠎ᠠ ᠸᠠᠲ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠴᠤᠭᠴᠠᠯᠠᠪᠤᠷᠢ ᠵᠢᠴᠢ ᠲᠡᠭᠡᠳᠦ ᠰᠢᠨ᠎ᠡ ᠤᠶᠤᠨᠴᠢᠯᠠᠭᠰᠠᠨ ᠠᠷᠠᠭᠠᠳᠦ ᠬᠦᠷᠳᠦᠨ ᠠᠪᠳᠠᠷ᠎ᠠ ᠶᠢ ᠦᠢᠯᠡᠳᠪᠦᠷᠢᠯᠡᠵᠦ᠂ ᠶᠤᠸᠠᠨ ᠵᠢᠩ ᠤᠶᠤᠨᠳᠦ ᠭᠤᠤᠯ ᠮᠠᠰᠢᠨ ᠴᠤᠭᠴᠠᠯᠠᠪᠤᠷᠢ ᠪᠤᠯᠤᠨ ᠠᠷᠠᠭᠠᠳᠦ ᠬᠦᠷᠳᠦᠨ ᠠᠪᠳᠠᠷ᠎ᠠ ᠶᠢᠨ ᠨᠠᠶᠢᠯᠠᠮᠠᠯ ᠲᠦᠷᠦᠯ ᠵᠦᠢᠯ᠂ ᠪᠤᠬᠢᠷᠳᠤᠯ ᠦᠭᠡᠢ ᠴᠡᠪᠡᠷ ᠲᠡᠮᠦᠷᠯᠢᠭ ᠤᠨ ᠲᠦᠷᠦᠯ ᠵᠦᠢᠯ ᠨᠢ ᠨᠡᠶᠢᠳᠡ50 ᠳ᠋ᠦᠩᠰᠢᠭᠤᠷ ᠰᠢᠬᠠᠮ ᠦᠢᠯᠡᠳᠭᠦᠨ ᠤ ᠦᠷᠳᠡᠭ ᠢ ᠠᠪᠴᠢᠷᠠᠬᠤ ᠪᠤᠯᠤᠨ᠎ᠠ᠃ ᠪᠢᠳᠡ ᠲᠡᠭᠡᠳᠦ ᠲᠤᠤᠷᠠᠳᠦ ᠤᠷᠤᠰᠬᠠᠯ ᠤᠨ ᠠᠵᠦ ᠦᠢᠯᠡᠰ  ᠢᠶᠠᠷ ᠬᠦᠳᠦᠯᠵᠦ ᠪᠠᠶᠢᠭᠠᠳ᠂ ᠲᠤᠰ ᠭᠠᠵᠠᠷ ᠤᠨ ᠲᠡᠭᠡᠳᠦ ᠲᠤᠤᠷᠠᠳᠦ ᠤᠷᠤᠰᠬᠠᠯ ᠤᠨ ᠲᠤᠨᠤᠭ ᠢ ᠲᠤᠰ ᠭᠠᠵᠠᠷ  ᠲᠤᠨᠢ ᠰᠢᠩᠭᠡᠭᠡᠵᠦ᠂ ᠬᠤᠶᠠᠷ ᠲᠠᠯ᠎ᠠ ᠶᠢᠨ ᠠᠵᠢᠯ ᠢ ᠵᠡᠷᠭᠡᠪᠡᠷ ᠬᠢᠵᠦ ᠠᠵᠦ ᠦᠢᠯᠡᠰ ᠤᠨ ᠲᠦᠪᠯᠡᠷᠡᠯ ᠢ ᠪᠦᠷᠢᠯᠳᠦᠭᠦᠯᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠵᠢᠴᠢ ᠪᠤᠭᠤᠳᠦ ᠬᠤᠳᠠ ᠶᠢᠨ ᠰᠢᠨ᠎ᠡ ᠡᠨᠧᠷᠬᠢ  ᠶᠢᠨ ᠲᠤᠨᠤᠭ ᠲᠦᠬᠦᠭᠡᠷᠦᠮᠵᠢ ᠦᠢᠯᠡᠳᠬᠦ ᠦᠢᠯᠡᠰ ᠲᠤ ᠰᠢᠨ᠎ᠡ ᠦᠷ᠎ᠡ ᠪᠦᠳᠦᠭᠡᠯ ᠤᠯᠬᠤ ᠳᠤ ᠬᠦᠴᠦᠨ ᠨᠡᠮᠡᠷᠢᠯᠡᠨ᠎ᠡ ︾ ᠭᠡᠵᠦ ᠬᠡᠯᠡᠪᠡ᠃      2023 ᠤᠨ ᠳᠤ᠂ ᠶᠤᠸᠠᠨ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠠᠴᠠ ᠪᠠᠶᠢᠭᠤᠯᠤᠭᠰᠠᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠨᠢ ᠨᠡᠭᠦᠷᠡᠰᠦᠳᠦ᠋ᠷᠦᠭᠴᠢ ᠦᠭᠡᠢ ᠠᠵᠦ ᠦᠢᠯᠡᠰ ᠤᠨ ᠬᠦᠷᠢᠶᠡᠯᠡᠩ ᠳᠤ ᠤᠷᠤᠵᠦ ᠰᠠᠭᠤᠭᠰᠠᠨ ᠲᠦᠷᠦᠭᠦᠦ ᠪᠦᠯᠦᠭ ᠤᠨ ᠠᠵᠦ ᠠᠬᠤᠶᠢᠯᠠᠯ ᠳᠤ ᠪᠤᠬᠢᠷᠳᠤᠯ ᠦᠭᠡᠢ ᠴᠠᠬᠢᠯᠭᠠᠨ ᠬᠠᠩᠭᠠᠬᠤ ᠶᠢ ᠪᠡᠶᠡᠯᠡᠭᠦᠯᠵᠦ᠂ ᠪᠤᠬᠢᠷᠳᠤᠯ ᠦᠭᠡᠢ ᠴᠡᠪᠡᠷ ᠲᠡᠮᠦᠷᠯᠢᠭ ᠤᠨ ᠲᠦᠷᠦᠯ ᠵᠦᠢᠯ ᠢ ᠴᠤ ᠵᠡᠷᠭᠡᠪᠡᠷ ᠬᠡᠷᠡᠭᠵᠢᠭᠦᠯᠦᠨ᠎ᠡ᠃ ᠢᠷᠡᠭᠡᠳᠦᠢ ᠳᠤ᠂ ᠨᠡᠭᠦᠷᠡᠰᠦᠳᠦᠷᠦᠭᠴᠢ ᠦᠭᠡᠢ ᠠᠵᠦ ᠦᠢᠯᠡᠰ ᠤᠨ ᠬᠦᠷᠢᠶᠡᠯᠡᠩ1000 ᠳ᠋ᠦᠩᠰᠢᠭᠤᠷ ᠲᠦᠭᠦᠷᠢᠭ ᠤᠨ ᠠᠵᠦ ᠦᠢᠯᠡᠳᠪᠦᠷᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠵᠦ᠂5 ᠲᠦᠮᠡᠨ ᠠᠵᠢᠯ ᠤᠨ ᠪᠠᠶᠢᠷᠢ ᠶᠢ ᠰᠢᠨ᠎ᠡ ᠪᠠᠷ ᠨᠡᠮᠡᠭᠳᠡᠭᠦᠯᠦᠨ᠂ ᠵᠢᠯ ᠳᠤ5000 ᠲᠦᠮᠡᠨ ᠲᠤᠨ ᠪᠤᠬᠢᠷᠳᠤᠯ ᠪᠤᠳᠠᠰ ᠭᠠᠳᠠᠭᠰᠢᠯᠠᠭᠤᠯᠬᠤ ᠶᠢ ᠪᠠᠭᠠᠰᠬᠠᠬᠤ ᠪᠤᠯᠤᠨ᠎ᠠ᠃      ᠦᠪᠦᠷ ᠮᠤᠩᠭᠤᠯ ᠤᠨ ᠤᠪᠤᠭ᠎ᠠ ᠹᠯᠤᠷ ᠤᠨ ᠬᠢᠮᠢ ᠶᠢᠨ ᠠᠵᠦ ᠦᠢᠯᠡᠳᠪᠦᠷᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠴᠦ ᠡᠷᠴᠢᠮᠳᠡᠢ ᠶᠠᠪᠤᠭᠳᠠᠨ᠂ ᠲᠡᠳ᠋ ᠶᠡᠷᠦᠩᠭᠡᠢ ᠲᠠᠭᠠᠭᠠᠮᠠᠯ ᠶᠠᠩ ᠸᠠᠩ ᠵᠢᠶᠦ᠋ᠨ᠄ ︽ᠡᠨᠡ ᠵᠢᠯ ᠤᠨ2 ᠰᠠᠷ᠎ᠠ ᠶᠢᠨ ᠡᠬᠢ ᠪᠠᠷ᠂ ᠦᠪᠦᠷ ᠮᠤᠩᠭᠤᠯ ᠤᠨ ᠶᠢᠨ ᠤᠪᠤᠭ᠎ᠠ ᠹᠯᠤᠷ ᠤᠨ ᠬᠢᠮᠢ ᠶᠢᠨ ᠠᠵᠦ ᠦᠢᠯᠡᠳᠪᠦᠷᠢ  ᠶᠢᠨ ᠲᠦᠷᠦᠯ ᠵᠦᠢᠯ ᠵᠢᠩᠭᠢᠨᠢ ᠪᠠᠷ ᠦᠢᠯᠡᠳᠪᠦᠷᠢᠯᠡᠯ ᠢᠶᠠᠨ ᠰᠡᠷᠭᠦᠭᠡᠵᠦ᠂ ᠣᠳᠣᠬᠠᠨ ᠳᠤ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠶᠢᠨ ᠪᠡᠯᠡ ᠤᠷᠤᠭᠤᠯᠤᠯᠳᠠ305 ᠳ᠋ᠦᠩᠰᠢᠭᠤᠷ ᠲᠦᠭᠦᠷᠢᠭ ᠢ ᠪᠡᠶᠡᠯᠡᠭᠦᠯᠦᠨ᠂ ᠪᠠᠷᠢᠯᠭ᠎ᠠ  ᠶᠢᠨ ᠬᠡᠮᠵᠢᠶ᠎ᠡ ᠶᠢᠨ90% ᠠᠴᠠ ᠲᠡᠭᠡᠭᠰᠢᠬᠢ ᠶᠢ ᠪᠡᠶᠡᠯᠡᠭᠦᠯᠵᠦ᠂ ᠮᠠᠰᠢᠨ ᠴᠠᠬᠢᠯᠭᠠᠨ ᠬᠡᠮᠵᠢᠭᠦᠷᠯᠢᠭ ᠤᠭᠰᠠᠷᠠᠬᠤ ᠢᠨᠵᠧᠨᠧᠷᠢᠩ ᠤᠨ ᠪᠡᠯᠡ ᠤᠷᠤᠭᠤᠯᠤᠯᠳᠠ7 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠮᠠᠰᠢᠨ ᠴᠠᠬᠢᠯᠭᠠᠨ ᠬᠡᠮᠵᠢᠭᠦᠷᠯᠢᠭ ᠤᠭᠰᠠᠷᠠᠬᠤ ᠢᠨᠵᠧᠨᠧᠷᠢᠩ ᠤᠨ50% ᠠᠴᠠ ᠲᠡᠭᠡᠭᠰᠢᠬᠢ ᠶᠢ ᠪᠡᠶᠡᠯᠡᠭᠦᠯᠦᠨ᠂ ᠲᠦᠯᠦᠪᠯᠡᠭᠡ ᠪᠠᠷ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ5 ᠰᠠᠷ᠎ᠠ ᠶᠢᠨ ᠰᠡᠭᠦᠯᠴᠢ ᠪᠠᠷ ᠮᠠᠲ᠋ᠧᠷᠢᠶᠠᠯ ᠤᠷᠤᠭᠤᠯᠤᠨ ᠲᠤᠷᠰᠢᠨ ᠦᠢᠯᠡᠳᠪᠦᠷᠢᠯᠡᠨ᠎ᠡ︾ ᠭᠡᠵᠦ ᠬᠡᠯᠡᠪᠡ᠃3 ᠰᠠᠷ᠎ᠠ ᠶᠢᠨ18 ᠤ ᠦᠷᠯᠦᠭᠡ᠂ ᠦᠪᠦᠷ ᠮᠤᠩᠭᠤᠯ ᠤᠨ ᠬᠠᠢ ᠳ᠋ᠢ ᠰᠢᠨ᠎ᠡ ᠮᠠᠲ᠋ᠧᠷᠢᠶᠠᠯ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠳᠦ ᠺᠤᠮᠫᠠᠨᠢ ᠶᠢᠨ ᠵᠢᠯ ᠳᠤ3 ᠲᠮᠡᠨ ᠯᠢᠲ᠋ᠢ ᠢᠶᠦ᠋ᠨ ᠤ ᠳ᠋ᠢᠶᠠᠨ ᡂᠢ ᠤᠨ ᠪᠢᠯᠢᠭ ᠲᠤᠶᠢᠯ ᠤᠨ ᠮᠠᠲ᠋ᠧᠷᠢᠶᠠᠯ ᠤᠨ ᠲᠦᠷᠦᠯ ᠵᠦᠢᠯ ᠢ ᠨᠢᠭᠡᠨᠳᠡ ᠬᠦᠷᠢᠶ᠋ᠯᠡᠩ ᠲᠤᠭᠤᠷᠢᠭ ᠤᠨ ᠪᠤᠬᠢᠷᠳᠤᠯ ᠦᠭᠡᠢ ᠴᠠᠬᠢᠯᠭᠠᠨ ᠢ ᠰᠢᠭᠤᠳ ᠬᠠᠩᠭᠠᠬᠤ ᠰᠢᠰᠲ᠋ᠧᠮ ᠳᠤ ᠵᠠᠯᠭᠠᠨ ᠤᠷᠤᠭᠤᠯᠵᠦ᠂ ᠦᠢᠯᠡᠳᠪᠦᠷᠢᠯᠡᠯ ᠤᠨ ᠶᠠᠪᠤᠴᠠ ᠳᠤ ᠴᠦᠮ ᠪᠤᠬᠢᠷᠳᠤᠯ ᠦᠭᠡᠢ ᠴᠠᠬᠢᠯᠭᠠᠨ ᠢ ᠬᠡᠷᠡᠭᠯᠡᠵᠦ᠂ ᠦᠢᠯᠡᠳᠭᠦᠨ ᠤ ᠨᠡᠮᠡᠯᠳᠡ ᠦᠷᠳᠡᠭ ᠢ ᠨᠢᠭᠡ ᠠᠯᠬᠤᠮ ᠲᠡᠭᠡᠭᠰᠢᠯᠡᠭᠦᠯᠦᠭᠰᠡᠨ ᠪᠡᠶᠢᠨ᠎ᠡ᠃      ︽ᠲᠠᠷᠠᠬᠨ ᠮᠤᠤᠮᠢᠩᠭᠠᠨ ᠬᠤᠯᠪᠤᠭᠠᠳᠦ ᠬᠤᠰᠢᠭᠤᠨ ᠤ ᠪᠠᠷᠠᠭᠤᠨ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠨᠢ ᠶᠠᠭ ᠨᠡᠭᠦᠷᠡᠰᠦᠳᠦ᠋ᠷᠦᠭᠴᠢ ᠦᠭᠡᠢ ᠡᠨᠧᠷᠬᠢ ᠶᠢᠨ ᠨᠡᠭᠡᠭᠡᠨ ᠠᠰᠢᠭᠯᠠᠯᠳᠠ ᠪᠠᠷ ᠬᠦᠳᠦᠯᠦᠮᠵᠢ ᠪᠤᠯᠭᠠᠵᠦ ᠂ ᠶᠤᠸᠠᠨ ᠵᠢᠩ ᠰᠢᠨ᠎ᠡ ᠡᠨᠧᠷᠬᠢ ᠪᠠᠷ ᠠᠴᠢᠶᠠᠯᠠᠪᠤᠷᠢ ᠪᠤᠯᠭᠠᠨ᠂ ᠰᠢᠨ᠎ᠡ ᠬᠡᠯᠪᠡᠷᠢ ᠶᠢᠨ ᠨᠡᠭᠦᠷᠡᠰᠦᠳᠦ᠋ᠷᠦᠭᠴᠢ ᠦᠭᠡᠢ ᠡᠨᠧᠷᠬᠢ ᠶᠢᠨ ᠰᠢᠰᠲ᠋ᠧᠮ ᠪᠤᠯᠤᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠪᠠᠶᠢᠭᠤᠯᠵᠦ᠂ ︿ᠪᠤᠬᠢᠷᠳᠤᠯ ᠦᠬᠡᠢ ᠴᠠᠬᠢᠯᠭᠠᠨ ᠭᠠᠷᠭᠠᠬᠤ᠂ ᠤᠶᠤᠨᠴᠢᠯᠠᠭᠰᠠᠨ ᠴᠠᠬᠢᠯᠭᠠᠨ ᠲᠤᠤᠷ᠂ ᠡᠷᠬᠢᠯᠳᠡ ᠶᠢᠨ ᠠᠵᠦ ᠠᠬᠤᠢ  ᠶᠢᠨ ᠠᠵᠦ ᠦᠢᠯᠡᠰ ᠤᠨ ᠬᠡᠯᠬᠢᠶ᠎ᠡ﹀ ᠶᠢᠨ ᠬᠠᠮᠵᠢᠯᠴᠠᠨ ᠬᠦᠭᠵᠢᠬᠦ ᠵᠠᠭᠪᠤᠷ ᠢ ᠰᠦᠪᠡᠭᠴᠢᠯᠡᠵᠦ᠂ ᠪᠦᠬᠦ ᠪᠦᠮᠪᠦᠷᠴᠡᠭ  ᠤᠨ ᠨᠡᠭᠦᠷᠡᠰᠦᠳᠦ᠋ᠷᠦᠭᠴᠢ ᠦᠭᠡᠢ ᠠᠵᠦ ᠦᠢᠯᠡᠰ ᠤᠨ ᠬᠦᠷᠢᠶᠡᠯᠡᠩ ᠤᠨ ᠬᠡᠪ ᠲᠠᠭᠤᠷᠢᠶᠠᠯ ᠢ ᠪᠠᠶᠢᠭᠤᠯᠵᠦ᠂5 ᠵᠢᠯ  ᠤᠨ ᠬᠤᠭᠤᠴᠠᠭ᠎ᠠ ᠪᠠᠷ ᠮᠢᠩᠭᠠᠨ ᠳ᠋ᠦᠩᠰᠢᠭᠤᠷ ᠤᠨ ᠲᠡᠰ ᠤᠨ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠢ ᠪᠦᠳᠦᠭᠡᠨ ᠪᠠᠶᠢᠭᠤᠯᠬᠤ ᠬᠠᠷᠠᠯᠳᠠ ᠶᠢ ᠪᠡᠶᠡᠯᠡᠭᠦᠯᠬᠦ ᠪᠠᠷ ᠲᠦᠯᠦᠪᠯᠡᠵᠦ ᠪᠠᠶᠢᠨ᠎ᠠ︾ ᠭᠡᠵᠦ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠪᠠᠷᠠᠭᠤᠨ ᠠᠵᠦ ᠦᠢᠯᠡᠳᠪᠦᠷᠢ ᠶᠢᠨ ᠲᠤᠭᠤᠷᠢᠭ ᠤᠨ ᠬᠠᠮᠢᠶᠠᠷᠤᠯᠳᠠ ᠶᠢᠨ ᠵᠦᠪᠯᠡᠯ ᠤᠨ ᠲᠡᠳ᠋ ᠡᠷᠬᠢᠯᠡᠭᠴᠢ ᠬᠠᠨ ᠯᠢ ᠰᠢᠨ ᠬᠡᠯᠡᠭᠰᠡᠨ ᠪᠡᠶᠢᠨ᠎ᠡ᠃      ᠨᠡᠭᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ ᠪᠤᠬᠢᠷᠳᠤᠯ ᠦᠭᠡᠢ ᠬᠦᠭᠵᠢᠯᠳᠡ ᠶᠢ ᠠᠬᠢᠭᠤᠯᠤᠨ᠂ ︽ᠬᠤᠤᠰ ᠨᠡᠭᠦᠷᠡᠰᠦᠳᠦ᠋ᠷᠦᠭᠴᠢ︾ ᠶᠢᠨ ᠲᠤᠷᠤᠨ᠎ᠠ ᠶᠢᠨ ᠰᠠᠯᠬᠢᠨ ᠤ ᠡᠷᠴᠢᠨ ᠲᠡᠭᠡᠷ᠎ᠡ ᠨᠡᠭᠦᠷᠡᠰᠦᠳᠦ᠋ᠷᠦᠭᠴᠢ ᠦᠭᠡᠢ ᠬᠦᠷᠢᠶᠡᠯᠡᠩ ᠲᠤᠭᠤᠷᠢᠭ ᠤᠨ ᠲᠦᠷᠦᠯ ᠵᠦᠢᠯ ᠢ ᠡᠬᠢᠯᠡᠨ ᠪᠦᠳᠦᠭᠡᠨ ᠪᠠᠶᠢᠭᠤᠯᠬᠤ ᠶᠢ ᠲᠠᠭᠠᠯᠳᠤᠨ᠂ ᠪᠤᠬᠢᠷᠳᠤᠯ ᠦᠭᠡᠢ ᠠᠵᠦ ᠠᠬᠤᠢ ᠶᠢᠨ ᠰᠢᠨ᠎ᠡ ᠨᠡᠮᠡᠭᠳᠡᠯ ᠤᠨ ᠴᠡᠭ ᠶᠠᠭ ᠲᠠᠷᠬᠠᠨ ᠮᠤᠤᠮᠢᠩᠭᠠᠨ ᠳᠤ ᠪᠤᠶᠢᠵᠢᠨ ᠪᠦᠷᠢᠯᠳᠦᠵᠦ ᠪᠤᠢ
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号