ᠪᠤᠭᠤᠳᠦ ᠬᠤᠳᠠ ᠶᠢᠨ ᠶᠢᠰᠦᠳᠦᠭᠡᠷ ᠬᠤᠭᠤᠴᠠᠭᠠᠨ ᠤ ᠮᠠᠯᠴᠢᠨ ᠲᠠᠷᠢᠶᠠᠴᠢᠨ ᠤ ᠨᠤᠮ ᠤᠩᠰᠢᠬᠤ ᠠᠵᠢᠯᠯᠠᠭ᠎ᠠ ᠵᠢᠴᠢ ︽ᠨᠤᠮ ᠲᠠᠢ ᠲᠠᠷᠬᠠᠨ ᠮᠤᠤᠮᠢᠩᠭᠠᠨ︾ ᠪᠦᠬᠦ ᠠᠷᠠᠳ ᠢᠶᠠᠷ ᠢᠶᠠᠨ ᠨᠤᠮ ᠤᠩᠰᠢᠬᠤ ᠠᠵᠢᠯᠯᠠᠭ᠎ᠠ ᠶᠢᠨ ᠡᠬᠢᠯᠡᠯᠳᠡ ᠶᠢᠨ ᠶᠤᠰᠤᠯᠠᠯ ᠶᠠᠪᠤᠭᠳᠠᠪᠠ
ᠨᠡᠶᠢᠲᠡᠯᠡᠭᠰᠡᠨ ᠴᠠᠭ᠄
2023/4/27
      4 ᠰᠠᠷ᠎ᠠ ᠶᠢᠨ25 ᠤ ᠡᠳᠦᠷ᠂ ᠪᠤᠭᠤᠳᠤ ᠬᠤᠳᠠ ᠶᠢᠨ ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠤᠪᠴᠢᠶ᠎ᠠ᠂ ᠲᠤᠮᠳᠠᠳᠦ ᠤᠯᠤᠰ ᠤᠨ ᠡᠪ ᠬᠠᠮᠳᠦ ᠨᠠᠮ ᠤᠨ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠠᠴᠠ ᠭᠤᠤᠯᠯᠠᠨ ᠡᠷᠬᠢᠯᠡᠵᠦ᠂ ᠪᠤᠭᠤᠳᠦ ᠬᠤᠳᠠ ᠶᠢᠨ ᠨᠤᠮ ᠤᠨ ᠰᠠᠩ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠤᠪᠴᠢᠶ᠎ᠠ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶ᠎ᠠ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠬᠠᠮ ᠵᠢᠭᠤᠯᠴᠢᠯᠠᠭᠤᠷ ᠤᠨ ᠲᠦᠪ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠨᠤᠮ ᠤᠨ ᠰᠠᠩ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠢᠨᠬᠤᠸᠠ ᠨᠤᠮ ᠤᠨ ᠲᠡᠯᠭᠡᠭᠦᠷ ᠤᠨ ᠬᠠᠮᠳᠤᠷᠠᠨ ᠡᠷᠬᠢᠯᠡᠭᠰᠡᠨ ᠪᠤᠭᠤᠳᠦ ᠬᠤᠳᠠ ᠶᠢᠨ ᠶᠢᠰᠦᠳᠦᠭᠡᠷ ᠬᠤᠭᠤᠴᠠᠭᠠᠨ ᠤ ᠮᠠᠯᠴᠢᠨ ᠲᠠᠷᠢᠶᠠᠴᠢᠨ  ᠤ ᠨᠤᠮ ᠤᠩᠰᠢᠬᠤ ᠠᠵᠢᠯᠯᠠᠭ᠎ᠠ ᠵᠢᠴᠢ ︽ᠨᠤᠮ ᠲᠠᠢ ᠲᠠᠷᠬᠠᠨ ᠮᠤᠤᠮᠢᠩᠭᠠᠨ︾ ᠪᠦᠬᠦ ᠠᠷᠠᠳ ᠢᠶᠠᠷ ᠢᠶᠠᠨ ᠨᠤᠮ ᠤᠩᠰᠢᠬᠤ ᠠᠵᠢᠯᠯᠠᠭ᠎ᠠ ᠶᠢᠨ ᠡᠬᠢᠯᠡᠯᠳᠡ ᠶᠢᠨ ᠶᠤᠰᠤᠯᠠᠯ ᠬᠠᠮ ᠵᠢᠭᠤᠯᠴᠢᠯᠠᠭᠤᠷ ᠤᠨ ᠲᠦᠪ ᠤᠨ ᠲᠤᠭᠯᠠᠯᠳᠠ ᠶᠢᠨ ᠲᠢᠩᠭᠢᠮ ᠳᠤ ᠶᠠᠪᠤᠭᠳᠠᠪᠠ᠃       ᠠᠵᠢᠯᠯᠠᠭ᠎ᠠ ᠨᠢ ᠢᠷᠠᠭᠤ ᠰᠠᠶᠢᠬᠠᠨ ᠮᠤᠷᠢᠨ ᠬᠤᠭᠤᠷ ᠤᠨ ᠠᠶᠠᠰ ᠤᠨ ᠲᠤᠮᠳᠠ ᠬᠦᠰᠢᠭᠡ ᠪᠠᠨ ᠰᠡᠬᠦᠵᠦ᠂ ᠬᠦᠳᠡᠭᠡ ᠲᠤᠰᠬᠤᠨ ᠤ ᠤᠩᠰᠢᠯᠭ᠎ᠠ ᠶᠢᠨ ᠬᠠᠮᠤᠭ ᠤᠨ ᠭᠤᠶᠤ ᠭᠡᠷ ᠪᠦᠯᠢ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ2022 ᠤᠨ ᠤ ᠬᠠᠮᠤᠭ ᠤᠨ ᠰᠠᠶᠢᠨ ᠤᠩᠰᠢᠭᠴᠢ᠂2022 ᠤᠨ ᠤ ᠤᠩᠰᠢᠯᠭ᠎ᠠ ᠶᠢᠨ ᠤᠳᠤᠨ ᠳᠤ ᠠᠯᠳᠠᠷ ᠤᠨ ᠦᠨᠡᠮᠡᠯ ᠤᠯᠭᠤᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠤᠩᠭᠤᠯ ᠦᠨᠳᠦᠰᠦᠳᠡᠨ ᠤ ᠰᠤᠷᠭᠠᠭᠤᠯᠢ ᠳᠤ2022 ᠤᠨ ᠤ ᠰᠢᠯᠢᠳᠡᠭ ᠨᠤᠮ ᠤᠨ ᠰᠠᠩ ᠤᠨ ᠬᠤᠪᠢᠶᠠᠷᠢ ᠤᠷᠳᠤᠨ ᠤ ᠫᠠᠶᠢᠰᠠ ᠤᠯᠭᠤᠪᠠ᠃ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠯ᠎ᠡ ᠨᠤᠮ ᠪᠢᠴᠢᠭ ᠤᠨ ᠨᠡᠭᠦᠳᠡᠯ ᠴᠡᠭ ᠲᠤ ᠫᠠᠶᠢᠰᠠ ᠤᠯᠭᠤᠪᠠ ᠃ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠨᠤᠮ ᠤᠨ ᠰᠠᠩ ᠪᠠᠰᠠ ᠬᠡᠰᠡᠭ ᠬᠤᠰᠢᠭᠤᠨ ᠤ ᠰᠤᠷᠭᠠᠭᠤᠯᠢ  ᠳᠤ ᠪᠠᠶᠢᠭ᠎ᠠ ᠰᠤᠷᠤᠭᠴᠢᠳ ᠲᠤ ᠨᠤᠮ ᠤᠨ ᠰᠠᠩ ᠤᠨ ᠵᠢᠭᠡᠯᠡᠯᠭᠡ ᠶᠢᠨ ᠺᠠᠷᠲ ᠬᠠᠨᠳᠢᠪᠯᠠᠪᠠ᠃
      ᠲᠠᠷᠠᠭ᠎ᠠ ᠳᠤᠨᠢ᠂ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠣᠳᠬᠠᠬᠤ ︽ᠪᠢ ᠪᠤᠯ ᠨᠢᠭᠡᠨ ᠠᠨᠠᠷ ᠤᠨ ᠦᠷ᠎ᠡ᠂ ᠰᠡᠳᠭᠢᠯ ᠢᠶᠠᠨ ᠨᠢᠭᠡᠳᠭᠡᠵᠦ ᠲᠤᠮᠳᠠᠳᠦ ᠶᠢᠨ ᠬᠦᠰᠡᠯ ᠢᠶᠠᠨ ᠬᠠᠮᠳᠤᠪᠠᠷ ᠲᠡᠷᠭᠡᠯᠰᠢᠭᠦᠯᠦᠶ᠎ᠡ︾ ᠬᠡᠭᠦ ᠤᠩᠰᠢᠯᠭ᠎ᠠ ᠶᠢᠨ ᠬᠤᠷᠠᠯ ᠶᠠᠪᠤᠭᠳᠠᠭᠤᠯᠵᠦ᠂ ᠭᠤᠴᠤᠯᠠᠯ ᠲᠠᠭᠤᠤ ︽ᠬᠤᠨ ᠭᠠᠯᠠᠭᠤ︾᠂ ᠬᠤᠪᠢᠰᠬᠠᠯ ᠤᠨ ᠦᠯᠢᠭᠡᠷ ︽ᠲᠠᠯ᠎ᠠ ᠨᠤᠳᠤᠭ ᠤᠨ ᠪᠢᠴᠢᠬᠠᠨ ᠪᠠᠭᠠᠳᠣᠷ ᠡᠭᠡᠴᠢ ᠦᠬᠢᠨ ᠲᠡᠭᠦᠦ︾᠂ ᠰᠤᠩᠭᠤᠳᠠᠭ ᠤᠩᠰᠢᠯᠭ᠎ᠠ ︽ᠰᠣᠨᠣᠰᠣᠶ᠎ᠠ︕ ᠲᠠᠷᠬᠠᠨ ᠮᠤᠤᠮᠢᠩᠭᠠᠨ ᠤ ᠲᠠᠯ᠎ᠠ ᠨᠤᠳᠤᠭ ᠤᠨ ᠭᠠᠶᠢᠬᠠᠮᠰᠢᠭ︾᠂ ᠬᠤᠤᠰᠯᠠᠯ ᠲᠠᠭᠤᠤ︾ ︽ᠰᠠᠬᠢᠨ ᠪᠠᠷᠠᠯᠠᠵᠦ ᠬᠠᠷᠢᠯᠴᠠᠨ ᠬᠠᠪᠰᠤᠷᠠᠯᠴᠠᠶ᠎ᠠ︾ ᠵᠢᠴᠢ ᠪᠠᠭᠰᠢ ᠰᠤᠷᠤᠭᠴᠢᠳ ᠤᠨ ᠤᠷᠭᠢᠯᠤᠮ᠎ᠠ ᠬᠠᠯᠠᠭᠤᠨ ᠤᠩᠰᠢᠯᠭ᠎ᠠ ᠶᠢᠨ ᠬᠤᠪᠢᠶᠠᠯᠴᠠᠭ᠎ᠠ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢᠨ ᠲᠠᠭᠤᠨ ᠲᠠᠢ ᠠᠭᠤᠰᠤᠯᠴᠠᠵᠦ᠂ ᠤᠩᠰᠢᠯᠭ᠎ᠠ ᠶᠢᠨ ᠬᠤᠷᠠᠯ ᠢ ᠤᠷᠭᠢᠯ ᠳᠤᠨᠢ ᠬᠦᠷᠭᠡᠵᠡᠢ᠃      ᠲᠤᠰ ᠤᠳᠠᠭᠠᠨ ᠤ ᠠᠵᠢᠯᠯᠠᠭ᠎ᠠ ᠨᠢ ︽ᠲᠡᠯᠡᠬᠡᠢ ᠶᠢᠨ ᠨᠤᠮ ᠤᠩᠰᠢᠬᠤ ᠡᠳᠦᠷ︾ ᠢᠶᠠᠷ ᠠᠵᠠ ᠲᠤᠬᠢᠶᠠᠯ ᠪᠤᠯᠭᠠᠵᠦ᠂ ᠨᠤᠮ ᠪᠢᠴᠢᠭ ᠢᠶᠠᠷ ᠵᠠᠭᠤᠴᠢ ᠪᠤᠯᠭᠠᠨ᠂ ᠨᠤᠮ ᠤᠩᠰᠢᠬᠤ ᠪᠠᠷ ᠬᠤᠯᠪᠤᠭᠠᠰᠦ ᠪᠤᠯᠭᠠᠵᠦ᠂ ᠦᠷᠭᠡᠨ ᠤᠯᠠᠨ ᠮᠠᠯᠴᠢᠨ ᠲᠠᠷᠢᠶᠠᠴᠢᠨ᠂ ᠰᠤᠷᠤᠭᠴᠢᠳ ᠤᠨ ᠲᠠᠯ᠎ᠠ ᠨᠤᠳᠤᠭ ᠤᠨ ᠨᠤᠮ ᠤᠨ ᠦᠷᠦᠭᠡ᠂ ᠤᠯᠠᠨ ᠨᠡᠶᠢᠳᠡ ᠶᠢᠨ ᠨᠤᠮ ᠤᠨ ᠰᠠᠩ ᠵᠡᠷᠭᠡ ᠡᠬᠢ ᠪᠠᠶᠠᠯᠢᠭ ᠢ ᠨᠡᠩ ᠰᠠᠶᠢᠳᠤᠷ ᠠᠰᠢᠭᠯᠠᠬᠤ ᠶᠢ ᠰᠠᠨᠠᠭᠠᠴᠢᠯᠠᠵᠦ᠂ ᠮᠡᠳᠡᠯᠭᠡ ᠶᠢ ᠬᠦᠨᠳᠦᠳᠭᠡᠬᠦ᠂ ᠪᠤᠯᠪᠠᠰᠤᠨ ᠢ ᠡᠷᠬᠢᠮᠯᠡᠬᠦ ᠤᠩᠰᠢᠯᠭ᠎ᠠ ᠶᠢᠨ ᠤᠶᠢᠯᠠᠭᠠᠭᠳᠠᠬᠤᠨ ᠢ ᠪᠤᠢ ᠪᠤᠯᠠᠭᠠᠵᠦ᠂ ᠢᠯᠡᠭᠦᠬᠡᠨ ᠨᠤᠮ ᠤᠩᠰᠢᠵᠦ᠂ ᠨᠤᠮ ᠤᠩᠰᠢᠬᠤ ᠬᠠᠯᠠᠭᠤᠨ ᠦᠷᠨᠢᠯᠳᠡ ᠶᠢ ᠪᠤᠢ ᠪᠤᠯᠭᠠᠵᠦ᠂ ᠰᠤᠶᠤᠯ ᠤᠨ ᠢᠳᠡᠭᠡᠯ ᠢ ᠬᠦᠮᠦᠵᠢᠭᠦᠯᠵᠦ᠂ ᠲᠤᠮᠳᠠᠳᠦ ᠶᠢᠨ ᠦᠨᠳᠦᠰᠦᠳᠡᠨ ᠤ ᠰᠢᠯᠢᠳᠡᠭ ᠤᠯᠠᠮᠵᠢᠯᠯᠠᠳᠦ ᠰᠤᠶᠤᠯ ᠢ ᠪᠠᠳᠠᠷᠠᠭᠤᠯᠤᠨ ᠲᠡᠯᠭᠡᠷᠡᠭᠦᠯᠦᠭᠰᠡᠨ ᠪᠠᠶᠢᠨ᠎ᠠ᠃
 
 
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号