︽ᠲᠤᠷᠭᠠᠨ ᠵᠤᠳᠤᠭ︾ ᠮᠤᠩᠭᠤᠯ ᠪᠦᠬᠡ ᠶᠢᠨ ᠺᠯᠦ᠋ᠪ ᠤᠨ2023 ᠤᠨ ᠤ ᠰᠢᠷᠢᠰ ᠪᠠᠷᠢᠯᠳᠤᠭᠠᠨ ᠭᠤᠷᠪᠠᠳᠤᠭᠠᠷ ᠲᠠᠯᠠᠪᠤᠷ ᠪᠠᠷᠢᠯᠳᠤᠭᠠᠨ ᠤᠷᠮ᠎ᠠ ᠲᠠᠢ ᠰᠠᠶᠢᠬᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2023/4/30
      4 ᠰᠠᠷ᠎ᠠ ᠶᠢᠨ30 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ︽ᠲᠤᠷᠭᠠᠨ ᠵᠤᠳᠤᠭ︾ ᠮᠤᠩᠭᠤᠯ ᠪᠦᠬᠡ ᠶᠢᠨ ᠺᠯᠦ᠋ᠪ ᠤᠨ2023 ᠤᠨ ᠤ ᠰᠢᠷᠢᠰ ᠪᠠᠷᠢᠯᠳᠤᠭᠠᠨ ᠤ ᠭᠤᠷᠪᠠᠳᠤᠭᠠᠷ ᠲᠠᠯᠠᠪᠤᠷ ᠪᠠᠷᠢᠯᠳᠤᠭᠠᠨ ᠪᠠᠶᠠᠠᠬᠤᠸᠠ ᠪᠠᠯᠭᠠᠰᠤᠨ ᠤ ︽ᠲᠤᠷᠭᠠᠨ ᠵᠤᠳᠤᠭ︾ ᠮᠤᠩᠭᠤᠯ ᠪᠦᠬᠡ ᠶᠢᠨ ᠺᠢᠯᠦ᠋ᠪ ᠤᠨ ᠪᠤᠯᠪᠠᠰᠤᠷᠠᠯ ᠤᠨ ᠦᠷᠦᠬᠡᠨ  ᠳᠤ ᠶᠠᠪᠤᠭᠳᠠᠭᠰᠠᠨ ᠪᠠᠶᠢᠨ᠎ᠠ᠃      ᠪᠠᠷᠢᠯᠳᠤᠭᠠᠨ ᠠᠴᠠ ᠡᠮᠦᠨ᠎ᠡ ᠪᠦᠬᠡᠴᠢᠳ ᠤᠨ ᠤᠷ᠎ᠠ ᠴᠢᠳᠠᠯ ᠢ ᠰᠢᠯᠭᠠᠬᠤ ᠤᠷᠤᠯᠳᠤᠭᠠᠨ ᠶᠠᠪᠤᠭᠳᠠᠭᠤᠯᠵᠠᠢ᠃      ᠲᠤᠰ ᠣᠳᠠᠭᠠᠨ ᠤ ᠪᠠᠷᠢᠯᠳᠤᠭᠠᠨ ᠳᠤ32 ᠢᠳᠡᠷ ᠲᠤᠮᠤᠴᠤᠤᠯ ᠤᠨ ᠪᠦᠬᠡ ᠪᠠᠷᠢᠯᠳᠤᠵᠦ᠂ ᠴᠠᠭᠠᠨᠬᠠᠳᠠ ᠰᠤᠮᠤᠨ ᠤ ᠪᠠᠳᠮᠠᠬᠦᠦ ᠲᠡᠷᠢᠭᠦᠯᠡᠵᠦ᠂ ᠪᠠᠶᠠᠨᠬᠤᠸᠠ ᠪᠠᠯᠭᠠᠰᠦ ᠶᠢᠨ ᠠᠯᠳᠠᠠᠭᠡᠷᠡᠯ ᠲᠡᠳ᠋ᠯᠡᠵᠦ᠂ ᠪᠠᠶᠠᠨᠬᠤᠸᠠ ᠪᠠᠯᠭᠠᠰᠤ  ᠶᠢᠨ ᠭᠠᠨᠳᠠᠷᠢ ᠭᠤᠷᠪᠠ ᠳᠤ᠂ ᠪᠠᠶᠠᠨᠬᠤᠸᠠ ᠪᠠᠯᠭᠠᠰᠤ ᠶᠢᠨ ᠰᠡᠴᠡᠨᠪᠠᠭᠠᠳᠤᠷ ᠲᠦᠷᠪᠡᠳᠦᠭᠡᠷ ᠲᠤ ᠲᠤᠳᠤᠷᠠᠭᠰᠠᠨ ᠪᠠᠶᠢᠨ᠎ᠠ᠃ ᠡᠯ᠎ᠡ ᠰᠤᠮᠤ ᠪᠠᠯᠭᠠᠰᠤ ᠪᠠᠷ ᠨᠢᠭᠡᠴᠡᠯᠡᠭᠰᠡᠨ ᠨᠢᠭᠡᠴᠡ ᠶᠢᠨ ᠪᠠᠷᠢᠯᠳᠤᠭᠠᠨ ᠳᠤ ᠲᠦᠭᠦᠷᠡᠩ ᠤᠪᠤᠭ᠎ᠠ ᠰᠤᠮᠤ ᠲᠡᠷᠢᠭᠦᠯᠡᠵᠦ᠂ ᠪᠠᠶᠠᠨᠬᠤᠸᠠ ᠪᠠᠯᠭᠠᠰᠤ ᠶᠢᠨ ᠨᠢᠭᠡᠳᠤᠭᠡᠷ ᠠᠩᠭᠢ ᠲᠡᠳ᠋ᠯᠡᠵᠦ᠂ ᠮᠢᠩᠭᠠᠨ ᠪᠠᠯᠭᠠᠰᠤ ᠭᠤᠷᠪᠠ ᠳᠤ᠂ ᠮᠠᠨᠳᠤᠯ ᠪᠠᠯᠭᠠᠰᠤ ᠲᠦᠷᠪᠡ ᠳᠤ ᠲᠤᠳᠤᠷᠠᠵᠠᠢ᠃ ᠲᠤᠰ ᠤᠳᠠᠭᠠᠨ ᠤ ᠪᠠᠷᠢᠯᠳᠤᠭᠠᠨ ᠳᠤ ᠪᠠᠰᠠ ᠪᠦᠬᠦᠯᠢ12 ᠨᠠᠰᠤᠨ  ᠤ ᠬᠡᠥᠬᠡᠳ ᠤᠨ ᠪᠦᠬᠡ ᠪᠠᠷᠢᠯᠳᠤᠭᠠᠨ ᠪᠠ ᠪᠦᠬᠦᠯᠢ13 ᠠᠴᠠ16 ᠨᠠᠰᠤᠨ ᠤ ᠦᠰᠪᠦᠷᠢ ᠶᠢᠨ ᠪᠦᠬᠡ ᠶᠢᠨ ᠪᠠᠷᠢᠯᠳᠤᠭᠠᠨ ᠶᠠᠪᠤᠭᠳᠠᠭᠤᠯᠵᠠᠢ᠃
微信图片_20230504085736.jpg
 
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号