ᠰᠦᠢᠳᠭᠡᠯ ᠬᠤᠷᠢᠶᠠᠬᠤ ᠦᠬᠡᠢ ᠲᠠᠪᠳᠠᠯᠭ᠎ᠠ ᠶᠢᠨ ᠲᠠᠰᠤᠭ ᠵᠢᠴᠢ ᠨᠡᠶᠢᠳᠡ ᠶᠢᠨ ᠠᠰᠠᠷᠠᠮᠵᠢ ᠶᠢᠨ ᠪᠤᠯᠪᠠᠰᠤᠷᠠᠭᠤᠯᠤᠯ ᠤᠨ ᠠᠵᠢᠯᠯᠠᠭ᠎ᠠ ᠦᠷᠭᠡᠨ ᠤᠯᠠᠨ ᠵᠠᠯᠠᠭᠤᠴᠤᠳ ᠤᠨ ᠲᠤᠮᠳᠠ ᠴᠢᠩᠭ᠎ᠠ ᠲᠤᠰᠬᠠᠯ ᠭᠠᠷᠭᠠᠪᠠ
ᠨᠡᠶᠢᠲᠡᠯᠡᠭᠰᠡᠨ ᠴᠠᠭ᠄
2023/4/20
      ᠬᠤᠰᠢᠭᠤᠨ ᠤ ᠡᠪᠯᠡᠯ ᠤᠨ ᠬᠤᠷᠢᠶ᠎ᠠ ᠵᠠᠯᠠᠭᠤᠴᠤᠳ ᠢ ᠬᠦᠳᠦᠯᠦᠨ ᠲᠠᠭᠠᠭᠤᠯᠬᠤ᠂ ᠵᠠᠯᠠᠭᠤᠴᠤᠳ ᠲᠤ ᠦᠢᠯᠡᠴᠢᠯᠡᠬᠦ᠂ ᠵᠠᠯᠠᠭᠤᠴᠣᠳ ᠢ ᠨᠢᠠᠠᠳᠠᠷᠠᠭᠤᠯᠬᠤ ᠡᠭᠦᠷᠭᠡ ᠬᠠᠷᠢᠭᠤᠴᠠᠯᠭ᠎ᠠ ᠳᠤ ᠪᠠᠨ ᠰᠠᠭᠤᠷᠢᠯᠠᠵᠦ᠂ ᠰᠢᠨ᠎ᠡ ᠵᠠᠮᠨᠠᠯ ᠰᠤᠷᠭᠠᠨ ᠬᠦᠮᠦᠵᠢᠯ ᠤᠨ ᠪᠤᠯᠪᠠᠰᠤᠷᠠᠯ ᠤᠨ ᠠᠩᠭᠢ ᠲᠠᠢ ᠬᠠᠮᠳᠤᠷᠠᠨ ᠵᠠᠯᠠᠭᠤᠴᠣᠳ ᠤᠨ ᠠᠵᠢᠯ ᠤᠯᠭᠤᠯᠳᠠ ᠶᠢᠨ ᠨᠡᠶᠢᠳᠡ ᠶᠢᠨ ᠠᠰᠠᠷᠠᠮᠵᠢ ᠶᠢᠨ ᠲᠠᠰᠤᠭ ᠵᠢᠴᠢ ᠰᠦᠢᠳᠭᠡᠯ ᠬᠤᠷᠢᠶᠠᠬᠤ ᠦᠭᠡᠢ ᠠᠯᠪᠠᠳᠠᠨ ᠤ ᠰᠢᠯᠭᠠᠯᠳᠠ ᠶᠢᠨ ᠪᠤᠯᠪᠠᠰᠤᠷᠠᠯ ᠤᠨ ᠡᠬᠢ ᠪᠠᠶᠠᠯᠢᠭ ᠢ ᠬᠠᠩᠭᠠᠵᠦ᠂ ᠲᠤᠰ ᠠᠵᠢᠯᠯᠠᠭ᠎ᠠ ᠳᠤ ᠦᠷᠭᠡᠨ ᠤᠯᠠᠨ ᠵᠠᠯᠠᠭᠤᠴᠣᠳ ᠤᠨ ᠲᠤᠮᠳᠠ ᠴᠢᠩᠭ᠎ᠠ ᠲᠤᠰᠬᠠᠯ ᠭᠠᠷᠴᠦ᠂ ᠨᠡᠶᠢᠳᠡ40 ᠵᠠᠯᠠᠭᠤᠴᠣᠳ ᠤᠷᠤᠯᠴᠠᠬᠤ ᠪᠠᠷ ᠨᠡᠷ᠎ᠡ ᠮᠡᠳᠡᠭᠦᠯᠦᠭᠰᠡᠨ ᠪᠠᠶᠢᠨ᠎ᠠ᠃      ᠰᠢᠨ᠎ᠡ ᠵᠠᠮᠨᠠᠯ ᠰᠤᠷᠭᠠᠨ ᠬᠦᠮᠦᠵᠢᠯ ᠤᠨ ᠪᠠᠭᠰᠢ ᠠᠴᠠ ᠠᠵᠢᠯ ᠮᠡᠷᠭᠡᠵᠢᠯ ᠤᠨ ᠴᠢᠳᠠᠪᠤᠷᠢ ᠶᠢᠨ ᠬᠡᠮᠵᠢᠨ ᠪᠠᠶᠢᠴᠠᠭᠠᠯᠳᠠ᠂ ᠶᠡᠷᠦᠩᠭᠡᠶᠢᠯᠡᠭᠰᠡᠨ ᠬᠡᠷᠡᠭᠯᠡᠭᠡᠨ ᠤ ᠰᠠᠭᠤᠷᠢ᠂ ᠤᠯᠠᠨ ᠨᠡᠶᠢᠳᠡ ᠶᠢᠨ ᠰᠠᠭᠤᠷᠢ ᠮᠡᠳᠡᠯᠭᠡ ᠵᠡᠷᠭᠡ ᠠᠭᠤᠯᠭ᠎ᠠ ᠶᠢᠨ ᠲᠤᠭᠤᠷᠢᠨ ᠳᠤ ᠨᠠᠷᠢᠨ ᠲᠠᠶᠢᠯᠪᠤᠷᠢᠯᠠᠯᠳᠠ ᠬᠢᠵᠦ᠂ ᠠᠵᠢᠯ ᠦᠢᠯᠡᠰ ᠤᠨ ᠤᠷᠤᠨ ᠲᠤᠭ᠎ᠠ ᠶᠢᠨ ᠬᠠᠮᠳᠤᠷᠠᠭᠰᠠᠨ ᠰᠢᠯᠭᠠᠯᠳᠠ᠂ ᠪᠤᠭᠤᠳᠦ ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠰᠢᠯᠭᠠᠯᠳᠠ ᠶᠢᠨ ᠪᠠᠶᠢᠳᠠᠯ ᠵᠢᠴᠢ ᠰᠢᠯᠭᠠᠯᠳᠠ ᠶᠢᠨ ᠭᠤᠤᠯᠳᠠᠯᠭ᠎ᠠ ᠳᠤ ᠴᠢᠭᠯᠡᠭᠦᠯᠦᠨ ᠰᠢᠯᠭᠠᠯᠳᠠ ᠳᠤ ᠪᠡᠯᠡᠳᠭᠡᠬᠦ ᠵᠠᠯᠠᠭᠤᠴᠤᠳ ᠤᠨ ᠰᠡᠳᠦᠪ ᠬᠠᠷᠢᠭᠤᠯᠬᠤ ᠤᠷ᠎ᠠ ᠲᠠᠮ ᠢ ᠪᠦᠳᠦᠮᠵᠢᠳᠡᠢ ᠲᠡᠭᠡᠭᠰᠢᠯᠡᠭᠦᠯᠵᠡᠢ᠃      ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠡᠪᠯᠡᠯ ᠤᠨ ᠬᠤᠷᠢᠶ᠎ᠠ ᠵᠠᠯᠠᠭᠤᠴᠣᠳ ᠲᠠᠢ ᠬᠠᠷᠢᠯᠴᠠᠬᠤ᠂ ᠵᠠᠯᠠᠭᠤᠴᠤᠳ ᠲᠤ ᠦᠢᠯᠡᠴᠢᠯᠡᠬᠦ᠂ ᠵᠠᠯᠠᠭᠤᠴᠣᠳ ᠢ ᠲᠠᠶᠢᠴᠢᠯᠠᠬᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠦ᠂ ᠭᠤᠤᠯ ᠰᠡᠳᠦᠪᠳᠦ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢ ᠵᠤᠬᠢᠶᠠᠨ ᠪᠠᠶᠢᠭᠤᠯᠤᠨ᠂ ᠵᠠᠯᠠᠭᠤᠴᠣᠳ ᠤᠨ ᠠᠵᠢᠯ ᠤᠯᠬᠤ ᠦᠢᠯᠡᠰ ᠪᠤᠰᠬᠠᠬᠤ ᠳᠤ ᠬᠦᠴᠦᠨ ᠨᠡᠮᠡᠷᠢᠯᠡᠵᠦ᠂ ᠦᠷᠭᠡᠨ ᠣᠯᠠᠨ ᠵᠠᠯᠠᠭᠤᠴᠣᠳ ᠤᠨ ᠠᠵᠢᠯ ᠮᠡᠷᠭᠡᠵᠢᠯ ᠤᠨ ᠵᠠᠮ ᠢ ᠲᠦᠯᠦᠪᠵᠢᠭᠦᠯᠦᠨ ᠬᠦᠭᠵᠢᠭᠦᠯᠬᠦ ᠶᠢ ᠠᠬᠢᠭᠤᠯᠬᠤ ᠪᠤᠯᠤᠨ᠎ᠠ᠃
微信图片_20230419091734.png
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号