ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠭᠠᠯ ᠤᠨᠳᠠᠷᠠᠭᠠᠵᠦ ᠠᠪᠤᠷᠠᠨ ᠲᠤᠰᠠᠯᠠᠬᠤ ᠶᠡᠭᠡ ᠠᠩᠭᠢ ᠠᠴᠠ ᠪᠦᠬᠦ ᠬᠤᠰᠢᠭᠤᠨ ᠤ ᠠᠷᠠᠳ ᠲᠦᠮᠡᠨ ᠢ ᠭᠠᠯ ᠤᠨ ᠠᠶᠤᠯ ᠠᠴᠠ ᠰᠡᠷᠭᠡᠶᠢᠯᠡᠬᠦ ᠪᠠᠷ ᠰᠠᠨᠠᠭᠠᠴᠢᠯᠠᠭᠰᠠᠨ
ᠨᠡᠶᠢᠲᠡᠯᠡᠭᠰᠡᠨ ᠴᠠᠭ᠄
2023/4/3
      ᠨᠢᠭᠡ᠂ ᠲᠠᠬᠢᠯᠭ᠎ᠠ ᠬᠢᠬᠦ ᠳᠤ ᠪᠠᠨ ᠬᠦᠳᠡᠭᠡ ᠭᠡᠭᠡᠷ᠎ᠡ ᠲᠤᠷ᠎ᠠ ᠪᠠᠷ ᠢᠶᠠᠨ ᠲᠠᠮᠢᠬᠢ ᠲᠠᠳᠠᠬᠤ ᠦᠭᠡᠢ᠂ ᠬᠦᠵᠢ ᠠᠰᠠᠭᠠᠵᠦ ᠴᠠᠭᠠᠰᠤ ᠰᠢᠳᠠᠭᠠᠬᠤ ᠳᠠᠭᠠᠨ ᠡᠪᠡᠰᠦ ᠵᠡᠷᠭᠡ ᠰᠢᠳᠠᠮᠠᠬᠠᠢ ᠪᠤᠳᠠᠰ ᠠᠴᠠ ᠭᠠᠯ ᠤᠨ ᠠᠶᠤᠯ ᠭᠠᠷᠬᠤ ᠶᠢ ᠰᠡᠷᠭᠡᠶᠢᠯᠡᠬᠦ ᠬᠡᠷᠡᠭᠳᠡᠢ᠃ ᠲᠠᠬᠢᠯᠭ᠎ᠠ ᠲᠠᠭᠤᠰᠣᠭᠰᠠᠨ ᠤ ᠲᠠᠷᠠᠭ᠎ᠠ ᠨᠤᠴᠤᠵᠦ ᠲᠠᠭᠤᠰᠤᠭ᠎ᠠ ᠦᠭᠡᠢ ᠬᠦᠵᠢ ᠵᠤᠯᠠ᠂ ᠦᠨᠡᠰᠦ ᠵᠡᠷᠭᠡ ᠶᠢ ᠴᠠᠭ ᠲᠤᠬᠠᠢ ᠳᠤᠨᠢ ᠴᠡᠪᠡᠷᠯᠡᠵᠦ᠂ ᠠᠮᠤᠷ ᠲᠦᠪᠰᠢᠨ ᠢ ᠪᠠᠳᠤᠯᠠᠬᠤ ᠬᠡᠷᠡᠭᠳᠡᠢ᠃      ᠬᠤᠶᠠᠷ᠂ ᠬᠠᠩᠰᠢ ᠶᠢᠨ ᠠᠮᠠᠷᠠᠯᠳᠠ ᠶᠢᠨ ᠬᠤᠭᠤᠴᠠᠭᠠᠨ ᠳᠤ᠂ ᠡᠯ᠎ᠡ ᠪᠠᠶᠢᠭᠤᠯᠭ᠎ᠠ ᠨᠢᠭᠡᠴᠡ᠂ ᠨᠡᠶᠢᠳᠡ ᠶᠢᠨ ᠲᠠᠯᠠᠪᠤᠷ ᠤᠨ ᠬᠢᠨ ᠵᠢᠵᠢᠭᠦᠷᠯᠡᠨ ᠰᠠᠬᠢᠬᠤ ᠠᠵᠢᠯ ᠢ ᠰᠠᠶᠢᠳᠤᠷ ᠬᠢᠵᠦ᠂ ᠭᠠᠯ ᠰᠡᠷᠭᠡᠶᠢᠯᠡᠬᠦ ᠲᠤᠭᠤᠷᠢᠨ ᠪᠠᠶᠢᠴᠭᠠᠠᠯᠳᠠ  ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠠᠵᠢᠯᠳᠠᠨ ᠤ ᠪᠤᠯᠪᠠᠰᠤᠷᠠᠯ ᠢ ᠴᠢᠩᠭᠠᠳᠬᠠᠬᠤ ᠬᠡᠷᠡᠭᠳᠡᠢ᠃ ᠭᠠᠯ ᠤᠨᠳᠠᠷᠠᠭᠤᠬᠤ ᠡᠵᠡᠮᠳᠡᠯ ᠤᠨ ᠲᠠᠰᠤᠭ᠂ ᠪᠢᠴᠢᠯ ᠬᠡᠯᠪᠡᠷᠢ ᠶᠢᠨ ᠭᠠᠯ ᠤᠨᠳᠠᠷᠠᠭᠠᠬᠤ ᠦᠷᠳᠡᠭᠡᠨ ᠤ ᠵᠢᠵᠢᠭᠦᠷᠯᠡᠭᠴᠢ ᠦᠷᠳᠡᠭᠡᠨ ᠤ ᠵᠢᠵᠢᠭᠦᠷᠯᠡᠭᠴᠢ ᠠᠵᠢᠯ ᠤᠨ ᠪᠠᠶᠢᠷᠢ ᠪᠠᠨ ᠰᠠᠬᠢᠵᠦ᠂ ᠲᠦᠭᠰᠢᠭᠦᠷᠢ ᠶᠢᠨ ᠪᠠᠶᠢᠳᠠᠯ ᠲᠤᠬᠢᠶᠠᠯᠳᠤᠪᠠᠯ ᠲᠠᠷᠤᠢ ᠲᠦᠷᠭᠡᠨ ᠰᠢᠢᠳᠪᠦᠷᠢᠯᠡᠬᠦ ᠶᠢ ᠪᠠᠳᠤᠯᠠᠵᠦ᠂ ᠭᠡᠨᠡᠳᠳᠡ ᠭᠠᠯ ᠤᠨ ᠠᠶᠤᠯ ᠲᠤᠬᠢᠶᠠᠯᠳᠤᠪᠠᠯ ᠲᠠᠷᠤᠢ ᠲᠦᠷᠭᠡᠨ119 ᠤᠳᠠᠰᠦ ᠶᠢ ᠵᠠᠯᠭᠠᠬᠤ ᠬᠡᠷᠡᠭᠳᠡᠢ᠃      ᠭᠤᠷᠪᠠ᠂ ᠰᠠᠭᠤᠭᠠᠯᠢ ᠠᠷᠠᠳ ᠨᠠᠷᠠᠪᠴᠢ᠂ ᠠᠰᠠᠷ ᠤᠨ ᠬᠤᠩᠬᠢᠯ᠂ ᠲᠤᠭᠤᠭᠠᠨ ᠭᠡᠷ ᠤᠨ ᠰᠢᠳᠠᠮᠠᠬᠠᠢ ᠪᠤᠳᠠᠰ ᠵᠡᠷᠭᠡ ᠶᠢ ᠪᠠᠶᠢᠴᠠᠭᠠᠨ ᠴᠡᠪᠡᠷᠯᠡᠵᠦ᠂ ᠡᠭᠦᠳᠡ ᠭᠠᠷᠬᠤ ᠪᠤᠶᠤ ᠤᠨᠳᠠᠬᠤ ᠠᠴᠠ ᠪᠠᠨ ᠡᠮᠦᠨ᠎ᠡ ᠭᠠᠯ ᠤᠨ ᠢᠷᠡᠯᠳᠡ᠂ ᠰᠢᠳᠠᠮᠠᠬᠠᠢ ᠬᠡᠢ᠂ ᠴᠢᠬᠤᠯᠠ ᠪᠤᠰᠤ ᠴᠠᠬᠢᠯᠭᠠᠨ ᠬᠡᠷᠡᠭᠰᠡᠯ ᠢ ᠬᠠᠩᠭᠠᠵᠦ᠂ ᠴᠠᠬᠢᠯᠭᠠᠨ ᠲᠦᠬᠦᠭᠡᠷᠦᠮᠵᠢ ᠶᠢᠨ ᠬᠡᠷᠡᠭᠯᠡᠯᠳᠡ  ᠶᠢ ᠵᠢᠷᠤᠮᠵᠢᠭᠤᠯᠵᠦ᠂ ᠴᠠᠬᠢᠯᠭᠠᠨ ᠬᠦᠳᠡᠯᠭᠡᠭᠦᠷᠳᠦ ᠲᠤᠭᠤᠢ ᠲᠡᠷᠭᠡᠨ ᠤ ᠴᠠᠬᠢᠯᠭᠠᠨ ᠴᠢᠨᠡᠭᠯᠡᠬᠦ ᠶᠢ ᠵᠢᠷᠤᠮᠵᠢᠭᠤᠯᠬᠤ ᠬᠡᠷᠡᠭᠳᠡᠢ᠃      ᠲᠦᠷᠪᠡ᠂ ᠭᠠᠳᠠᠭᠰᠢ ᠭᠠᠷᠴᠦ ᠰᠡᠯᠡᠭᠦᠴᠡᠬᠦ ᠳᠤ ᠪᠠᠨ ᠰᠢᠭᠤᠶᠢᠳᠦ ᠤᠷᠤᠨ ᠳᠤ ᠪᠠᠨ ᠬᠤᠭᠤᠯᠠᠯᠠᠬᠤ᠂ ᠰᠢᠷᠠᠯᠠᠭ᠎ᠠ ᠬᠢᠬᠦ ᠦᠭᠡᠢ ᠪᠠᠶᠢᠵᠦ᠂ ᠬᠡᠬᠡᠷ᠎ᠡ ᠬᠤᠭᠤᠯᠠᠯᠠᠬᠤ ᠳᠤ ᠪᠠᠨ ᠤᠰᠤᠨ ᠤ ᠡᠬᠢ ᠰᠤᠷᠪᠤᠯᠵᠢ ᠠᠴᠠ ᠤᠶᠢᠷᠠᠬᠠᠨ ᠭᠠᠵᠠᠷ ᠢ ᠰᠤᠩᠭᠤᠵᠦ᠂ ᠰᠠᠯᠬᠢᠨ ᠤ ᠴᠢᠭᠯᠡᠯ ᠢ ᠠᠩᠬᠠᠷᠬᠤ ᠬᠡᠷᠡᠭᠳᠡᠢ᠃ ᠭᠠᠯ ᠢ ᠲᠤᠷ᠎ᠠ ᠪᠠᠷ ᠢᠶᠠᠨ ᠬᠠᠶᠠᠵᠦ ᠪᠤᠯᠬᠤ ᠦᠭᠡᠢ᠂ ᠬᠡᠬᠡᠷ᠎ᠡ ᠬᠤᠭᠤᠯᠠᠯᠠᠵᠦ ᠲᠤᠭᠤᠰᠤᠭᠰᠠᠨ ᠤ ᠲᠠᠷᠠᠭ᠎ᠠ ᠤᠶᠢᠷ᠎ᠠ ᠬᠠᠪᠢ ᠠᠴᠠ ᠤᠰᠤ ᠠᠪᠴᠦ ᠨᠤᠴᠤᠭᠠᠭᠰᠠᠨ ᠨᠡᠭᠦᠷᠡᠰᠦᠨ ᠦᠷᠦᠪᠳᠡᠰᠦ ᠵᠡᠷᠬᠡ ᠦᠯᠡᠳᠡᠭᠳᠡᠯ ᠭᠠᠯ ᠢ ᠲᠤᠯᠪᠤᠷᠢᠳᠠᠢ ᠤᠨᠳᠠᠷᠠᠭᠠᠵᠦ᠂ ᠤᠷᠴᠢᠨ ᠲᠤᠭᠤᠷᠢᠨ ᠤ ᠶᠠᠭᠤᠮ᠎ᠠ ᠬᠡᠥᠮ᠎ᠡ ᠪᠠᠨ ᠴᠡᠪᠡᠷᠯᠡᠭᠰᠡᠨ ᠤ ᠲᠠᠷᠠᠭ᠎ᠠ ᠰᠠᠶ᠋ᠢ ᠶᠠᠪᠤᠵᠦ ᠪᠤᠯᠤᠨ᠎ᠠ᠃      ᠲᠠᠪᠤ᠂ ᠲᠡᠷᠭᠡ ᠵᠢᠯᠤᠭᠤᠳᠤᠨ ᠭᠠᠳᠠᠭᠰᠢ ᠭᠠᠷᠴᠦ ᠵᠤᠭᠠᠴᠠᠬᠤ ᠳᠠᠭᠠᠨ ᠲᠡᠷᠭᠡᠨ ᠤ ᠪᠠᠨ ᠴᠠᠬᠢᠯᠭᠠᠨ ᠵᠠᠮ᠂ ᠲᠤᠰᠤᠨ ᠵᠠᠮ ᠢ ᠪᠠᠶᠢᠴᠠᠭᠠᠬᠤ ᠬᠡᠷᠡᠭᠳᠡᠢ᠂ ᠭᠠᠯ ᠭᠠᠷᠬᠤ ᠠᠴᠠ ᠰᠡᠷᠭᠡᠶᠢᠯᠡᠬᠦ ᠶᠢᠨ ᠲᠦᠯᠦᠭᠡ ᠴᠠᠬᠢᠭᠤᠷ᠂ ᠦᠨᠦᠷᠳᠦ ᠤᠰᠤ ᠵᠡᠷᠭᠡ ᠶᠢ ᠲᠡᠷᠭᠡᠨ ᠲᠤᠳᠤᠷ᠎ᠠ ᠪᠠᠨ ᠲᠠᠯᠪᠢᠬᠤ ᠦᠭᠡᠢ᠂ ᠡᠪᠡᠰᠦ᠂ ᠮᠤᠳᠤ ᠲᠠᠢ ᠭᠠᠵᠠᠷ ᠲᠡᠷᠭᠡ ᠵᠤᠭᠰᠤᠭᠠᠬᠤ  ᠳᠤ ᠪᠠᠨ ᠬᠢᠴᠢᠶᠡᠬᠦ ᠬᠡᠷᠡᠭᠳᠡᠢ᠃ ᠠᠮᠤᠷ ᠲᠦᠪᠰᠢᠨ ᠭᠠᠷᠬᠤ ᠡᠭᠦᠳᠡ᠂ ᠰᠠᠭᠠᠳ ᠦᠭᠡᠢ ᠲᠠᠷᠬᠠᠭᠠᠬᠤ ᠵᠠᠮ ᠪᠤᠯᠤᠨ ᠭᠠᠯ ᠤᠨᠳᠠᠷᠠᠭᠠᠬᠤ ᠲᠡᠷᠭᠡᠨ ᠵᠠᠮ ᠢ ᠡᠵᠡᠯᠡᠨ ᠬᠡᠷᠡᠭᠯᠡᠬᠦ ᠪᠠ ᠪᠦᠭᠯᠡᠬᠦ ᠶᠢ ᠴᠢᠩᠭ᠎ᠠ ᠴᠠᠭᠠᠵᠠᠯᠠᠵᠦ᠂ ︽ᠠᠮᠢ ᠨᠠᠰᠤᠨ ᠤ ᠵᠠᠮ︾ ᠤᠨ ᠰᠠᠭᠠᠳ ᠦᠭᠡᠢ ᠨᠡᠪᠳᠡᠷᠡᠬᠦ ᠶᠢ ᠦᠨᠡᠨᠬᠦ ᠪᠠᠳᠤᠯᠠᠬᠤ ᠬᠡᠷᠡᠭᠳᠡᠢ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号