ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ︽ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠲᠤᠰᠬᠠᠢ ᠰᠡᠳᠦᠪᠳᠦ ᠤᠬᠠᠭᠤᠯᠤᠨ ᠲᠠᠶᠢᠯᠪᠤᠷᠢᠯᠠᠯᠳᠠ︾ ᠦᠷᠨᠢᠭᠦᠯᠪᠡ
ᠨᠡᠶᠢᠲᠡᠯᠡᠭᠰᠡᠨ ᠴᠠᠭ᠄
2023/4/20
      4 ᠰᠠᠷ᠎ᠠ ᠶᠢᠨ18 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠡᠰᠢᠭᠦᠨ ᠪᠤᠯᠤᠨ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠯᠠᠭᠠᠨᠮᠦ᠋ᠴᠢᠷ ᠤᠨ ᠬᠡᠰᠢᠭᠦᠳ ᠪᠠᠶ᠋ᠬᠠᠤᠪᠤᠭ᠎ᠠ ᠰᠤᠮᠤᠨ ᠤ ᠪᠠᠶᠠᠨᠪᠤᠯᠠᠭ ᠭᠠᠴᠠᠭᠠᠨ ᠤ ᠬᠤᠪᠢᠰᠬᠠᠯᠳᠦ ᠮᠤᠩᠭᠤᠯ ᠭᠡᠷ  ᠲᠤ ᠬᠦᠷᠴᠦ ︽ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠲᠤᠰᠬᠠᠢ ᠰᠡᠳᠦᠪᠳᠦ ᠤᠬᠠᠭᠤᠯᠤᠨ ᠲᠠᠶᠢᠯᠪᠤᠷᠢᠯᠠᠯᠳᠠ︾ ᠦᠷᠨᠢᠭᠦᠯᠵᠡᠢ᠃      ᠤᠬᠠᠭᠤᠯᠤᠨ ᠲᠠᠶᠢᠪᠤᠷᠢᠯᠠᠬᠤ ᠬᠤᠷᠠᠯ ᠲᠡᠭᠡᠷ᠎ᠡ᠂ ᠬᠤᠤ ᠮᠤᠤ ᠱᠧᠩ ᠦᠨᠡᠨ ᠪᠤᠳᠠᠳᠠᠢ᠂ ᠠᠮᠢᠳᠤᠯᠢᠭ ᠵᠢᠱᠢᠶ᠎ᠡ ᠂ ᠲᠦᠭᠦᠮ ᠤᠶᠢᠯᠠᠭᠠᠮᠵᠢᠳᠠᠢ ᠦᠭᠡ ᠶᠠᠷᠢᠶ᠎ᠠ ᠪᠠᠷ ᠦᠪᠦᠷ ᠮᠤᠩᠭᠤᠯ ᠤᠨ ᠲᠤᠮᠳᠠᠳᠦ ᠤᠯᠤᠰ ᠤᠨ ᠡᠪ ᠬᠠᠮᠳᠦ ᠨᠠᠮ  ᠤᠨ ᠤᠳᠤᠷᠢᠳᠤᠯᠭ᠎ᠠ ᠲᠤᠤᠷ᠎ᠠ ᠭᠠᠷᠤᠭᠰᠠᠨ ᠲᠡᠭᠷᠢ ᠭᠠᠵᠠᠷ ᠢ ᠲᠤᠩᠰᠤᠯᠭᠠᠮ᠎ᠠ ᠬᠤᠪᠢᠷᠠᠯᠳᠠ ᠶᠢ ᠶᠠᠷᠢᠵᠦ᠂ ᠦᠨᠳᠦᠰᠦᠳᠡᠨ ᠤ ᠪᠦᠯᠬᠦᠮᠳᠡᠯ ᠢ ᠴᠢᠩᠭᠠᠳᠬᠠᠬᠤ ᠶᠢᠨ ᠴᠢᠬᠤᠯᠠ ᠠᠴᠢ ᠬᠤᠯᠪᠤᠭᠳᠠᠯ᠂ ᠺᠠᠳ᠋ᠷ ᠤᠯᠠᠨ ᠲᠦᠮᠡᠨ ᠢ ᠰᠤᠷᠭᠠᠨ ᠬᠦᠮᠦᠵᠢᠭᠦᠯᠵᠦ ᠬᠦᠳᠦᠯᠦᠨ ᠵᠢᠯᠤᠭᠤᠳᠴᠦ ︽ᠭᠤᠷᠪᠠᠨ ᠰᠠᠯᠵᠦ ᠴᠢᠳᠠᠬᠤ ᠦᠭᠡᠢ︾ ︽ᠲᠠᠪᠤᠨ ᠬᠠᠮᠳᠦ  ᠶᠢᠨ ᠮᠡᠳᠡᠷᠡᠭᠦᠢ︾ ᠶᠢᠨ ᠦᠵᠡᠯ ᠰᠠᠨᠠᠭ᠎ᠠ ᠶᠢ ᠲᠠᠰᠤᠷᠠᠯᠳᠠ ᠦᠭᠡᠢ ᠴᠢᠩᠭᠠᠳᠬᠠᠵᠦ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠲᠠᠯ᠎ᠠ ᠪᠠᠷ ᠨᠠᠷᠢᠨ ᠲᠠᠶᠢᠯᠪᠤᠷᠢᠯᠠᠭᠰᠠᠨ ᠪᠠᠶᠢᠨ᠎ᠠ᠃      ᠤᠬᠠᠭᠤᠯᠤᠨ ᠲᠠᠶᠢᠯᠪᠤᠷᠢᠯᠠᠯᠳᠠ ᠲᠠᠭᠤᠰᠤᠭᠰᠠᠨ ᠤ ᠲᠠᠷᠠᠭ᠎ᠠ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠯᠠᠭᠠᠨᠮᠦ᠋ᠴᠢᠷ ᠤᠨ ᠬᠡᠰᠢᠭᠦᠳ ᠮᠤᠷᠢᠨ ᠬᠤᠭᠤᠷ ᠤᠨ ᠲᠤᠭᠯᠠᠯᠳᠠ᠂ ᠪᠦᠵᠢᠭ᠂ ᠯᠢᠮᠪᠦ ᠶᠢᠨ ᠭᠤᠴᠤᠯᠠᠯ ᠬᠦᠭᠵᠢᠮ ᠵᠡᠷᠭᠡ ᠭᠤᠶᠤ ᠰᠠᠶᠢᠬᠠᠨ ᠲᠤᠭᠯᠠᠯᠳᠠ ᠭᠠᠷᠭᠠᠨ᠂ ᠢᠷᠡᠭᠤ ᠰᠠᠶᠢᠬᠠᠨ ᠲᠠᠭᠤᠤ᠂ ᠢᠷᠠᠭᠤ ᠰᠠᠶᠢᠬᠠᠨ ᠠᠶᠠᠰ ᠢᠶᠠᠷ ᠨᠠᠮ ᠤᠨ ᠲᠤᠭᠤᠨ ᠢ ᠦᠨᠳᠦᠰᠦᠨ ᠱᠠᠳᠤᠨ ᠳᠤ ᠬᠦᠷᠭᠡᠭᠰᠡᠨ ᠪᠠᠶᠢᠨ᠎ᠠ᠃      ᠪᠠᠶ᠋ᠬᠤᠪᠤᠭ᠎ᠠ ᠰᠤᠮᠤᠨ ᠤ ᠮᠠᠯᠴᠢᠨ ᠰᠠᠷᠠᠨᠴᠡᠴᠡᠭ ᠤᠨ ᠭᠡᠷ ᠲᠤ᠂ ᠬᠠᠥᠯᠢ ᠴᠠᠭᠠᠵᠠ ᠶᠢᠨ ᠮᠡᠳᠡᠯᠭᠡ ᠶᠢ ᠤᠬᠠᠭᠤᠯᠤᠭᠴᠢ ᠴᠠᠭᠠᠨᠴᠢᠯᠠᠭᠤ ᠠᠴᠠ ᠮᠠᠯᠴᠢᠳ ᠤᠨ ᠲᠤᠷᠠᠳᠤᠭᠰᠠᠨ ᠠᠰᠠᠭᠤᠯᠳᠠ ᠶᠢ ᠨᠠᠷᠢᠨ ᠨᠢᠮᠪᠠᠢ ᠬᠠᠷᠢᠭᠤᠯᠵᠦ᠂ ᠬᠠᠥᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢᠨ ᠬᠠᠮᠳᠦ ᠤᠯᠠᠨ ᠲᠦᠮᠡᠨ ᠲᠠᠢ ᠤᠶᠢᠷᠠᠳᠦᠨ᠂ ᠨᠡᠩ ᠴᠦ ᠬᠠᠥᠯᠢ ᠴᠠᠭᠠᠵᠠ ᠶᠢ ᠤᠯᠠᠨ ᠲᠦᠮᠡᠨ ᠤ ᠰᠡᠳᠭᠢᠯ ᠳᠤ ᠬᠠᠳᠠᠩᠰᠢᠭᠤᠯᠤᠭᠰᠠᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号