ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ2023 ᠤᠨ ᠤ ᠦᠨᠳᠦᠰᠦᠳᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭᠠᠨ ᠤ ᠡᠬᠢᠯᠡᠯᠳᠡ ᠶᠢᠨ ᠶᠤᠰᠤᠯᠠᠯ ᠶᠠᠪᠤᠭᠳᠠᠭᠰᠠᠨ
ᠨᠡᠶᠢᠲᠡᠯᠡᠭᠰᠡᠨ ᠴᠠᠭ᠄
2023/4/14
      ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠭᠡᠯ ᠢᠶᠠᠷ ᠵᠢᠯᠤᠭᠤᠳᠤᠯᠭ᠎ᠠ ᠪᠤᠯᠭᠠᠵᠦ᠂ ᠰᠢ ᠶᠢᠨ ᠫᠢᠩ ᠶᠡᠷᠦᠩᠭᠡᠢ ᠱᠦᠵᠢ ᠶᠢᠨ ᠲᠦᠪ ᠤᠨ ᠦᠨᠳᠦᠰᠦᠳᠡᠨ ᠤ ᠠᠵᠢᠯ ᠤᠨ ᠬᠤᠷᠠᠯ ᠲᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠮᠠᠨ ᠤ ᠬᠤᠰᠢᠭᠤᠨ ᠤ ᠦᠨᠳᠦᠰᠦᠳᠡᠨ  ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠨ᠂ ᠨᠠᠮ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ᠂4 ᠰᠠᠷ᠎ᠠ ᠶᠢᠨ13 ᠤ ᠡᠳᠦᠷ᠂ ᠪᠠᠳᠤᠬᠠᠭᠠᠯᠭ᠎ᠠ ᠪᠠᠯᠭᠠᠰᠤᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠲᠠᠮᠢᠷ ᠤᠨ ᠤᠷᠳᠤᠨ ᠳᠤ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ2023 ᠤᠨ ᠤ ᠦᠨᠳᠦᠰᠦᠳᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭᠠᠨ ᠤ ᠡᠬᠢᠯᠡᠯᠳᠡ ᠶᠢᠨ ᠶᠤᠰᠤᠯᠠᠯ ᠶᠠᠪᠤᠭᠳᠠᠭᠰᠠᠨ ᠪᠠᠶᠢᠨ᠎ᠠ᠃       ᠡᠬᠢᠯᠡᠯᠳᠡ ᠶᠢᠨ ᠶᠤᠰᠤᠯᠠᠯ ᠳᠤ ᠤᠳᠤᠷᠢᠳᠤᠯᠭ᠎ᠠ ᠵᠠᠩ ᠪᠠᠭᠠᠨ᠎ᠠ᠂ ᠵᠠᠩ ᠰᠢᠦᠢ᠂ ᠰᠠᠷᠠᠩᠭᠤᠸ᠎ᠠ᠂ ᠰᠦᠨ ᠪᠢᠨ ᠵᠢᠴᠢ ᠬᠤᠰᠢᠭᠤᠨ ᠤ ᠡᠯ᠎ᠡ ᠪᠠᠶᠢᠭᠤᠯᠭ᠎ᠠ ᠨᠢᠭᠡᠴᠡ ᠪᠠ ᠰᠤᠮᠤ ᠰᠢᠶᠠᠩ ᠪᠠᠯᠭᠠᠰᠤᠨ ᠤ ᠬᠠᠮᠢᠶ᠎ᠠ ᠪᠦᠬᠦᠢ ᠺᠠᠳ᠋ᠷ ᠠᠵᠯᠳᠠᠳ᠂ ᠬᠡᠰᠡᠭ ᠰᠤᠷᠤᠭᠴᠢᠳ ᠤᠨ ᠲᠦᠯᠦᠭᠡᠯᠡᠭᠴᠢ ᠤᠷᠤᠯᠴᠠᠭᠰᠠᠨ ᠪᠠᠶᠢᠨ᠎ᠠ᠃
微信图片_20230414104737.jpg
      ᠡᠬᠢᠯᠡᠯᠳᠡ ᠶᠢᠨ ᠶᠤᠰᠤᠯᠠᠯ ᠲᠡᠭᠡᠷ᠎ᠡ ᠬᠤᠰᠢᠭᠤ ᠤᠳᠤᠷᠢᠳᠤᠯᠭ᠎ᠠ ᠵᠠᠩ ᠪᠠᠭᠠᠨ᠎ᠠ ᠠᠴᠠ ᠲᠠᠶᠢᠴᠢᠯᠠᠯᠳᠠ ᠶᠢᠨ ᠶᠠᠷᠢᠶ᠎ᠠ ᠲᠠᠯᠪᠢᠵᠦ᠂ ᠪᠠᠳᠤᠬᠠᠭᠠᠯᠭ᠎ᠠ ᠶᠢᠨ ᠬᠤᠶᠠᠳᠤᠭᠠᠷ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠲᠦᠯᠦᠭᠡᠯᠡᠭᠴᠢᠳ ᠠᠴᠠ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠭᠤᠤᠯ ᠰᠡᠳᠦᠪᠳᠦ ᠲᠤᠭᠯᠠᠯᠳᠠ ᠭᠠᠷᠭᠠᠵᠦ᠂ ᠲᠠᠷᠠᠭ᠎ᠠ ᠨᠢ ᠬᠠᠮᠳᠤᠪᠠᠷ ᠰᠤᠷᠭᠠᠭᠤᠯᠢ ᠶᠢᠨ ᠤᠯᠤᠰ ᠤᠨ ᠪᠠᠳᠤᠯᠠᠨ ᠬᠠᠮᠠᠭᠠᠯᠠᠯᠳᠠ ᠶᠢᠨ ᠰᠤᠷᠭᠠᠨ ᠬᠦᠮᠦᠵᠢᠯ ᠤᠨ ᠰᠠᠭᠤᠷᠢᠨ ᠭᠠᠵᠠᠷ ᠢ ᠲᠤᠭᠤᠷᠢᠨ ᠦᠵᠡᠭᠰᠡᠨ ᠪᠠᠶᠢᠨ᠎ᠠ᠃ ᠡᠬᠢᠯᠡᠯᠳᠡ  ᠶᠢᠨ ᠶᠤᠰᠤᠯᠠᠯ ᠲᠡᠭᠡᠷ᠎ᠡ ᠮᠦᠨᠴᠦ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠠᠴᠠ ᠦᠨᠳᠦᠰᠦᠳᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠬᠠᠭᠤᠳᠠᠰᠦ ᠲᠠᠷᠬᠠᠭᠠᠬᠤ ᠶᠢᠨ ᠬᠠᠮᠳᠦ ᠲᠤᠮᠳᠠᠳᠦ ᠶᠢᠨ ᠦᠨᠳᠦᠰᠦᠡᠨ ᠤ ᠬᠠᠮᠳᠦ  ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠦᠵᠡᠭᠦᠯᠦᠯᠭᠡ ᠶᠢᠨ ᠰᠠᠮᠪᠠᠷ᠎ᠠ ᠶᠢ ᠲᠡᠯᠭᠡᠨ ᠦᠵᠡᠭᠦᠯᠦᠭᠰᠡᠨ ᠪᠠᠶᠢᠨ᠎ᠠ  ᠦᠳᠡ ᠶᠢᠨ ᠬᠤᠶᠢᠨ᠎ᠠ ᠶᠢᠨ ᠭᠤᠷᠪᠠᠨ ᠴᠠᠭ ᠲᠤ᠂ ᠬᠤᠰᠢᠭᠤᠨ ᠤ ᠬᠤᠷᠠᠯ ᠤᠨ ᠶᠠᠪᠤᠳᠠᠯ ᠤᠨ ᠲᠦᠪ ᠲᠤ ᠪᠦᠬᠦ ᠬᠤᠰᠢᠭᠤᠨ ᠤ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠶᠢ ᠠᠬᠢᠭᠤᠯᠬᠤ ᠬᠤᠷᠠᠯ ᠬᠤᠷᠠᠯᠳᠤᠭᠰᠠᠨ ᠪᠠᠶᠢᠨ᠎ᠠ᠃
微信图片_20230414104800.png
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号