ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠯᠠᠮᠵᠢᠯᠠᠯᠳᠦ ᠪᠡᠶ᠎ᠡ ᠲᠠᠮᠢᠷ ᠤᠨ ᠨᠡᠶᠢᠭᠡᠮᠯᠢᠭ ᠤᠨ ︽ᠬᠠᠨ ᠲᠠᠶᠢᠱᠢᠷᠢ ᠬᠠᠪᠤᠷᠭ᠎ᠠ︾ ᠶᠢᠨ2023 ᠤᠨ ᠤ ᠬᠠᠪᠤᠷ ᠤᠨ ᠤᠯᠠᠷᠢᠯ ᠤᠨ ᠰᠤᠷ ᠬᠠᠷᠪᠤᠯᠳᠠ ᠶᠢᠨ ᠤᠷᠤᠯᠳᠤᠭᠠᠨ ᠠᠮᠵᠢᠯᠳᠠ ᠲᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2023/4/17
      4 ᠰᠠᠷ᠎ᠠ ᠶᠢᠨ13 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠯᠠᠮᠵᠢᠯᠠᠯᠳᠦ ᠪᠡᠶ᠎ᠡ ᠲᠠᠮᠢᠷ ᠤᠨ ᠨᠡᠶᠢᠭᠡᠮᠯᠢᠭ ᠤᠨ ︽ᠬᠠᠨ ᠲᠠᠶᠢᠱᠢᠷᠢ ᠬᠠᠷᠪᠤᠭ᠎ᠠ︾ ᠶᠢᠨ2023 ᠤᠨ ᠤ ᠬᠠᠪᠤᠷ ᠤᠨ ᠤᠯᠠᠷᠢᠯ ᠤᠨ ᠰᠤᠷ ᠬᠠᠷᠪᠤᠯᠳᠠ ᠶᠢᠨ ᠤᠷᠤᠯᠳᠤᠭᠠᠨ ᠪᠠᠳᠤᠬᠠᠭᠠᠯᠭ᠎ᠠ ᠪᠠᠯᠭᠠᠰᠤᠨ ᠤ ᠤᠯᠠᠨ ᠨᠡᠶᠢᠳᠡ ᠶᠢᠨ ᠪᠡᠶ᠎ᠡ ᠲᠠᠮᠢᠷ ᠤᠨ ᠤᠷᠳᠤᠨ ᠳᠤ ᠶᠠᠪᠤᠭᠳᠠᠭᠰᠠᠨ ᠪᠠᠶᠢᠨ᠎ᠠ᠃      ᠤᠷᠤᠯᠳᠤᠭᠠᠨ ᠳᠤ ᠪᠠᠶᠠᠠᠨᠠᠭᠤᠷ᠂ ᠰᠢᠯᠢ ᠶᠢᠨ ᠭᠤᠤᠯ᠂ ᠤᠯᠠᠭᠠᠨᠴᠠᠪ ᠵᠡᠷᠭᠡ ᠠᠶᠢᠮᠠᠭ ᠬᠤᠳᠠ ᠵᠢᠴᠢ ᠲᠡᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ53 ᠨᠡᠷᠡᠰ ᠰᠤᠷ ᠬᠠᠷᠪᠤᠯᠳᠠ ᠶᠢᠨ ᠲᠠᠮᠢᠷᠴᠢᠳ ᠤᠷᠤᠯᠴᠠᠵᠦ᠂ ᠬᠠᠭᠠᠰ ᠡᠳᠦᠷ ᠤᠨ ᠤᠷᠤᠯᠳᠤᠭᠠᠨ ᠢᠶᠠᠷ ᠲᠠᠮᠵᠢᠨ30 ᠮᠧᠲᠷ ᠤᠨ ᠬᠠᠷᠪᠤᠯᠳᠠ ᠶᠢᠨ ᠡᠷᠡᠭᠳᠡᠢ ᠶᠢᠨ ᠲᠤᠭᠤᠶᠢᠯᠠᠩ ᠳᠤ ᠰᠢᠯᠢ  ᠶᠢᠨ ᠭᠤᠤᠯ ᠠᠶᠢᠮᠠᠭ ᠤᠨ ᠰᠦᠨᠢᠳ ᠪᠠᠷᠠᠭᠤᠨ ᠬᠤᠰᠢᠭᠤᠨ ᠤ ᠵᠤᠷᠢᠭᠳᠦ ᠲᠡᠷᠢᠭᠦᠯᠡᠵᠦ᠂ ᠰᠢᠯᠢ ᠶᠢᠨ ᠭᠤᠤᠯ ᠠᠶᠢᠮᠠᠭ ᠤᠨ ᠰᠦᠨᠢᠳ ᠵᠡᠭᠦᠨ ᠬᠤᠰᠢᠭᠤᠨ ᠤ ᠬᠠᠰᠪᠠᠭᠠᠨ᠎ᠠ ᠲᠡᠳ᠋ᠯᠡᠨ᠂ ᠰᠢᠯᠢ ᠶᠢᠨ ᠭᠤᠤᠯ ᠠᠶᠢᠮᠠᠭ ᠤᠨ ᠰᠦᠨᠢᠳ ᠵᠡᠭᠦᠨ ᠬᠤᠰᠢᠭᠤᠨ ᠤ ᠡᠷᠳᠡᠨᠢᠪᠠᠶᠠᠷ ᠲᠦᠷᠪᠡᠳᠦᠭᠡᠷ ᠲᠤ ᠤᠷᠤᠵᠠᠢ᠃ ᠡᠮᠡᠭᠳᠡᠢ ᠶᠢᠨ ᠲᠤᠭᠤᠶᠢᠯᠠᠩ ᠳᠤ ᠪᠠᠶᠠᠠᠨᠠᠭᠤᠷ ᠬᠤᠳᠠ ᠶᠢᠨ ᠨᠤᠭᠤᠨᠵᠠᠶᠠᠭ᠎ᠠ ᠲᠡᠷᠢᠭᠦᠯᠡᠵᠦ᠂ ᠤᠯᠠᠭᠠᠨᠴᠠᠪ ᠬᠤᠳᠠ ᠶᠢᠨ ᠲᠦᠷᠪᠡᠳ ᠬᠤᠰᠢᠭᠤᠨ ᠤ ᠰᠡᠴᠡᠡᠭᠡᠷᠡᠯ ᠲᠡᠳ᠋ᠯᠡᠨ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠯᠳ᠋ᠬᠠᠵᠢᠭᠠᠰᠦ ᠭᠤᠷᠪᠠᠳᠤᠭᠠᠷ ᠲᠤ ᠤᠷᠤᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠷᠠᠨᠳᠤᠭᠤᠰ ᠲᠦᠷᠪᠡᠳᠦᠭᠡᠷ ᠨᠡᠷᠡᠰ ᠲᠤ ᠲᠤᠳᠤᠷᠠᠭᠰᠠᠨ ᠪᠠᠶᠢᠨ᠎ᠠ᠃      ᠲᠤᠰ ᠤᠳᠠᠭᠠᠨ ᠤ ᠤᠷᠤᠯᠳᠤᠭᠠᠨ ᠨᠢ᠂ ᠦᠨᠳᠦᠰᠦᠳᠡᠨ ᠤ ᠰᠤᠶᠤᠯ ᠤᠨ ᠤᠯᠠᠮᠵᠢᠯᠠᠯ ᠢ ᠪᠠᠳᠠᠷᠠᠭᠤᠯᠤᠨ᠂ ᠤᠷᠤᠯᠴᠠᠭᠰᠠᠳ ᠬᠠᠷᠢᠯᠴᠠᠨ ᠰᠤᠷᠤᠯᠴᠠᠵᠦ᠂ ᠤᠯᠠᠨ ᠤ ᠪᠠᠬ᠎ᠠ ᠶᠢ ᠲᠠᠳᠠᠭᠰᠠᠨ ᠰᠠᠶᠢᠬᠠᠨ ᠤᠷᠤᠯᠳᠤᠭᠠᠨ ᠪᠤᠯᠤᠭᠰᠠᠨ ᠪᠠᠶᠢᠨ᠎ᠠ᠃
微信图片_20230417112812.jpg
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号