ᠲᠡᠮᠡᠥᠯᠡᠯ ᠰᠡᠳᠬᠢᠭᠦᠢ ᠶᠢᠨ ᠬᠦᠮᠦᠵᠢᠯ ᠤᠨ ᠲᠦᠪ ᠠᠩᠬᠠᠳᠤᠭᠠᠷ ᠬᠤᠭᠤᠴᠠᠭᠠᠨ ᠤ ︽ᠤᠶᠤᠨ ᠲᠠᠷᠢᠬᠢ  ᠪᠠᠨ ᠬᠦᠭᠵᠢᠭᠦᠯᠵᠦ ᠢᠷᠡᠭᠡᠳᠦᠢ ᠪᠠᠨ ᠴᠤᠭᠴᠠᠯᠠᠬᠤ︾ ᠰᠡᠳᠬᠢᠭᠦᠢ ᠶᠢᠨ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2023/4/28
      4 ᠰᠠᠷ᠎ᠠ ᠶᠢᠨ27 ᠤ ᠡᠳᠦᠷ᠂ ᠲᠡᠮᠡᠥᠯᠡᠯ ᠰᠡᠳᠬᠢᠬᠦᠢ ᠶᠢᠨ ᠬᠦᠭᠵᠢᠯᠳᠡ ᠶᠢᠨ ᠲᠦᠪ ᠤᠨ ᠡᠷᠬᠢᠯᠡᠭᠰᠡᠨ ᠠᠩᠬᠠᠳᠤᠭᠠᠷ ᠬᠤᠭᠤᠴᠠᠭᠠᠨ ᠤ ︽ᠤᠶᠤᠨ ᠲᠠᠷᠢᠬᠢ ᠪᠠᠨ ᠬᠦᠭᠵᠢᠭᠦᠯᠵᠦ ᠢᠷᠡᠭᠡᠳᠦᠢ ᠪᠠᠨ ᠴᠤᠭᠴᠠᠯᠠᠬᠤ︾ ᠰᠡᠳᠬᠢᠬᠦᠢ ᠶᠢᠨ ᠤᠷᠤᠯᠳᠤᠭᠠᠨ ᠪᠠᠳᠤᠬᠠᠭᠠᠯᠭ᠎ᠠ ᠪᠠᠯᠭᠠᠰᠤᠨ ᠤ ᠲᠤᠯᠠᠭᠠᠨ ᠭᠡᠷ ᠨᠡᠶᠢᠭᠡᠮ ᠲᠤᠭᠤᠷᠢᠭ ᠲᠤ ᠶᠠᠪᠤᠭᠳᠠᠪᠠ       ᠤᠷᠤᠯᠳᠤᠭᠠᠨ ᠨᠢ ᠬᠦᠳᠡᠯᠭᠡᠭᠡᠨ ᠳᠤ ᠤᠷᠤᠯᠴᠠᠭᠰᠠᠨ3 ᠨᠠᠰᠤᠨ ᠠᠴᠠ13 ᠨᠠᠰᠤ ᠬᠦᠷᠳᠡᠯᠡᠬᠢ ᠬᠡᠥᠬᠡᠳ ᠢ ᠲᠠᠪᠤᠨ ᠬᠦᠮᠦᠨ ᠢᠶᠠᠷ ᠨᠢᠭᠡ ᠲᠤᠭᠤᠶᠢᠯᠠᠩ ᠪᠤᠯᠭᠠᠨ ᠬᠤᠪᠢᠶᠠᠵᠦ᠂ ᠰᠢᠳᠢᠳᠦ ᠲᠦᠷᠪᠡᠯᠵᠢᠨ ᠢ ᠦᠩᠭᠡ ᠪᠠᠷ ᠨᠢ ᠢᠯᠭᠠᠵᠦ᠂ ᠴᠠᠭ ᠤᠨ ᠬᠢᠵᠠᠭᠠᠷ ᠢᠶᠠᠷ ᠤᠭ ᠬᠡᠪ ᠲᠤ ᠨᠢ ᠤᠷᠤᠭᠤᠯᠬᠤ ᠬᠡᠯᠪᠡᠷᠢ ᠪᠠᠷ ᠬᠡᠥᠬᠡᠳ ᠤᠨ ᠠᠩᠬᠠᠷᠬᠤ ᠴᠢᠳᠠᠪᠤᠷᠢ ᠶᠢ ᠨᠢ ᠰᠢᠯᠭᠠᠵᠦ ᠤᠷᠠᠮᠰᠢᠭᠤᠯᠤᠨ ᠱᠠᠩᠨᠠᠭᠰᠠᠨ ᠪᠠᠶᠢᠨ᠎ᠠ᠃ ᠭᠡᠷ ᠤᠨ ᠠᠬᠠᠮᠠᠳ ᠨᠠᠷ ᠪᠠᠰᠠ ᠤᠷᠤᠯᠳᠤᠭᠠᠨ ᠳᠤ ᠢᠳᠡᠪᠬᠢᠯᠡᠨ ᠤᠷᠤᠯᠴᠠᠵᠠᠢ᠃      ᠲᠤᠰ ᠬᠦᠳᠡᠯᠭᠡᠭᠡᠨ ᠨᠢ ᠭᠤᠤᠯᠳᠠᠭᠤ ᠲᠤᠰᠬᠠᠢ ᠪᠠᠭᠰᠢ ᠠᠴᠠ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠡ  ᠪᠠᠷ ᠲᠤᠰᠬᠠᠢ ᠮᠡᠷᠭᠡᠵᠢᠯ ᠤᠨ ᠵᠢᠯᠤᠭᠤᠳᠤᠯᠭ᠎ᠠ ᠬᠢᠵᠦ᠂ ᠪᠠᠶᠠᠯᠢᠭ ᠠᠭᠤᠯᠭ᠎ᠠ᠂ ᠰᠢᠨ᠎ᠡ ᠰᠡᠪᠡᠬᠦᠨ ᠵᠢᠭᠠᠨ ᠰᠤᠷᠭᠠᠯᠳᠠ  ᠶᠢᠨ ᠠᠷᠭ᠎ᠠ ᠮᠠᠶ᠋ᠢᠭ ᠢᠶᠠᠷ ᠬᠡᠥᠬᠡᠳ ᠤᠳ ᠤᠨ ᠠᠩᠬᠠᠷᠤᠯ ᠢᠶᠠᠨ ᠲᠦᠪᠯᠡᠷᠡᠭᠦᠯᠬᠦ ᠴᠢᠳᠠᠪᠤᠷᠢ ᠶᠢ ᠨᠢ ᠲᠡᠭᠡᠭᠰᠢᠯᠡᠭᠦᠯᠦᠨ᠂ ᠯᠤᠬᠢᠭ ᠰᠡᠳᠬᠢᠬᠦᠢ ᠶᠢ ᠨᠢ ᠬᠦᠮᠦᠵᠢᠭᠦᠯᠦᠨ ᠲᠡᠭᠡᠭᠰᠢᠯᠡᠭᠦᠯᠵᠦ᠂ ᠵᠠᠩ ᠠᠭᠠᠰᠢ᠂ ᠬᠠᠮᠳᠦ ᠨᠡᠶᠢᠳᠡ ᠶᠢᠨ ᠦᠵᠡᠯᠳᠡ ᠵᠡᠷᠭᠡ ᠤᠯᠠᠨ ᠲᠠᠯ᠎ᠠ ᠪᠠᠷ ᠲᠠᠪᠳᠠᠨ ᠪᠤᠯᠪᠠᠰᠤᠷᠠᠭᠤᠯᠬᠤ ᠶᠢᠨ ᠬᠠᠮᠳᠦ ᠨᠡᠩ ᠶᠡᠭᠡ ᠬᠦᠭᠵᠢᠯᠳᠡ ᠶᠢᠨ ᠤᠷᠤᠨ ᠵᠠᠢ ᠲᠠᠢ ᠪᠤᠯᠬᠤ ᠳᠤ ᠨᠢ ᠠᠴᠢ ᠬᠤᠯᠪᠤᠭᠳᠠᠯ ᠲᠠᠢ ᠶᠤᠮ᠃
微信图片_20230504100015.jpg
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号