ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠤᠩᠭᠤᠯ ᠰᠤᠷᠭᠠᠭᠤᠯᠢ ︽ᠲᠡᠯᠡᠬᠡᠢ ᠶᠢᠨ ᠨᠤᠮ ᠤᠩᠰᠢᠬᠤ ᠡᠳᠦᠷ︾ ᠤᠨ ᠭᠤᠤᠯ ᠰᠡᠳᠦᠪᠳᠦ ᠬᠦᠳᠡᠯᠭᠡᠭᠡᠨ ︽ᠨᠤᠮ ᠳᠤᠷ ᠮᠡᠷᠭᠡᠨ︾ ᠮᠡᠳᠡᠯᠭᠡ ᠶᠢᠨ ᠤᠷᠤᠯᠳᠤᠭᠠᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2023/4/25
      4 ᠰᠠᠷ᠎ᠠ ᠶᠢᠨ23 ᠤ ᠡᠳᠦᠷ ᠪᠤᠯ ᠲᠡᠯᠡᠭᠡᠢ ᠶᠢᠨ ᠨᠤᠮ ᠤᠩᠰᠢᠬᠤ ᠡᠳᠦᠷ ᠪᠤᠯᠤᠨ᠎ᠠ᠃ ᠰᠤᠷᠤᠭᠴᠢᠳ ᠤᠨ ᠨᠤᠮ ᠤᠩᠰᠢᠬᠤ ᠤᠷᠮ᠎ᠠ ᠪᠠᠬ᠎ᠠ ᠶᠢ ᠲᠠᠳᠠᠵᠦ᠂ ᠨᠤᠮ ᠤᠩᠰᠢᠬᠤ ᠰᠠᠶᠢᠨ ᠰᠠᠶᠢᠬᠠᠨ ᠲᠠᠳᠬᠠᠯ ᠲᠠᠢ ᠪᠤᠯᠭᠠᠬᠤ ᠶᠢᠨ ᠲᠦᠯᠦᠭᠡ4 ᠰᠠᠷ᠎ᠠ ᠶᠢᠨ23 ᠤ ᠦᠳᠡ ᠶᠢᠨ ᠬᠤᠶᠢᠨ᠎ᠠ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠤᠩᠭᠤᠯ ᠰᠤᠷᠭᠠᠭᠤᠯᠢ ︽ᠲᠡᠯᠡᠬᠡᠢ ᠶᠢᠨ ᠨᠤᠮ ᠤᠩᠰᠢᠬᠤ ᠡᠳᠦᠷ︾ ᠤᠨ ︽ᠨᠤᠮ ᠳᠤᠷ ᠮᠡᠷᠭᠡᠨ︾ ᠮᠡᠳᠡᠯᠭᠡ ᠶᠢᠨ ᠤᠷᠤᠯᠳᠤᠭᠠᠨ ᠶᠠᠪᠤᠭᠳᠠᠭᠤᠯᠤᠭᠰᠠᠨ ᠪᠠᠶᠢᠨ᠎ᠠ᠃      ᠤᠷᠤᠯᠳᠤᠭᠠᠨ ᠳᠤ ᠰᠤᠷᠤᠭᠴᠢᠳ ᠵᠤᠷᠢᠭᠳᠠᠢ ᠪᠠᠷ ᠰᠡᠳᠦᠪ ᠬᠠᠷᠢᠭᠤᠯᠵᠦ᠂ ᠤᠷᠤᠯᠳᠤᠭᠠᠨ ᠢᠶᠠᠷ ᠲᠠᠮᠵᠢᠨ ᠰᠤᠷᠤᠭᠴᠢᠳ ᠲᠤ ᠨᠤᠮ ᠤᠩᠰᠢᠬᠤ ᠶᠢᠨ ᠰᠠᠶᠢᠨ ᠲᠠᠯ᠎ᠠ᠂ ᠮᠡᠳᠡᠯᠭᠡ ᠪᠠᠨ ᠲᠡᠭᠡᠭᠰᠢᠯᠡᠭᠦᠯᠬᠦ ᠲᠠᠯ᠎ᠠ ᠶᠢᠨ ᠠᠴᠢ ᠬᠤᠯᠪᠤᠭᠳᠠᠯ ᠢ ᠲᠠᠨᠢᠭᠤᠯᠵᠦ᠂ ᠤᠷᠤᠯᠳᠤᠭᠠᠨ ᠤ ᠳ᠋ᠤᠭᠠᠷ ᠲᠤ ᠤᠷᠤᠭᠰᠠᠨ  ᠰᠤᠷᠤᠭᠴᠢᠳ ᠢ ᠤᠷᠮᠠᠰᠢᠭᠤᠯᠤᠨ ᠱᠠᠩᠨᠠᠵᠦ᠂ ᠰᠤᠷᠤᠭᠴᠢᠳ ᠴᠦ ᠬᠤᠶᠢᠰᠢᠳᠠ ᠢᠯᠡᠭᠦᠭᠡᠨ ᠰᠠᠶᠢᠨ ᠨᠤᠮ ᠤᠩᠰᠢᠵᠦ᠂ ᠡᠷᠳᠡᠮ ᠰᠤᠶᠤᠯ ᠢᠶᠠᠷ ᠲᠠᠷᠢᠬᠢ ᠲᠤᠯᠤᠭᠠᠢ ᠪᠠᠨ ᠵᠡᠪᠰᠡᠭᠯᠡᠨ᠎ᠡ ᠭᠡᠵᠦ ᠪᠠᠶᠢᠯ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号