ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠨ ᠡᠬᠡ ᠤᠯᠤᠰ ᠤᠨ ᠤᠮᠠᠷᠠᠳᠦ ᠬᠢᠯᠢ ᠶᠢᠨ ᠠᠮᠤᠷ ᠲᠦᠪᠰᠢᠨ ᠲᠤᠭᠳᠠᠭᠤᠨ ᠤ ᠬᠠᠯᠭᠠᠪᠴᠢ ᠶᠢ ᠦᠨᠡᠨᠬᠦ ᠪᠠᠳᠤᠳᠬᠠᠵᠦ ᠪᠠᠶᠢᠨ᠎ᠠ
ᠨᠡᠶᠢᠲᠡᠯᠡᠭᠰᠡᠨ ᠴᠠᠭ᠄
2023/4/12
      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠪᠤᠯ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠮᠠᠷᠠᠳᠦ ᠬᠡᠰᠡᠭ ᠲᠤ ᠪᠠᠶᠢᠷᠢᠯᠠᠵᠦ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠮᠠᠷᠠᠳᠦ ᠬᠡᠰᠡᠭ ᠲᠤ ᠪᠠᠶᠢᠷᠢᠯᠠᠵᠦ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ20 ᠬᠢᠯᠢ ᠶᠢᠨ ᠬᠤᠰᠢᠭᠤ ︵ᠬᠤᠳᠠ︶ ᠶᠢᠨ ᠨᠢᠭᠡ ᠪᠠᠶᠢᠵᠦ᠂ ᠮᠤᠩᠭᠤᠯ ᠤᠯᠤᠰ ᠲᠠᠢ ᠬᠢᠯᠢ ᠨᠡᠶᠢᠯᠡᠨ᠂ ᠦᠪᠡᠷᠮᠢᠴᠡ ᠭᠠᠵᠠᠷ ᠵᠦᠢ ᠶᠢᠨ ᠤᠷᠤᠨ ᠪᠠᠶᠢᠷᠢ ᠲᠠᠢ ᠪᠠᠶᠢᠵᠦ᠂ ᠡᠬᠡ ᠤᠯᠤᠰ ᠤᠨ ᠤᠮᠠᠷᠠᠳᠦ ᠬᠢᠯᠢ ᠶᠢᠨ ᠠᠮᠤᠷ ᠲᠦᠪᠰᠢᠨ ᠲᠤᠭᠳᠠᠭᠤᠨ ᠤ ᠬᠠᠯᠬᠠᠪᠴᠢ ᠶᠢ ᠪᠠᠬᠢᠵᠢᠭᠦᠯᠬᠦ ᠴᠢᠬᠤᠯᠠ ᠡᠭᠦᠷᠭᠡ ᠶᠢ ᠡᠭᠦᠷᠭᠡᠯᠡᠵᠦ ᠪᠠᠶᠢᠳᠠᠭ᠃
微信图片_20230410105143.png
      ᠦᠨᠳᠦᠰᠦᠳᠡᠨ ᠤ ᠪᠦᠯᠬᠦᠮᠳᠡᠯ ᠪᠤᠯ ᠭᠠᠵᠠᠷ ᠤᠷᠤᠨ ᠤ ᠠᠮᠤᠷ ᠲᠦᠪᠰᠢᠨ ᠲᠤᠭᠳᠠᠭᠤᠨ ᠪᠠᠶᠢᠬᠤ ᠶᠢᠨ ᠦᠨᠳᠦᠰᠦᠨ ᠤᠷᠢᠳᠠᠯ ᠮᠦᠨ᠃ ᠤᠶᠢᠷ᠎ᠠ ᠶᠢᠨ ᠵᠢᠯ ᠠᠴᠠ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯᠳᠠᠯᠭ᠎ᠠ ᠪᠤᠯᠭᠠᠨ᠂ ᠤᠷᠤᠨ ᠪᠠᠶᠢᠷᠢ ᠶᠢᠨ ᠲᠠᠪᠠᠭᠤᠯᠢᠭ᠂ ᠬᠤᠪᠢᠰᠬᠠᠯ ᠤᠨ ᠡᠬᠢ ᠪᠠᠶᠠᠯᠢᠭ᠂ ᠦᠨᠳᠦᠰᠦᠳᠡᠨ ᠤ ᠪᠦᠯᠬᠦᠮᠳᠡᠯ  ᠤᠨ ᠦᠯᠢᠭᠡᠷ ᠲᠤ ᠰᠠᠭᠤᠷᠢᠯᠠᠨ᠂ ᠬᠤᠪᠢᠰᠬᠠᠯ ᠤᠨ ᠰᠤᠶᠤᠯ᠂ ᠲᠠᠯ᠎ᠠ ᠨᠤᠳᠤᠭ ᠤᠨ ᠰᠤᠶᠤᠯ᠂ ᠨᠠᠮᠴᠢ ᠴᠢᠨᠠᠷ ᠤᠨ ᠬᠦᠮᠦᠵᠢᠯ ᠤᠨ ᠦᠢᠯᠡᠳᠦᠯ ᠢ ᠭᠦᠢᠴᠡᠳ ᠪᠠᠳᠠᠷᠠᠭᠤᠯᠵᠦ᠂ ᠤᠮᠠᠷᠠᠳᠦ ᠬᠢᠯᠢ ᠶᠢᠨ ᠬᠤᠪᠢᠰᠬᠠᠯ ᠤᠨ ᠬᠦᠮᠦᠵᠢᠯ ᠤᠨ ᠰᠠᠭᠤᠷᠢᠨ ᠭᠠᠵᠠᠷ᠂ ᠠᠷᠠᠳ ᠤᠨ ᠵᠠᠩ ᠲᠠᠳᠬᠠᠯ ᠢ ᠤᠶᠢᠯᠠᠭᠠᠬᠤ ᠲᠦᠪ᠂ ᠤᠮᠠᠷᠠᠳᠦ ᠬᠢᠯᠢ ᠶᠢᠨ ᠡᠷᠦᠬᠡ ᠶᠢᠨ ᠴᠡᠷᠢᠭ  ᠤᠨ ᠭᠡᠷ ᠪᠦᠯᠢ᠂ ᠡᠷᠦᠬᠡ ᠶᠢᠨ ᠴᠡᠷᠢᠭ ᠤᠨ ᠪᠤᠳᠠᠳᠦ ᠪᠠᠶᠢᠯᠳᠤᠭᠠᠨ ᠤ ᠪᠤᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠵᠦ᠂ ᠦᠨᠳᠦᠰᠦᠳᠡᠨ ᠤ ᠪᠦᠯᠬᠦᠮᠳᠡᠯ ᠬᠢᠬᠡᠳ ᠤᠯᠤᠰ ᠤᠨ ᠪᠠᠳᠤᠯᠠᠨ ᠬᠠᠮᠠᠭᠠᠯᠠᠯᠳᠠ ᠶᠢᠨ ᠬᠦᠮᠦᠵᠢᠯ ᠢ ᠬᠠᠷᠢᠯᠴᠠᠨ ᠠᠭᠤᠰᠤᠯᠴᠠᠭᠤᠯᠤᠭᠰᠠᠨ ᠪᠠᠶᠢᠨ᠎ᠠ᠃ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠶᠢᠭᠤᠯᠤᠯᠳᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠤᠷᠤᠨ ᠪᠦᠰᠡ ᠶᠢ ᠨᠢᠭᠡᠳᠦᠯᠳᠡᠢ ᠲᠦᠯᠦᠪᠯᠡᠬᠦ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠲᠠᠪᠠᠭᠤᠯᠤᠭ ᠢᠶᠠᠨ ᠬᠠᠷᠢᠯᠴᠠᠨ ᠬᠦᠭᠵᠢᠯᠳᠡ ᠶᠢᠨ ᠰᠢᠨ᠎ᠡ ᠰᠡᠳᠭᠢᠴᠡ ᠶᠢ ᠡᠭᠦᠳᠬᠦ ︵ᠨᠢᠭᠡ ᠭᠤᠤᠯᠳᠠᠯᠭ᠎ᠠ᠂ ᠲᠦᠷᠪᠡᠨ ᠰᠠᠭᠤᠷᠢᠨ ᠢᠶᠠᠷ ᠤᠯᠠᠨ ᠵᠢᠱᠢᠶ᠎ᠡ ᠦᠵᠡᠭᠦᠯᠦᠨ ︽ᠨᠠᠢᠮᠠ ᠶᠢ ᠬᠦᠷᠭᠡᠬᠦ+N︾ ᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠵᠦ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠪᠦᠯᠬᠦᠮᠳᠡᠯ ᠤᠨ ᠭᠤᠤᠯ ᠬᠦᠭ ᠠᠶᠠᠰ ᠢ ᠬᠠᠮᠳᠦ ᠪᠠᠷ ᠬᠠᠩᠭᠢᠨᠠᠭᠤᠯᠤᠨ᠂ ᠬᠢᠯᠢ ᠬᠢᠵᠠᠭᠠᠷ ᠤᠨ ᠠᠮᠤᠷ ᠲᠦᠪᠰᠢᠨ ᠲᠤᠭᠳᠠᠭᠤᠨ ᠤ ᠰᠢᠨ᠎ᠡ ᠬᠠᠭᠤᠳᠠᠰᠦ ᠶᠢ ᠪᠢᠴᠢᠭᠯᠡᠬᠦ ᠶᠢ ᠠᠬᠢᠭᠤᠯᠤᠭᠰᠠᠨ ᠪᠠᠶᠢᠨ᠎ᠠ᠃
微信图片_20230410105149.jpg
      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠮᠠᠷᠠᠳᠦ ᠬᠢᠯᠢ ᠶᠢᠨ ᠬᠠᠮᠳᠤᠷᠠᠭᠰᠠᠨ ᠨᠠᠮ ᠤᠨ ᠬᠤᠷᠢᠶ᠎ᠠ ᠤᠮᠠᠷᠠᠳᠦ ᠬᠢᠯᠢ ᠶᠢᠨ ᠠᠮᠤᠷ ᠲᠦᠪᠰᠢᠨ ᠲᠤᠭᠳᠠᠭᠤᠨ ᠪᠠᠶᠢᠳᠠᠯ ᠢ ᠬᠠᠮᠠᠭᠠᠯᠠᠬᠤ ᠲᠠᠯ᠎ᠠ ᠪᠠᠷ᠂ ︿ᠴᠡᠷᠢᠭ ᠬᠢᠯᠢ ᠶᠢᠨ ᠱᠤᠭᠤᠮ ᠢ ᠬᠠᠮᠢᠶᠠᠷᠬᠤ᠂ ᠴᠠᠭᠳᠠᠭ᠎ᠠ ᠨᠡᠶᠢᠭᠡᠮ ᠤᠨ ᠲᠠᠯ᠎ᠠ ᠶᠢ ᠰᠢᠰᠲ᠋ᠧᠮ ᠢ ᠭᠤᠤᠯᠳᠠᠯᠭ᠎ᠠ ᠲᠠᠢ ᠪᠠᠶᠢᠭᠤᠯᠤᠭᠰᠠᠨ ᠪᠠᠶᠢᠨ᠎ᠠ᠃ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠠᠨᠳᠤᠯ ᠪᠠᠯᠭᠠᠰᠤᠨ ᠤ ᠨᠠᠮ ᠤᠨ ᠬᠤᠷᠢᠶᠠᠨ ᠤ ᠬᠡᠰᠢᠭᠦᠨ᠂ ᠵᠤᠬᠢᠶᠠᠨ ᠪᠠᠶᠢᠭᠤᠯᠬᠤ ᠬᠡᠰᠢᠭᠦᠨ ᠫᠠᠨ ᡁᠢ ᠬᠤᠸᠠ ᠰᠤᠷᠪᠤᠯᠵᠢᠯᠠᠭᠴᠢ ᠳᠤ ᠲᠠᠨᠢᠯᠴᠠᠭᠤᠯᠬᠤ ᠳᠠᠭᠠᠨ᠂ ︽ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠮᠠᠷᠠᠳᠦ ᠬᠢᠯᠢ ᠶᠢᠨ ᠬᠠᠮᠳᠤᠷᠠᠭᠰᠠᠨ ᠨᠠᠮ ᠤᠨ ᠬᠤᠷᠢᠶ᠎ᠠ ᠠᠴᠠ ᠮᠠᠯᠴᠢᠳ ᠲᠤ ᠦᠢᠯᠡᠴᠢᠯᠡᠬᠦ᠂ ᠬᠢᠯᠢ ᠬᠢᠵᠠᠭᠠᠷ ᠤᠨ ᠠᠮᠤᠷ ᠲᠦᠪᠰᠢᠨ ᠳᠤ ᠦᠢᠯᠡᠴᠢᠯᠡᠬᠦ ᠲᠡᠭᠡᠷ᠎ᠡ ᠠᠵᠢᠯ ᠢᠶᠠᠨ ᠨᠢᠭᠡᠳᠦᠯᠳᠡᠢ ᠲᠦᠯᠦᠪᠯᠡᠨ᠂4118.97 ᠲᠡᠭᠰᠢ ᠲᠦᠷᠪᠡᠯᠵᠢᠨ ᠺᠢᠯᠤᠮᠧᠲᠷ ᠤᠨ ᠬᠤᠷᠢᠶ᠎ᠠ ᠤᠷᠤᠨ᠂88.6 ᠺᠢᠯᠤᠮᠧᠲᠷ ᠤᠨ ᠬᠢᠯᠢ ᠶᠢᠨ ᠱᠤᠭᠤᠮ᠂15 ᠬᠤᠪᠢᠰᠬᠠᠯ ᠤᠨ ᠮᠤᠩᠭᠤᠯ ᠭᠡᠷ᠂55 ᠨᠠᠮ ᠤᠨ ᠬᠡᠰᠢᠭᠦᠨ ᠤ ᠭᠤᠤᠯᠳᠠᠯᠭᠠᠳᠦ ᠡᠷᠦᠬᠡ᠂103 ᠤᠮᠠᠷᠠᠳᠦ ᠬᠢᠯᠢ ᠶᠢᠨ ᠪᠠᠬᠢᠯᠡᠯᠳᠡ ᠶᠢᠨ ᠡᠷᠦᠬᠡ᠂31 ᠴᠠᠭᠳᠠᠭ᠎ᠠ ᠳᠤ ᠮᠡᠳᠡᠭᠦᠯᠬᠦ ᠴᠡᠭ᠂3 ᠤᠮᠠᠷᠠᠳᠦ ᠬᠢᠯᠢ ᠶᠢᠨ ᠴᠠᠭᠳᠠᠭ᠎ᠠ ᠭᠠᠵᠠᠷ ᠤᠷᠤᠨ ᠬᠤᠯᠪᠤᠭᠠᠯᠠᠨ ᠬᠦᠳᠡᠯᠦᠯᠴᠡᠵᠦ ᠶᠡᠷᠦᠩᠭᠡᠶᠢᠯᠡᠨ ᠵᠠᠰᠠᠬᠤ ᠦᠢᠯᠡᠴᠢᠯᠡᠭᠡᠨ ᠤ ᠲᠦᠪ ᠪᠠᠶᠢᠭᠤᠯᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠬᠡ ᠤᠯᠤᠰ ᠤᠨ ᠠᠮᠤᠷ ᠲᠦᠪᠰᠢᠨ ᠲᠤᠭᠳᠠᠭᠤᠨ ᠤ ᠬᠠᠯᠬᠠᠪᠴᠢ ᠶᠢ ᠡᠳᠦᠷ ᠢᠷᠡᠬᠦᠶ᠎ᠡ ᠪᠠᠬᠢᠵᠢᠭᠦᠯᠦᠭᠰᠡᠨ ᠪᠠᠶᠢᠨ᠎ᠠ︾ ᠬᠡᠵᠡᠢ᠃
微信图片_20230410105157.jpg
      ᠤᠯᠠᠨ ᠵᠢᠯ ᠤᠨ ᠲᠤᠷᠰᠢ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ︽ᠲᠦᠷᠪᠡᠨ ᠶᠡᠭᠡ ᠵᠠᠰᠠᠯᠳᠠ︾ ᠪᠠ ︽ᠲᠠᠪᠤᠨ ᠵᠠᠰᠠᠯᠳᠠ ᠶᠢ ᠠᠭᠤᠰᠤᠯᠴᠠᠭᠤᠯᠬᠤ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠬᠢᠵᠠᠭᠠᠷ ᠱᠣᠭᠤᠮ ᠤᠨ ᠰᠡᠳᠭᠢᠬᠦᠢ ᠪᠠ ᠠᠶᠤᠯ ᠲᠦᠭᠰᠢᠭᠦᠷᠢ ᠶᠢᠨ ᠤᠬᠠᠮᠰᠠᠷ ᠢ ᠢᠮᠠᠭᠳᠠ ᠪᠠᠳᠣᠳᠬᠠᠵᠦ᠂ ᠤᠯᠤᠰ ᠤᠨ ᠶᠡᠷᠦᠩᠭᠡᠢ ᠴᠤᠭᠴᠠ ᠶᠢᠨ ᠠᠮᠤᠷ ᠲᠦᠪᠰᠢᠨ ᠤ ᠦᠵᠡᠯᠳᠡ ᠶᠢ ᠬᠦᠨᠵᠡᠭᠡᠢ ᠲᠤᠭᠤᠭᠰᠢᠯᠠᠭᠤᠯᠤᠨ᠂ ᠲᠤᠷᠰᠢᠯᠭ᠎ᠠ ᠪᠠᠨ ᠳ᠋ᠦᠩᠨᠡᠬᠦ ᠶᠢ ᠢᠳᠡᠪᠬᠢᠳᠡᠢ ᠪᠠᠷ ᠬᠠᠶᠢᠨ ᠰᠦᠪᠡᠭᠴᠢᠯᠡᠵᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ  ᠢ ᠬᠠᠮᠠᠭᠠᠯᠠᠬᠤ᠂ ᠲᠤᠭᠳᠠᠭᠤᠨ ᠢ ᠬᠠᠮᠠᠭᠠᠯᠠᠬᠤ᠂ ᠬᠦᠭᠵᠢᠯᠳᠡ ᠶᠢ ᠠᠬᠢᠭᠤᠯᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠵᠦ᠂ ᠨᠡᠩ ᠦᠨᠳᠦᠷ ᠬᠢᠷᠢ ᠲᠦᠪᠰᠢᠨ ᠪᠦᠬᠦᠢ ᠠᠮᠤᠷ ᠲᠠᠶᠢᠪᠤᠩ ᠬᠠᠥᠯᠢ ᠪᠠᠷ ᠵᠠᠰᠠᠬᠤ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠶᠢ ᠴᠢᠷᠮᠠᠶᠢᠨ ᠪᠠᠶᠢᠭᠤᠯᠵᠦ᠂ ᠡᠬᠡ ᠤᠯᠤᠰ ᠤᠨ ᠤᠮᠠᠷᠠᠳᠦ  ᠶᠢᠨ ᠠᠮᠤᠷ ᠲᠦᠪᠰᠢᠨ ᠢ ᠰᠠᠬᠢᠨ ᠬᠠᠮᠠᠭᠠᠯᠠᠭᠰᠠᠨ ᠪᠠᠶᠢᠨ᠎ᠠ᠃
微信图片_20230410105203.jpg
      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠦᠷᠦ ᠬᠠᠥᠯᠢ ᠴᠠᠭᠠᠵᠠ ᠶᠢᠨ ᠵᠦᠪᠯᠡᠯ ᠤᠨ ᠲᠡᠳ᠋ ᠱᠦᠵᠢ ᠵᠤᠤ ᠰᠧ ᠮᠢᠨ᠄ ︽2023 ᠤᠨ ᠳᠤ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠦᠷᠦ ᠬᠠᠥᠯᠢ ᠴᠠᠭᠠᠵᠠ ᠶᠢᠨ ᠵᠦᠪᠯᠡᠯ ᠡᠬᠡ ᠤᠯᠤᠰ  ᠤᠨ ᠠᠮᠤᠷ ᠲᠦᠪᠰᠢᠨ ᠲᠤᠭᠳᠠᠭᠤᠨ ᠤ ᠬᠠᠯᠬᠠᠪᠴᠢ ᠶᠢ ᠪᠠᠬᠢᠵᠢᠬᠦᠯᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠳᠤᠳᠠᠢ ᠦᠷᠨᠢᠭᠦᠯᠵᠦ᠂ ᠤᠯᠤᠰ ᠤᠨ ᠠᠮᠤᠷ ᠲᠦᠪᠰᠢᠨ ᠤ ᠠᠷᠠᠳ ᠲᠦᠮᠡᠨ ᠤ ᠰᠡᠷᠭᠡᠶᠢᠯᠡᠯᠳᠡ ᠶᠢᠨ ᠱᠤᠭᠤᠮ ᠤᠨ ᠪᠠᠶᠢᠭᠤᠯᠤᠯᠳᠠ ᠶᠢ ᠴᠢᠩᠭᠠᠳᠬᠠᠵᠦ᠂ ᠴᠢᠬᠤᠯᠠ ᠵᠠᠩᠭᠢᠯᠭ᠎ᠠ ᠶᠢᠨ ᠴᠡᠭ᠂ ᠴᠢᠬᠤᠯᠠ ᠶᠡᠭᠡ ᠠᠵᠢᠯᠯᠠᠭ᠎ᠠ ᠶᠢᠨ ᠠᠮᠤᠷ ᠲᠦᠪᠰᠢᠨ ᠲᠤᠭᠳᠠᠭᠤᠨ ᠢ ᠬᠠᠮᠠᠭᠠᠯᠠᠬᠤ ᠠᠵᠢᠯ ᠢ ᠰᠠᠶᠢᠳᠤᠷ ᠬᠢᠵᠦ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠤ ᠰᠡᠷᠭᠡᠶᠢᠯᠡᠯᠳᠡ ᠶᠢᠨ ᠱᠤᠭᠤᠮ ᠢ ᠡᠷᠡᠰ ᠪᠠᠳᠤ ᠪᠠᠶᠢᠭᠤᠯᠵᠦ᠂ ᠤᠯᠤᠰ ᠤᠨ ᠠᠮᠤᠷ ᠲᠦᠪᠰᠢᠨ ᠤ ᠶᠡᠷᠦᠩᠭᠡᠢ ᠴᠤᠭᠴᠠ ᠶᠢᠨ ᠦᠵᠡᠯᠳᠡ ᠶᠢ ᠪᠠᠳᠤ ᠪᠠᠬᠢ ᠪᠤᠯᠭᠠᠨ᠎ᠠ᠃ ᠬᠢᠯᠢ ᠶᠢᠨ ᠬᠠᠮᠠᠭᠠᠯᠠᠯᠳᠠ ᠨᠠᠮ ᠤᠨ ᠬᠤᠷᠢᠶ᠎ᠠ  ᠶᠢᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠦᠴᠦ ᠪᠠᠨ ᠬᠠᠮᠳᠤᠳᠬᠠᠨ ᠬᠢᠯᠢ ᠶᠢᠨ ᠰᠡᠷᠭᠡᠶᠢᠯᠡᠯᠳᠡ ᠶᠢ ᠪᠠᠬᠢᠵᠢᠭᠦᠯᠵᠦ᠂ ᠬᠢᠯᠢ ᠶᠢᠨ ᠬᠠᠮᠢᠶᠠᠷᠤᠨ ᠡᠵᠡᠮᠳᠡᠬᠦ ᠪᠠᠨ ᠴᠢᠩᠭᠠᠳᠬᠠᠨ᠂ ᠪᠤᠭᠤᠮᠳᠠ ᠶᠢᠨ ᠠᠮᠤᠷ ᠲᠦᠪᠰᠢᠨ ᠤ ᠰᠡᠷᠭᠡᠶᠢᠯᠡᠯᠳᠡ ᠶᠢᠨ ᠱᠤᠭᠤᠮ ᠢ ᠪᠠᠳᠣᠳᠬᠠᠨ᠎ᠠ᠃ ᠬᠤᠳᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠳᠠ ᠶᠢᠨ ᠤᠳᠤᠬᠢᠴᠢᠯᠠᠯᠳᠠ ᠶᠢᠨ ᠲᠤᠷᠰᠢᠯᠳᠠ ᠶᠢᠨ ᠴᠡᠭ ᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠵᠦ᠂ ᠬᠠᠮᠢᠶᠠᠷᠤᠯᠳᠠ ᠶᠢ ᠴᠢᠩᠭ᠎ᠠ ᠬᠡᠷᠡᠭᠵᠢᠭᠦᠯᠦᠨ᠂ ︿ᠨᠢᠭᠡ ᠦᠷᠳᠡᠭᠡ ᠮᠠᠶ᠋ᠢᠭ﹀ ᠤᠨ ᠨᠢᠭᠡᠳᠦᠯᠳᠡᠢ ᠵᠤᠬᠢᠴᠠᠭᠤᠯᠬᠤ ᠲᠠᠪᠴᠠᠩ ᠪᠠ ᠭᠤᠷᠪᠠᠨ ᠱᠠᠳᠤᠨ ᠤ ᠶᠡᠷᠦᠩᠭᠡᠶᠢᠯᠡᠨ ᠵᠠᠰᠠᠬᠤ ᠲᠦᠪ ᠢ ᠵᠢᠷᠤᠮᠵᠢᠭᠤᠯᠤᠨ ᠪᠠᠶᠢᠭᠤᠯᠵᠦ᠂ ᠵᠦᠷᠢᠴᠡᠯ ᠵᠢᠭᠤᠷᠠᠯᠳᠤᠭᠠᠨ ᠤ ︿ᠲᠦᠷᠪᠡᠨ ᠦᠩᠭᠡ ᠶᠢᠨ ᠤᠷᠢᠳᠴᠢᠯᠠᠨ ᠰᠡᠷᠡᠨᠵᠢᠯᠡᠭᠦᠯᠬᠦ﹀ ᠠᠵᠢᠯ ᠤᠨ ᠲᠤᠭᠳᠠᠴᠠ ᠶᠢ ᠪᠠᠶᠢᠭᠤᠯᠤᠨ᠂ ︿ᠫᠠᠨ ᡁᠢ ᠷᠦᠩ ᠤᠨ ᠲᠠᠰᠤᠭ﹀ ︿ᠠᠬᠠᠮᠠᠳ ᠱᠦᠵᠢ ᠶᠢᠨ ᠠᠵᠢᠯᠯᠠᠬᠤ ᠲᠠᠰᠤᠭ﹀ ᠵᠡᠷᠭᠡ ᠨᠡᠷᠡᠳᠦ ᠲᠦᠷᠦᠯ ᠲᠡᠮᠳᠡᠭᠳᠦ ᠶᠢᠨ ᠡᠶᠡᠳᠡᠭᠦᠯᠬᠦ ᠵᠠᠭᠪᠤᠷ ᠢ ᠪᠤᠢ ᠪᠤᠯᠭᠠᠵᠦ᠂ ᠨᠡᠶᠢᠭᠡᠮ ᠤᠨ ᠵᠠᠰᠠᠯᠳᠠ ᠶᠢᠨ ᠦᠢᠯᠡᠳᠦᠯ ᠴᠢᠳᠠᠪᠤᠷᠢ ᠶᠢ ᠲᠠᠰᠤᠷᠠᠯᠳᠠ ᠦᠭᠡᠢ ᠲᠡᠭᠡᠭᠰᠢᠯᠡᠭᠦᠯᠦᠨ᠂ ᠨᠡᠶᠢᠭᠡᠮ ᠤᠨ ᠵᠠᠰᠠᠯᠳᠠ ᠶᠢᠨ ᠰᠢᠨ᠎ᠡ ᠪᠠᠶᠢᠷᠢᠰᠢᠯ ᠢ ᠪᠤᠢ ᠪᠤᠯᠭᠠᠨ᠎ᠠ᠃ ᠬᠠᠥᠯᠢ ᠪᠠᠷ ᠵᠠᠰᠠᠬᠤ ᠡᠵᠡᠩᠨᠡᠯᠳᠡ ᠶᠢᠨ ᠤᠷᠴᠢᠨ ᠲᠤᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠤᠯᠤᠰ ᠲᠦᠷᠦ ᠬᠠᠥᠯᠢ ᠴᠠᠭᠠᠵᠠ ᠶᠢᠨ ᠪᠠᠶᠢᠭᠤᠯᠤᠯᠭ᠎ᠠ ᠶᠢᠨ᠂ ᠨᠡᠭᠡᠭᠡᠯᠳᠡ ᠶᠢᠨ ᠡᠳᠦᠷ﹀ ᠪᠤᠯᠤᠨ ᠲᠠᠭᠠᠭᠠᠴᠢᠯᠠᠨ ᠬᠤᠯᠪᠤᠭᠠᠯᠠᠭᠰᠠᠨ ᠠᠵᠦ ᠠᠬᠤᠶᠢᠯᠠᠯ ᠵᠡᠷᠭᠡ ᠭᠤᠷᠪᠠᠨ ᠶᠡᠭᠡ ᠬᠠᠷᠢᠯᠴᠠᠨ ᠬᠦᠳᠡᠯᠦᠯᠴᠡᠬᠦ ᠲᠠᠪᠴᠠᠩ ᠢ ᠰᠠᠶᠢᠳᠤᠷ ᠠᠰᠢᠭᠯᠠᠵᠦ᠂ ᠴᠠᠭᠳᠠᠭᠠᠨ ᠤ ᠶᠠᠪᠤᠳᠠᠯ ᠤᠨ ᠦᠢᠯᠡᠴᠢᠯᠡᠭᠡᠨ ᠤ ᠦᠷᠳᠡᠭᠡ᠂ ᠬᠠᠥᠯᠢ ᠶᠢᠨ ᠲᠤᠰᠢᠶᠠᠯᠳᠠᠨ ᠤ ᠠᠵᠢᠯ  ᠤᠨ ᠦᠷᠳᠡᠭᠡ᠂ ᠪᠠᠶᠢᠴᠠᠭᠠᠬᠤ ᠪᠠᠶᠢᠭᠤᠯᠭ᠎ᠠ ᠠᠵᠦ ᠠᠬᠤᠶᠢᠯᠠᠯ ᠤᠨ ᠬᠤᠯᠪᠤᠭ᠎ᠠ ᠠᠪᠬᠤ ᠦᠷᠳᠡᠭᠡ᠂ ᠬᠠᠥᠯᠢ ᠴᠠᠭᠠᠵᠠ  ᠶᠢᠨ ᠦᠢᠯᠡᠴᠢᠯᠡᠭᠡᠨ ᠤ ᠦᠷᠳᠡᠭᠡ ᠵᠡᠷᠭᠡ ᠲᠦᠷᠪᠡᠨ ᠶᠡᠭᠡ ᠦᠷᠳᠡᠭᠡ ᠶᠢ ᠪᠠᠶᠢᠭᠤᠯᠵᠦ᠂ ︿1+4+N﹀ ᠤᠨ ᠠᠵᠢᠯ  ᠤᠨ ᠲᠤᠭᠳᠠᠴᠠ ᠶᠢ ᠪᠠᠶᠢᠭᠤᠯᠵᠦ᠂ ᠠᠵᠦ ᠠᠬᠤᠶᠢᠯᠠᠯ ᠤᠨ ᠡᠷᠡᠭᠦᠯ ᠢᠶᠠᠷ ᠬᠦᠭᠵᠢᠬᠦ ᠳᠤ ᠪᠦᠬᠦ ᠶᠠᠪᠤᠴᠠ᠂ ᠪᠦᠬᠦ ᠬᠡᠯᠬᠢᠶ᠎ᠡ᠂ ᠪᠦᠬᠦ ᠲᠠᠯ᠎ᠠ ᠶᠢᠨ ᠬᠠᠥᠯᠢᠵᠢᠯ ᠤᠨ ᠦᠢᠯᠡᠴᠢᠯᠡᠭᠡ ᠬᠠᠩᠭᠠᠵᠦ᠂ ᠠᠵᠦ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠡ ᠶᠢ ᠬᠠᠮᠠᠭᠠᠯᠠᠬᠤ᠂ ᠡᠬᠡ ᠤᠯᠤᠰ ᠤᠨ ᠤᠮᠠᠷᠠᠳᠦ ᠶᠢᠨ ᠠᠮᠤᠷ ᠲᠦᠪᠰᠢᠨ ᠲᠤᠭᠳᠠᠭᠤᠨ ᠤ ᠬᠠᠯᠬᠠᠪᠴᠢ ᠶᠢ ᠦᠨᠡᠨᠬᠦ ᠪᠠᠬᠢᠵᠢᠭᠦᠯᠦᠨ᠎ᠡ︾ ᠬᠡᠵᠦ ᠬᠡᠯᠡᠪᠡ᠃      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠨᠡᠩ ᠯᠠᠪᠳᠠᠭᠤᠨ ᠪᠠᠳᠤᠳᠠᠢ ᠰᠤᠷᠳᠠᠯ᠂ ᠨᠡᠩ ᠬᠦᠴᠦᠳᠡᠢ ᠠᠷᠭ᠎ᠠ ᠬᠡᠮᠵᠢᠶ᠎ᠡ ᠪᠠᠷ ᠶᠡᠭᠡ ᠠᠮᠤᠷ ᠲᠦᠪᠰᠢᠨ ᠤ ᠪᠠᠶᠢᠷᠢᠰᠢᠯ ᠪᠤᠯᠤᠨ ᠨᠡᠶᠢᠭᠡᠮ ᠤᠨ ᠵᠠᠰᠠᠯᠳᠠ ᠶᠢᠨ ᠰᠢᠨ᠎ᠡ ᠪᠠᠶᠢᠷᠢᠰᠢᠯ ᠢ ᠲᠦᠷᠭᠡᠳᠭᠡᠨ ᠪᠠᠶᠢᠭᠤᠯᠵᠦ᠂ ᠡᠬᠡ ᠤᠯᠤᠰ ᠤᠨ ᠤᠮᠠᠷᠠᠳᠦ ᠬᠢᠯᠢ ᠶᠢᠨ ᠠᠮᠤᠷ ᠲᠦᠪᠰᠢᠨ ᠲᠤᠭᠳᠠᠭᠤᠨ ᠤ ᠬᠠᠯᠬᠠᠪᠴᠢ ᠶᠢ ᠪᠠᠳᠤᠳᠬᠠᠵᠦ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号