ᠡᠬᠡ ᠣᠯᠣᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠤ ᠴᠤᠭᠴᠠᠯᠠᠵᠦ ᠪᠠᠶᠢᠨ᠎ᠠ
ᠨᠡᠶᠢᠲᠡᠯᠡᠭᠰᠡᠨ ᠴᠠᠭ᠄
2023/4/4
      ᠲᠠᠷᠬᠠᠨ  ᠮᠤᠤᠮᠢᠩᠭᠠᠨ ᠤ ᠲᠠᠯ᠎ᠠ ᠨᠤᠳᠤᠭ ᠲᠤ ᠬᠡᠳᠦᠶᠢᠪᠡᠷ ᠬᠦᠢᠳᠡᠨ ᠪᠠᠶᠢᠭᠰᠠᠨ ᠴᠦ ᠲᠦᠮᠡᠨ ᠪᠤᠳᠠᠰ ᠠᠭᠠᠵᠢᠮ ᠢᠶᠠᠷ ᠰᠡᠷᠭᠦᠵᠦ᠂ ᠬᠠᠪᠤᠷ ᠤᠨ ᠠᠭᠤᠷ ᠠᠮᠢᠰᠬᠤᠯ ᠤᠯᠠᠮ ᠵᠤᠵᠠᠭᠠᠷᠠᠨ᠂ ᠭᠤᠤᠯ ᠤᠨ ᠬᠦᠪᠡᠭᠡ ᠪᠠᠷ ᠰᠢᠪᠠᠭᠤᠳ ᠬᠠᠯᠢᠨ ᠨᠢᠰᠤᠨ᠎ᠠ᠂᠂᠂᠂ ᠴᠢᠨᠠᠷ ᠰᠠᠶᠢᠳᠠᠢ ᠬᠦᠭᠵᠢᠯᠳᠡ ᠶᠢᠨ ᠵᠠᠮ ᠳᠤ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠮᠠᠨ ᠤ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠳᠦᠭᠡᠨ ᠪᠠᠶᠢᠭᠤᠯᠬᠤ ᠴᠢᠬᠤᠯᠠ ᠶᠡᠭᠡ ᠬᠠᠷᠢᠭᠤᠴᠠᠯᠭ᠎ᠠ ᠶᠢ ᠡᠭᠦᠷᠭᠡᠯᠡᠵᠦ᠂ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢ ᠲᠠᠰᠤᠷᠠᠯᠳᠠ ᠦᠭᠡᠢ ᠴᠢᠩᠭᠠᠳᠬᠠᠨ᠂ ᠪᠤᠬᠢᠷᠳᠤᠯ ᠦᠭᠡᠢ ᠬᠦᠭᠵᠢᠯᠳᠡ ᠶᠢᠨ ᠬᠦᠭ ᠠᠶᠠᠰ ᠢ ᠴᠢᠪᠠᠭᠳᠠᠭᠰᠠᠨ ᠪᠠᠶᠢᠨ᠎ᠠ᠃      2022 ᠤᠨ ᠳᠤ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠳᠠ ᠶᠢᠨ ᠲᠤᠭᠠᠴᠢᠯᠠᠭᠰᠠᠨ ᠬᠠᠮᠢᠶᠠᠷᠤᠯᠳᠠ ᠶᠢᠨ ᠲᠠᠪᠴᠠᠩ ᠢ ᠨᠡᠪᠳᠡᠷᠡᠭᠦᠯᠵᠦ᠂ ᠦᠪᠡᠷᠳᠡᠭᠡᠨ ᠵᠠᠰᠠᠬᠤ ᠤᠷᠤᠨ ᠤ ᠠᠩᠬᠠᠳᠠᠭᠴᠢ ᠰᠢᠶᠠᠨ ᠤ ᠱᠠᠳᠤᠨ ᠤ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠳᠠ ᠶᠢᠨ ᠬᠠᠮᠢᠶᠠᠷᠤᠯᠳᠠ ᠶᠢᠨ ᠲᠠᠪᠴᠠᠩ ᠢ ᠵᠢᠩᠭᠢᠨᠢ ᠪᠠᠷ ᠪᠠᠶᠢᠭᠤᠯᠪᠠ᠃ ᠪᠦᠬᠦ ᠬᠤᠰᠢᠭᠤᠨ ᠤ ᠠᠭᠠᠷ ᠤᠨ ᠴᠢᠨᠠᠷ ᠴᠢᠨᠰᠠᠭ᠎ᠠ ᠰᠠᠶᠢᠨ ᠡᠳᠦᠷ ᠤᠨ ᠲᠤᠭ᠎ᠠ ᠶᠢᠨ ᠬᠠᠷᠢᠴᠠᠯ94.9% ᠬᠦᠷᠴᠦ᠂ ᠪᠦᠬᠦ ᠬᠤᠳᠠ ᠶᠢᠨ ᠨᠢᠭᠡᠳᠦᠭᠡᠷ ᠲᠤ ᠤᠷᠤᠭᠰᠠᠨ ᠪᠠᠶᠢᠨ᠎ᠠ᠃11 ᠤᠰᠤᠨ ᠠᠰᠢᠭᠯᠠᠯᠳᠠ ᠶᠢᠨ ᠢᠨᠵᠧᠨᠧᠷᠢᠩ ᠢ ᠬᠡᠷᠡᠭᠵᠢᠭᠦᠯᠵᠦ᠂74 ᠺᠢᠯᠤᠮᠧᠲᠷ ᠤᠨ ᠭᠤᠤᠯ ᠢ ᠵᠠᠰᠠᠵᠦ᠂7 ᠤᠰᠤᠨ ᠴᠦᠬᠦᠷᠦᠮ ᠢ ᠰᠡᠯᠪᠢᠨ ᠵᠠᠰᠠᠵᠦ᠂28 ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠢ ᠠᠷᠠᠴᠢᠯᠠᠨ ᠬᠠᠮᠠᠭᠠᠯᠠᠭᠰᠠᠨ ᠪᠠᠶᠢᠨ᠎ᠠ᠃ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ  ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂202.6 ᠲᠦᠮᠡᠨ ᠮᠤ᠋ ᠦᠨᠳᠦᠰᠦᠨ ᠨᠤᠳᠤᠭ ᠪᠡᠯᠴᠢᠭᠡᠷ ᠢ ᠰᠢᠯᠢᠳᠡᠭᠵᠢᠭᠦᠯᠦᠨ ᠲᠤᠬᠢᠷᠠᠭᠤᠯᠤᠨ᠂10 ᠲᠦᠮᠡᠨ ᠮᠤ᠋ ᠠᠭᠤᠯᠠ ᠶᠢ ᠵᠠᠰᠠᠨ ᠰᠡᠷᠭᠦᠭᠡᠵᠦ᠂2 ᠲᠦᠮᠡᠨ ᠮᠤ᠋ ᠴᠢᠨᠠᠷ ᠮᠠᠭᠤᠳᠠᠢ ᠦᠷ ᠠᠰᠢᠭ ᠢᠶᠠᠷ ᠲᠤᠤᠷ᠎ᠠ ᠤᠢ ᠶᠢ ᠦᠭᠡᠷᠡᠴᠢᠯᠡᠨ ᠰᠠᠶᠢᠵᠢᠷᠠᠭᠤᠯᠪᠠ ᠂᠂᠂᠂ ᠲᠡᠩᠷᠢ ᠨᠢ ᠨᠡᠩ ᠴᠡᠯᠮᠡᠭ᠂ ᠠᠭᠤᠯᠠ ᠨᠢ ᠨᠡᠩ ᠨᠤᠭᠤᠭᠠᠨ᠂ ᠤᠰᠤ ᠨᠢ ᠨᠡᠩ ᠲᠤᠩᠭᠠᠯᠭ ᠪᠤᠯᠵᠦ᠂ ᠲᠡᠷᠬᠠᠨ ᠮᠤᠤᠮᠢᠩᠭᠠᠨ ᠬᠤᠯᠪᠤᠭᠠᠳᠦ ᠬᠤᠰᠢᠭᠤ ᠪᠤᠳᠠᠳᠠᠢ ᠠᠵᠢᠯ ᠤᠨ ᠠᠮᠵᠢᠯᠳᠠ ᠪᠦᠳᠦᠮᠵᠢ ᠪᠠᠷ ᠢᠶᠠᠨ ︽ᠬᠦᠬᠡᠮᠳᠦᠭ ᠨᠤᠭᠤᠭᠠᠨ ᠠᠭᠤᠯᠠ ᠤᠰᠤᠨ︾ ᠤ ᠬᠠᠷᠢᠭᠤᠯᠳᠠ ᠶᠢᠨ ᠬᠠᠭᠤᠳᠠᠰᠦ ᠶᠢ ᠪᠢᠴᠢᠭᠯᠡᠭᠰᠡᠨ ᠪᠠᠶᠢᠨ᠎ᠠ᠃      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠢ ᠰᠢᠭᠤᠢ ᠡᠪᠡᠰᠦ ᠪᠡᠯᠴᠢᠭᠡᠷ ᠤᠨ ᠲᠤᠪᠴᠢᠶ᠎ᠠ ᠶᠢᠨ ᠲᠡᠳ᠋ ᠲᠠᠷᠤᠭ᠎ᠠ ᠬᠤᠸᠠᠩ ᠯᠢ ᠮᠢᠨ ︽2022 ᠤᠨ ᠳᠤ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤᠢ ᠰᠢᠭᠤᠢ ᠶᠢᠨ ᠲᠠᠷᠤᠭ᠎ᠠ ᠶᠢᠨ ᠲᠦᠷᠢᠮ ᠤᠨ ᠲᠤᠭᠳᠠᠯᠴᠠᠭ᠎ᠠ ᠶᠢᠨ ᠪᠠᠶᠢᠭᠤᠯᠤᠯᠳᠠ ᠶᠢ ᠪᠦᠬᠦ ᠲᠠᠯ᠎ᠠ ᠪᠠᠷ ᠠᠬᠢᠭᠤᠯᠵᠦ᠂ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠤᠢ ᠰᠢᠭᠤᠢ ᠨᠤᠳᠤᠭ ᠪᠡᠯᠴᠢᠭᠡᠷ ᠤᠨ ᠲᠤᠶᠢᠮᠠᠷ ᠢ ᠰᠡᠷᠭᠡᠶᠢᠯᠡᠬᠦ ᠠᠵᠢᠯ ᠢ ᠰᠠᠶᠢᠳᠤᠷ ᠬᠢᠵᠦ᠂ ᠠᠭᠤᠯᠠ ᠶᠢ ᠪᠢᠳᠡᠭᠦᠮᠵᠢᠯᠡᠨ ᠤᠶᠢᠵᠢᠭᠤᠯᠤᠨ᠂68 ᠲᠦᠮᠡᠨ ᠮᠧᠲᠷ ᠤᠨ ᠲᠤᠤᠷ ᠲᠠᠳᠠᠵᠦ᠂4 ᠲᠦᠮᠡᠨ ᠮᠤ᠋ ᠮᠠᠭᠤᠳᠠᠭᠰᠠᠨ ᠨᠤᠳᠤᠭ ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠵᠦ᠂2 ᠲᠦᠮᠡᠨ ᠮᠤ᠋ ᠴᠢᠨᠠᠷ ᠮᠠᠭᠤᠳᠠᠢ ᠦᠷ᠎ᠡ ᠠᠰᠠᠶᠢᠭ ᠢᠶᠠᠷ ᠲᠤᠤᠷ᠎ᠠ ᠤᠢ ᠶᠢ ᠦᠭᠡᠷᠡᠴᠢᠯᠡᠨ ᠰᠠᠶᠢᠵᠢᠷᠠᠭᠤᠯᠵᠦ᠂ ᠤᠮᠠᠷᠠᠳᠦ ᠶᠢᠨ ᠴᠢᠬᠤᠯᠠ ᠠᠮᠢ ᠠᠬᠤᠢ  ᠶᠢᠨ ᠠᠮᠤᠷ ᠲᠦᠪᠰᠢᠨ ᠤ ᠬᠠᠯᠬᠠᠪᠴᠢ ᠶᠢ ᠡᠳᠦᠷ ᠢᠷᠡᠬᠦᠶ᠎ᠡ ᠪᠠᠬᠢᠵᠢᠭᠦᠯᠪᠡ︾ ᠭᠡᠵᠦ ᠬᠡᠯᠡᠭᠰᠡᠨ ᠪᠠᠶᠢᠨ᠎ᠠ᠃      ᠬᠤᠶᠢᠰᠢᠳᠠ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠠᠮᠢ ᠠᠬᠤᠢ ᠶᠢ ᠲᠡᠷᠢᠭᠦᠨ ᠳᠤ ᠲᠠᠯᠪᠢᠨ᠂ ᠪᠤᠬᠢᠷᠳᠤᠯ ᠦᠭᠡᠢ ᠬᠦᠭᠵᠢᠯᠳᠡ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ  ᠢᠶᠠᠷ ᠦᠷᠭᠦᠯᠵᠢᠯᠡᠨ ᠭᠤᠶᠢᠪᠢᠰᠢ ᠦᠭᠡᠢ ᠵᠠᠮᠨᠠᠵᠦ᠂ ᠤᠢ ᠰᠢᠭᠤᠢ ᠶᠢᠨ ᠲᠠᠷᠤᠭ᠎ᠠ ᠶᠢᠨ ᠲᠦᠷᠢᠮ ᠢ ᠬᠦᠨᠵᠡᠭᠡᠶᠢᠷᠡᠭᠦᠯᠦᠨ ᠬᠡᠷᠡᠭᠵᠢᠭᠦᠯᠵᠦ᠂ ᠤᠢ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠳᠠ ᠶᠢ ᠴᠢᠩᠭᠠᠳᠬᠠᠨ᠂ ᠠᠮᠢ ᠠᠬᠤᠢ ᠶᠢᠨ ᠬᠦᠭᠵᠢᠯᠳᠡ ᠶᠢ ᠢᠳᠡᠪᠬᠢᠳᠡᠢ ᠠᠬᠢᠭᠤᠯᠵᠦ᠂ ᠪᠤᠬᠢᠷᠳᠤᠯ ᠦᠭᠡᠢ ᠬᠦᠭᠵᠢᠯᠳᠡ ᠶᠢ ᠦᠵᠡᠰᠭᠦᠯᠡᠩᠳᠦ ᠰᠠᠶᠢᠬᠠᠨ ᠭᠤᠤᠯ ᠦᠩᠭᠡ ᠪᠤᠯᠭᠠᠵᠦ᠂ ᠲᠠᠷᠬᠠᠨ ᠮᠤᠤᠮᠢᠩᠭᠠᠨ ᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠰᠢᠨ᠎ᠡ ᠬᠠᠭᠤᠳᠠᠰᠦ ᠶᠢ ᠪᠢᠴᠢᠭᠯᠡᠬᠦ ᠪᠤᠯᠤᠨ᠎ᠠ᠃      ᠰᠠᠶᠢᠨ ᠰᠠᠶᠢᠬᠠᠨ ᠠᠮᠢ ᠠᠬᠤᠢ ᠶᠢᠨ ᠤᠷᠴᠢᠨ ᠲᠤᠭᠤᠷᠢᠨ ᠪᠤᠯ ᠠᠷᠠᠳ ᠤᠨ ᠠᠮᠢᠳᠤᠷᠠᠯ ᠳᠤ ᠲᠦᠭᠡᠮᠡᠯ ᠬᠠᠷᠠᠭᠠᠯᠵᠠᠯ ᠬᠦᠷᠳᠡᠭᠡᠬᠦ ᠪᠤᠶᠠᠨ ᠵᠢᠷᠭᠠᠯ ᠮᠦᠨ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠪᠤᠯ ᠠᠷᠠᠳ ᠲᠦᠮᠡᠨ ᠳᠤ ᠪᠤᠶᠠᠨ ᠦᠢᠯᠡᠳᠬᠦ ᠦᠨᠢᠳᠡ ᠶᠢᠨ ᠶᠡᠭᠡ ᠪᠤᠳᠤᠯᠭ᠎ᠠ ᠮᠦᠨ᠃ ᠦᠩᠭᠡᠷᠡᠭᠰᠡᠨ ᠲᠠᠪᠤᠨ ᠵᠢᠯ ᠳᠤ᠂ ᠪᠦᠬᠦ ᠬᠤᠰᠢᠭᠤ ᠪᠠᠷ ᠢᠶᠠᠨ ᠬᠦᠬᠡᠮᠳᠦᠭ ᠨᠤᠭᠤᠭᠠᠨ ᠠᠭᠤᠯᠠ ᠤᠰᠤ ᠪᠤᠯ ᠠᠯᠳᠠ ᠮᠦᠩᠭᠦᠨ ᠠᠭᠤᠯᠠ ᠮᠦᠨ ᠭᠡᠬᠦ ᠤᠶᠢᠯᠠᠭᠠᠭᠳᠠᠬᠤᠨ ᠢ ᠬᠦᠨᠵᠡᠭᠡᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠵᠠᠰᠠᠯᠳᠠ ᠶᠢ ᠪᠦᠬᠦ ᠲᠠᠯ᠎ᠠ ᠪᠠᠷ ᠴᠢᠩᠭᠠᠳᠬᠠᠨ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠵᠠᠰᠠᠯᠳᠠ  ᠶᠢ ᠪᠦᠬᠦ ᠲᠠᠯ᠎ᠠ ᠪᠠᠷ ᠴᠢᠩᠭᠠᠳᠬᠠᠨ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠪᠤᠯᠤᠨ ᠠᠵᠦ ᠠᠬᠤᠢ ᠶᠢᠨ ᠬᠦᠭᠵᠢᠯᠳᠡ ᠶᠢᠨ ᠬᠠᠷᠢᠴᠠᠭ᠎ᠠ ᠶᠢ ᠵᠦᠪ ᠢᠶᠠᠷ ᠰᠢᠢᠳᠪᠦᠷᠢᠯᠡᠵᠦ᠂ ᠠᠭᠤᠯᠠ ᠤᠰᠤ ᠶᠢ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ ᠰᠢᠰᠲ᠋ᠧᠮ ᠲᠠᠢ ᠵᠠᠰᠠᠬᠤ ᠨᠢᠭᠡᠳᠦᠯᠳᠡᠢ ᠲᠦᠯᠦᠪᠵᠢᠭᠦᠯᠦᠨ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠤᠯᠤᠨ ᠪᠤᠬᠢᠷᠳᠤᠯ ᠦᠭᠡᠢ ᠬᠡᠯᠪᠡᠷᠢ ᠬᠤᠪᠢᠷᠠᠭᠤᠯᠤᠨ ᠬᠦᠭᠵᠢᠭᠦᠯᠬᠦ  ᠶᠢ ᠠᠬᠢᠭᠤᠯᠬᠤ ᠦᠵᠡᠯ ᠰᠠᠨᠠᠭ᠎ᠠ ᠠᠴᠠ ᠠᠵᠢᠯ ᠤᠨ ᠦᠢᠯᠡᠳᠦᠯᠭᠡ ᠪᠤᠯᠳᠠᠯ᠎ᠠ ᠪᠦᠬᠦ ᠲᠠᠯ᠎ᠠ ᠶᠢᠨ ᠴᠢᠨᠠᠷᠳᠠᠢ ᠴᠢᠬᠤᠯᠠ ᠶᠡᠭᠡ ᠬᠤᠪᠢᠷᠠᠯᠳᠠ ᠭᠠᠷᠴᠦ᠂ ᠬᠦᠬᠡᠮᠳᠦᠭ ᠨᠤᠭᠤᠭᠠᠨ ᠠᠭᠤᠯᠠ ᠤᠰᠤ ᠪᠤᠯ ᠠᠯᠳᠠ ᠮᠦᠩᠭᠦᠨ ᠠᠭᠤᠯᠠ ᠬᠡᠭᠦ ᠤᠶᠢᠯᠠᠭᠠᠭᠳᠠᠬᠤᠨ ᠺᠠᠳ᠋ᠷ ᠤᠯᠠᠨ ᠲᠦᠮᠡᠨ ᠤ ᠰᠡᠳᠬᠢᠯ ᠳᠤ ᠭᠦᠨ ᠬᠠᠳᠠᠩᠰᠢᠭᠰᠠᠨ ᠪᠠᠶᠢᠨ᠎ᠠ᠃ ᠦᠪᠡᠷᠳᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ  ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠠᠮᠢ ᠠᠬᠤᠢ ᠶᠢ ᠲᠡᠷᠢᠬᠦᠨ ᠳᠤ ᠲᠠᠯᠪᠢᠨ᠂ ᠪᠤᠬᠢᠷᠳᠤᠯ ᠦᠭᠡᠢ ᠬᠦᠭᠵᠢᠭᠦᠯᠬᠦ ᠶᠢ ᠪᠠᠷᠢᠮᠳᠠᠯᠠᠵᠦ᠂ ᠮᠠᠨ ᠤ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠤᠳᠬᠠᠨ᠂ ᠠᠮᠢ ᠠᠬᠤᠢ ᠪᠠᠷ ᠠᠷᠠᠳ ᠲᠤ ᠠᠰᠢᠭ ᠬᠦᠷᠳᠡᠭᠡᠬᠦ᠂ ᠠᠮᠢ ᠠᠬᠤᠢ ᠪᠠᠷ ᠠᠷᠠᠳ ᠲᠤ ᠦᠢᠯᠡᠴᠢᠯᠡᠬᠦ ᠶᠢ ᠪᠠᠷᠢᠮᠳᠠᠯᠠᠵᠦ᠂ ᠠᠮᠢ ᠠᠬᠤᠢ ᠶᠢᠨ ᠤᠷᠴᠢᠨ ᠲᠤᠭᠤᠷᠢᠨ ᠤ ᠶᠠᠰᠦ ᠴᠢᠨᠠᠷ ᠢ ᠦᠷᠭᠦᠯᠵᠢᠯᠡᠨ ᠲᠡᠭᠡᠭᠰᠢᠯᠡᠭᠦᠯᠵᠦ᠂ ᠨᠡᠩ ᠤᠯᠠᠨ ᠴᠢᠨᠠᠷ ᠰᠠᠶᠢᠳᠠᠢ ᠠᠮᠢ ᠬᠤᠢ ᠶᠢᠨ ᠪᠦᠳᠦᠭᠡᠭᠳᠡᠭᠦᠨ ᠢ ᠬᠠᠩᠭᠠᠵᠦ᠂ ᠠᠷᠠᠳ ᠤᠯᠠᠨ ᠤ ᠲᠤᠰᠬᠠᠭᠰᠠᠨ ᠤᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠢ ᠰᠠᠶᠢᠳᠤᠷ ᠰᠢᠢᠳᠪᠦᠷᠢᠯᠡᠵᠦ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠦᠵᠡᠰᠭᠦᠯᠡᠩᠳᠦ ᠰᠠᠶᠢᠬᠠᠨ ᠠᠮᠢ ᠠᠬᠤᠢ ᠶᠢᠨ ᠤᠷᠴᠢᠨ ᠲᠤᠭᠤᠷᠢᠨ ᠤ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠭᠳᠠᠷᠭᠤᠢ ᠶᠢ ᠨᠡᠩ ᠴᠡᠯᠮᠡᠭ᠂ ᠠᠭᠤᠯᠠ ᠶᠢ ᠨᠡᠩ ᠨᠤᠭᠤᠭᠠᠨ᠂ ᠤᠰᠦ ᠶᠢ ᠨᠡᠩ ᠲᠤᠩᠭᠠᠯᠠᠭ ᠪᠤᠯᠭᠠᠨ᠎ᠠ᠃      ᠬᠦᠮᠦᠨ ᠬᠦᠬᠡᠮᠳᠦᠭ ᠠᠭᠤᠯᠠ ᠶᠢ ᠬᠦᠰᠡᠷᠳᠡᠭᠦᠯᠬᠦ ᠦᠭᠡᠢ ᠪᠤᠯ ᠬᠡᠬᠡᠮᠳᠦᠭ ᠠᠭᠤᠯᠠ ᠮᠠᠪᠳᠠᠶ᠎ᠠ ᠬᠦᠮᠦᠨ ᠢ ᠬᠦᠰᠡᠷᠳᠡᠭᠦᠯᠬᠦ ᠦᠭᠡᠢ ᠶᠤᠮ᠃ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠶᠢ ᠢᠮᠠᠭᠳᠠ ᠲᠡᠶᠢᠯᠦᠩᠭᠦᠢ ᠪᠠᠶᠢᠷᠢᠨ ᠳᠤ ᠲᠠᠯᠪᠢᠵᠦ᠂ ᠪᠤᠬᠢᠷᠳᠤᠯ ᠦᠭᠡᠢ ᠲᠠᠪᠠᠭᠤᠯᠢᠭ ᠢ ᠵᠤᠵᠠᠭᠠᠳᠬᠠᠬᠤ ᠳᠤ ᠠᠰᠢᠭᠳᠡᠢ ᠠᠵᠢᠯ ᠢ ᠡᠷᠡᠰ ᠭᠤᠶᠢᠪᠢᠰᠢ ᠦᠭᠡᠢ ᠠᠬᠢᠭᠤᠯᠵᠦ᠂ ᠪᠤᠬᠢᠷᠳᠤᠯ ᠦᠭᠡᠢ ᠬᠦᠭᠵᠢᠯᠳᠡ  ᠶᠢ ᠠᠬᠢᠭᠤᠯᠬᠤ ᠳᠤ ᠠᠰᠢᠭ ᠦᠭᠡᠢ ᠠᠵᠢᠯᠯᠠᠭ᠎ᠠ ᠶᠢ ᠡᠷᠡᠰ ᠬᠦᠴᠦᠳᠡᠢ ᠵᠠᠯᠠᠷᠠᠭᠤᠯᠵᠦ᠂ ᠪᠤᠬᠢᠷᠳᠤᠯ ᠦᠭᠡᠢ ᠤᠪᠤᠷ  ᠢᠶᠠᠷ ᠠᠮᠢ ᠠᠬᠤᠢ ᠶᠢᠨ ᠤᠷᠴᠢᠨ ᠲᠤᠭᠤᠷᠢᠨ ᠤ ᠬᠦᠷᠢᠶᠡᠨ ᠤ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠨ᠂ ᠦᠨᠢ ᠣᠳᠠᠭᠠᠨ ᠤ ᠠᠵᠢᠯᠯᠠᠭ᠎ᠠ ᠪᠠᠷ ᠠᠮᠢ ᠠᠬᠤᠢ ᠶᠢᠨ ᠤᠷᠴᠢᠨ ᠲᠤᠭᠤᠷᠢᠨ ᠢ ᠰᠡᠷᠭᠦᠭᠡᠨ᠎ᠡ᠃      ᠲᠠᠷᠠᠭᠠᠴᠢ ᠶᠢᠨ ᠠᠯᠬᠤᠮ ᠳᠤ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠬᠢᠨ ᠬᠦᠭᠵᠢᠯᠳᠡ ᠶᠢᠨ ᠠᠷᠭ᠎ᠠ ᠬᠡᠯᠪᠡᠷᠢ ᠪᠠᠨ ᠲᠦᠷᠭᠡᠳᠭᠡᠨ ᠪᠤᠬᠢᠷᠳᠤᠯ ᠦᠭᠡᠢ ᠬᠤᠪᠢᠷᠠᠭᠤᠯᠵᠦ᠂ ᠨᠡᠭᠦᠷᠡᠰᠦᠳᠦ᠋ᠷᠦᠭᠴᠢ ᠶᠢ ᠤᠷᠬᠢᠯ ᠬᠡᠮᠵᠢᠭᠳᠡᠯ ᠳᠤ ᠬᠦᠷᠭᠡᠬᠦ ᠨᠡᠭᠦᠷᠡᠰᠦᠳᠦ᠋ᠷᠦᠭᠴᠢ ᠶᠢᠨ ᠰᠠᠭᠠᠷᠮᠠᠭᠵᠢᠯ ᠢ ᠢᠳᠡᠪᠬᠢᠳᠡᠢ ᠮᠠᠪᠳᠠᠭᠤᠨ ᠢᠶᠠᠷ ᠠᠬᠢᠭᠤᠯᠵᠦ᠂ ᠠᠮᠢ ᠠᠬᠤᠢ ᠶᠢᠨ ᠰᠢᠰᠲ᠋ᠧᠮ ᠤᠨ ᠤᠯᠠᠨ ᠶᠠᠩᠵᠤᠳᠦ ᠴᠢᠨᠠᠷ᠂ ᠲᠤᠭᠳᠠᠪᠤᠷᠢᠳᠦ ᠴᠢᠨᠠᠷ᠂ ᠦᠷᠭᠦᠯᠵᠢᠯᠡᠬᠦ ᠴᠢᠨᠠᠷ ᠢ ᠪᠦᠬᠦ ᠲᠠᠯ᠎ᠠ ᠪᠠᠷ ᠲᠡᠭᠡᠭᠰᠢᠯᠡᠭᠦᠯᠵᠦ᠂ ᠨᠡᠭᠦᠷᠡᠰᠦᠳᠦ᠋ᠷᠦᠭᠴᠢ ᠶᠢ ᠪᠠᠭᠠᠰᠬᠠᠬᠤ᠂ ᠪᠤᠬᠢᠷᠳᠤᠯ ᠢ ᠪᠠᠭᠠᠰᠬᠠᠬᠤ᠂ ᠨᠤᠭᠤᠭᠠᠷᠠᠭᠤᠯᠤᠯᠳᠠ ᠶᠢ ᠦᠷᠭᠡᠳᠭᠡᠬᠦ᠂ ᠨᠡᠮᠡᠭᠳᠡᠯ ᠢ ᠠᠬᠢᠭᠤᠯᠬᠤ ᠶᠢ ᠪᠡᠶᠡᠯᠡᠭᠦᠯᠵᠦ᠂ ᠪᠦᠬᠦ ᠤᠷᠤᠨ ᠪᠦᠰᠡ ᠶᠢᠨ ᠠᠮᠢ ᠠᠬᠤᠢ ᠶᠢᠨ ᠠᠮᠤᠷ ᠲᠦᠪᠰᠢᠨ ᠤ ᠪᠠᠶᠢᠷᠢᠰᠢᠯ ᠢ ᠪᠦᠬᠦ ᠬᠦᠴᠦᠨ ᠢᠶᠠᠷ ᠢᠶᠠᠨ ᠴᠤᠭᠴᠠᠯᠠᠵᠦ᠂ ᠡᠬᠡ ᠤᠯᠤᠰ ᠤᠨ ᠤᠮᠠᠷᠠᠳᠦ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠳᠦᠭᠡᠨ ᠪᠠᠶᠢᠭᠤᠯᠤᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号