︽ᠦᠪᠦᠷ ᠮᠤᠩᠭᠤᠯ ᠢ ᠮᠠᠨ ᠤ ᠤᠯᠤᠰ ᠤᠨ ᠤᠮᠠᠷᠠᠰᠢ ᠨᠡᠭᠡᠭᠡᠯᠳᠡ ᠬᠢᠬᠦ ᠴᠢᠬᠤᠯᠠ ᠪᠠᠬᠢᠯᠡᠯᠳᠡ ᠪᠤᠯᠭᠠᠨ | ᠪᠦᠳᠦᠭᠡᠨ ᠪᠠᠶᠢᠭᠤᠯᠤᠨ᠎ᠠ︾᠃ ᠰᠢᠨ᠎ᠡ ᠴᠠᠭ ᠦᠶ᠎ᠡ ᠳᠤ ᠤᠷᠤᠭᠰᠠᠨ ᠤ ᠲᠠᠷᠠᠭ᠎ᠠ᠂ ᠰᠢ ᠶᠢᠨ ᠫᠢᠩ ᠶᠡᠷᠦᠩᠭᠡᠢ | ᠱᠦᠵᠢ ᠶᠢᠨ ᠴᠢᠬᠤᠯᠠ ᠶᠠᠷᠢᠶ᠎ᠠ ᠨᠢ ᠦᠪᠦᠷ ᠮᠤᠩᠭᠤᠯ ᠤᠨ ᠰᠢᠨ᠎ᠡ ᠵᠢᠷᠤᠭ ᠲᠦᠯᠦᠪᠯᠡᠭᠡ ᠶᠢ ᠵᠢᠷᠤᠭᠯᠠᠵᠦ ᠦᠭᠴᠠᠢ᠃ | ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠪᠤᠯ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠤᠮᠠᠷᠠᠳᠦ ᠬᠡᠰᠡᠭ ᠲᠤ ᠪᠠᠶᠢᠷᠢᠰᠢᠵᠦ᠂ ᠨᠤᠳᠤᠭ ᠲᠡᠪᠢᠰᠭᠡᠷ ᠦᠷᠭᠡᠨ ᠠᠭᠤᠳᠠᠮ᠂ ᠬᠢᠯᠢ ᠬᠢᠵᠠᠭᠠᠷ ᠤᠷᠳᠦ ᠪᠠᠶᠢᠳᠠᠭ᠃ | ᠰᠢ ᠶᠢᠨ ᠫᠢᠩ ᠶᠡᠷᠦᠩᠭᠡᠢ ᠱᠦᠵᠢ ᠶᠢᠨ ᠦᠪᠦᠷ ᠮᠤᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ | ᠴᠢᠩᠭ᠎ᠠ ᠡᠵᠡᠮᠳᠡᠵᠦ᠂ ᠪᠤᠭᠤᠮᠳᠠ ᠶᠢᠨ ᠠᠵᠦ ᠠᠬᠤᠢ ᠶᠢ ᠶᠡᠬᠡᠪᠡᠷ ᠬᠦᠭᠵᠢᠭᠦᠯᠵᠦ᠂ ᠨᠡᠭᠡᠭᠡᠯᠳᠡᠳᠦ ᠬᠦᠭᠵᠢᠯᠳᠡ ᠶᠢᠨ | ᠤᠶᠢᠯᠠᠭᠠᠭᠳᠠᠬᠤᠨ ᠢ ᠢᠮᠠᠭᠳᠠ ᠪᠠᠷᠢᠮᠳᠠᠯᠠᠵᠦ᠂ ᠦᠨᠳᠦᠷ ᠲᠦᠪᠰᠢᠨ ᠲᠠᠢ ᠨᠡᠭᠡᠭᠡᠯᠳᠡ ᠬᠢᠬᠦ ᠪᠠᠷ ᠴᠢᠨᠠᠷ ᠰᠠᠶᠢᠳᠠᠢ | ᠬᠦᠭᠵᠢᠯᠳᠡ ᠶᠢ ᠠᠬᠢᠭᠤᠯᠵᠦ᠂ ᠭᠠᠳᠠᠭᠠᠳᠦ ᠯᠤᠭ᠎ᠠ ᠶᠢᠨ ᠬᠠᠮᠳᠤᠷᠠᠯᠴᠠᠭ᠎ᠠ ᠰᠤᠯᠢᠯᠴᠠᠭ᠎ᠠ ᠶᠢ ᠪᠦᠬᠦ ᠲᠠᠯ᠎ᠠ ᠪᠠᠷ | ᠦᠷᠭᠡᠳᠭᠡᠵᠦ᠂ ᠮᠠᠨᠳᠤᠯ ᠪᠤᠭᠤᠮᠳᠠ ᠳᠤ ᠲᠦᠰᠢᠭᠯᠡᠨ ᠮᠠᠨ ᠤ ᠤᠯᠤᠰ ᠤᠨ ᠤᠮᠠᠷᠠᠰᠢ ᠨᠡᠭᠡᠭᠡᠯᠳᠡ ᠬᠢᠬᠦ ᠴᠢᠬᠤᠯᠠ | ᠪᠠᠬᠢᠯᠡᠯᠳᠡ ᠶᠢ ᠪᠦᠬᠦ ᠬᠦᠴᠦᠨ ᠢᠶᠠᠷ ᠢᠶᠠᠨ ᠪᠦᠳᠦᠭᠡᠨ ᠪᠠᠶᠢᠭᠤᠯᠬᠤ ᠲᠤᠮᠳᠠ ᠰᠢᠨ᠎ᠡ ᠲᠠᠪᠠᠭᠤᠯᠢᠭ ᠢ ᠡᠭᠦᠳᠴᠦ | ᠪᠠᠶᠢᠨ᠎ᠠ᠃ | ᠮᠠᠨᠳᠤᠯ ᠪᠤᠭᠤᠮᠳᠠ ᠨᠢ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠬᠤᠶᠢᠳᠦ ᠬᠡᠰᠡᠭ᠂ ᠲᠤᠮᠳᠠᠳᠦ | ᠮᠤᠩᠭᠤᠯ ᠤᠨ ᠬᠢᠯᠢ ᠶᠢᠨ757 ᠬᠢᠯᠢ ᠶᠢᠨ ᠬᠦᠰᠢᠶ᠎ᠡ ᠶᠢᠨ ᠭᠠᠵᠠᠷ ᠲᠤ ᠪᠠᠶᠢᠷᠢᠯᠠᠨ᠂ ᠮᠤᠩᠭᠤᠯ ᠤᠯᠤᠰ ᠤᠨ | ᠨᠡᠶᠢᠰᠯᠡᠯ ᠤᠯᠠᠭᠠᠨᠪᠠᠭᠠᠳᠤᠷ ᠬᠤᠳᠠ ᠠᠴᠠ ᠪᠠᠷᠤᠭ700 ᠺᠢᠯᠤᠮᠧᠲᠷ ᠵᠠᠶᠢᠳᠠᠢ ᠪᠠᠶᠢᠵᠦ᠂ ᠮᠤᠩᠭᠤᠯ ᠤᠯᠤᠰ ᠤᠨ | ᠲᠤᠷᠤᠨᠠᠭᠤᠪᠢ ᠠᠶᠢᠮᠠᠭ ᠤᠨ ᠬᠠᠩᠭᠢ ᠪᠤᠭᠤᠮᠳᠠ ᠲᠠᠢ ᠵᠠᠬ᠎ᠠ ᠨᠡᠶᠢᠯᠡᠨ᠂1992 ᠤᠨ ᠳᠤ ᠦᠪᠡᠷᠳᠡᠭᠡᠨ ᠵᠠᠰᠠᠬᠤ | ᠤᠷᠤᠨ ᠤ ᠵᠠᠰᠠᠭ ᠤᠨ ᠤᠷᠳᠤᠨ ᠤ ᠵᠦᠪᠰᠢᠶᠡᠷᠡᠯ ᠢᠶᠠᠷ ᠨᠡᠪᠳᠡᠷᠡᠭᠦᠯᠦᠭᠰᠡᠨ ᠤᠯᠠᠷᠢᠯ ᠤᠨ ᠴᠢᠨᠠᠷᠳᠠᠢ ᠭᠠᠳᠠᠭᠠᠳᠦ | ᠨᠡᠭᠡᠭᠡᠯᠳᠡ ᠶᠢᠨ ᠬᠤᠶᠠᠳᠤᠭᠠᠷ ᠲᠦᠷᠦᠯ ᠤᠨ ᠪᠤᠭᠤᠮᠳᠠ ᠪᠤᠯᠤᠨ᠎ᠠ᠃2015 ᠤᠨ ᠳᠤ᠂ ᠮᠠᠨᠳᠦᠯ ᠪᠤᠭᠤᠮᠳᠠ ᠶᠢ | ᠲᠦᠷᠦ ᠶᠢᠨ ᠶᠠᠪᠤᠳᠠᠯ ᠤᠨ ᠬᠤᠷᠢᠶᠠᠨ ᠠᠴᠠ ᠬᠤᠶᠠᠷ ᠲᠠᠯ᠎ᠠ ᠶᠢᠨ ᠦᠷᠭᠦᠯᠵᠢ ᠶᠢᠨ ᠴᠢᠨᠠᠷᠳᠠᠢ ᠵᠠᠰᠠᠮᠠᠯ ᠵᠠᠮ ᠤᠨ | ᠪᠤᠭᠤᠮᠳᠠ ᠶᠢᠨ ᠨᠢᠭᠡ ᠨᠢ ᠪᠤᠯᠵᠦ᠂ ᠮᠠᠨ ᠤ ᠤᠯᠤᠰ ᠤᠨ ᠤᠮᠠᠷᠠᠰᠢ ᠨᠡᠭᠭᠡᠯᠳᠡ ᠬᠢᠬᠦ ᠴᠢᠬᠤᠯᠠ ᠪᠠᠬᠢᠯᠡᠯᠳᠡ᠂ | ᠲᠤᠮᠳᠠᠳᠦ ᠮᠤᠩᠭᠤᠯ ᠤᠷᠤᠰ ᠤᠨ ᠠᠵᠦ ᠠᠬᠤᠢ ᠶᠢᠨ ᠬᠤᠩᠭᠢᠯ ᠤᠨ ᠴᠢᠬᠤᠯᠠ ᠵᠠᠩᠭᠢᠯᠠᠭ᠎ᠠ ᠶᠢᠨ ᠴᠡᠭ ᠪᠤᠯᠤᠭᠰᠠᠨ | ᠪᠠᠶᠢᠨ᠎ᠠ᠃ | ᠮᠠᠨᠳᠤᠯ ᠪᠤᠭᠤᠮᠳᠠ ᠶᠢᠨ ᠰᠤᠯᠢᠵᠦ ᠠᠴᠢᠶᠠᠯᠠᠬᠤ ᠲᠠᠯᠠᠪᠤᠷ ᠲᠤ᠂ ᠮᠤᠩᠭᠤᠯ ᠤᠯᠤᠰ ᠠᠴᠠ ᠢᠷᠡᠭᠰᠡᠨ | ᠵᠦᠭᠡᠭᠡᠪᠦᠷᠢ ᠶᠢᠨ ᠮᠠᠰᠢᠨ ᠲᠡᠷᠭᠡ ᠪᠠᠷᠠᠭ᠎ᠠ ᠪᠠᠭᠤᠯᠭᠠᠬᠤ ᠪᠠᠷ ᠬᠦᠯᠢᠶᠡᠵᠦ᠂ ᠴᠢᠩᠭᠡᠯᠢᠭ ᠢᠶᠠᠷ ᠪᠤᠭᠤᠮᠳᠠ ᠪᠠᠷ | ᠦᠩᠭᠡᠷᠡᠬᠦ ᠵᠠᠭᠪᠤᠷ ᠢ ᠬᠡᠷᠡᠭᠵᠢᠭᠦᠯᠦᠭᠰᠡᠨ ᠤ ᠲᠠᠷᠠᠭ᠎ᠠ᠂ ᠪᠤᠭᠤᠮᠳᠠ ᠪᠠᠷ ᠦᠩᠭᠡᠷᠡᠬᠦ ᠴᠠᠭ ᠢ ᠲᠠᠰᠤᠷᠠᠯᠳᠠ ᠦᠭᠡᠢ | ᠤᠷᠤᠳᠤᠳᠬᠠᠵᠦ᠂ ᠤᠤᠯ ᠤᠨ ᠠᠵᠢᠯᠯᠠᠬᠤ ᠴᠠᠭ ᠢ8᠄00 —17᠄00 ᠠᠴᠠ ᠲᠦᠷ ᠴᠠᠭ8᠄00 —20᠄00 | ᠪᠤᠯᠭᠠᠨ ᠲᠤᠬᠢᠷᠠᠭᠤᠯᠬᠤ ᠶᠢᠨ ᠬᠠᠮᠳᠦ2022 ᠤᠨ ᠤ7 ᠰᠠᠷ᠎ᠠ ᠶᠢᠨ25 ᠤ ᠡᠳᠦᠷ ᠭᠠᠷᠠᠭ ᠤᠨ ᠵᠢᠷᠭᠤᠭᠠᠨ ᠳᠤ | ᠲᠦᠷ ᠴᠠᠭ ᠨᠡᠭᠡᠭᠡᠭᠦ ᠶᠢ ᠪᠡᠶᠡᠯᠡᠭᠦᠯᠦᠭᠰᠡᠨ ᠪᠠᠶᠢᠨ᠎ᠠ᠃ ᠪᠤᠭᠤᠮᠳᠠ ᠶᠢᠨ ᠡᠳᠦᠷ ᠤᠨ ᠦᠩᠭᠡᠷᠡᠬᠦ ᠪᠠᠷᠠᠭᠠᠨ ᠤ | ᠬᠡᠮᠵᠢᠶ᠎ᠡ0.5 ᠲᠦᠮᠡᠨ ᠲᠤᠨ ᠳᠤ ᠬᠦᠷᠴᠦ᠂ ᠬᠠᠮᠤᠭ ᠦᠨᠳᠦᠷ ᠲᠡᠭᠡᠨ2.7 ᠲᠦᠮᠡᠨ ᠲᠤᠨ ᠳᠤ ᠬᠦᠷᠦᠭᠰᠡᠨ | ᠪᠠᠶᠢᠨ᠎ᠠ᠃ ︽ᠴᠢᠩᠭᠡᠯᠢᠭ ᠢᠶᠠᠷ ᠬᠠᠳᠠᠭᠠᠯᠠᠬᠤ ᠶᠢ ᠤᠷᠤᠯᠠᠭᠤᠯᠬᠤ︾ ᠬᠦᠮᠦᠷᠭᠡᠯᠡᠨ ᠬᠠᠳᠠᠭᠠᠯᠠᠬᠤ ᠵᠠᠭᠪᠤᠷ ᠢ | ᠢᠳᠡᠪᠬᠢᠳᠡᠢ ᠰᠦᠪᠡᠭᠴᠢᠯᠡᠨ ᠬᠡᠷᠡᠭᠵᠢᠭᠦᠯᠵᠦ᠂3 ᠬᠢᠨᠠᠨ ᠬᠠᠮᠢᠶᠠᠷᠬᠤ ᠭᠠᠵᠠᠷ ᠤᠨ8 ᠲᠦᠮᠡᠨ ᠲᠡᠭᠰᠢ ᠲᠦᠷᠪᠡᠯᠵᠢᠨ | ᠮᠧᠲᠷ ᠤᠨ ᠬᠦᠮᠦᠷᠭᠡᠯᠡᠨ ᠬᠠᠳᠠᠭᠠᠯᠠᠬᠤ ᠲᠠᠯᠠᠪᠠᠢ ᠶᠢ ᠪᠦᠬᠦᠨ ᠢ ᠨᠢ ᠬᠠᠳᠠᠷᠠᠭᠤᠯᠵᠦ᠂3 ᠳ᠋ᠤᠭᠠᠷ ᠨᠤᠮᠧᠷᠳᠦ ᠲᠤᠮᠤ | ᠬᠦᠮᠦᠷᠭᠡ ᠳᠤ ᠪᠦᠬᠦ ᠮᠠᠰᠢᠨ ᠢᠶᠠᠷ ᠲᠡᠷᠭᠡ ᠠᠴᠢᠶᠠᠯᠠᠬᠤ ᠵᠠᠭᠪᠤᠷ ᠢ ᠬᠡᠷᠡᠭᠯᠡᠵᠦ᠂ ᠴᠢᠩᠭᠡᠯᠢᠭ ᠢᠶᠠᠷ ᠲᠡᠭᠡᠭᠡᠪᠦᠷᠢᠯᠡᠬᠦ ᠶᠢ | ᠠᠬᠢᠭᠤᠯᠤᠨ᠂ ᠪᠤᠭᠤᠮᠳᠠ ᠶᠢᠨ ᠭᠠᠳᠠᠭᠠᠳᠦ ᠠᠴᠠ ᠤᠷᠤᠭᠤᠯᠬᠤ ᠴᠢᠩᠭᠡᠯᠢᠭ ᠲᠠᠢ ᠪᠠᠷᠠᠭ᠎ᠠ ᠶᠢ ᠰᠢᠭᠤᠳ ᠤᠯᠤᠰ ᠤᠨ | ᠲᠤᠳᠤᠭᠠᠳᠦ ᠶᠢᠨ ᠵᠠᠰᠠᠮᠠᠯ ᠵᠠᠮ ᠲᠡᠮᠦᠷ ᠵᠠᠮ ᠢᠶᠠᠷ ᠲᠠᠮᠵᠢᠭᠤᠯᠤᠨ ᠲᠤᠤᠷᠠᠳᠦ ᠤᠷᠤᠰᠬᠠᠯ ᠤᠨ ᠠᠵᠦ ᠠᠬᠤᠶᠢᠯᠠᠯ ᠳᠤ | ᠰᠢᠭᠤᠳ ᠲᠡᠭᠡᠭᠡᠪᠦᠷᠢᠯᠡᠨ ᠬᠦᠷᠭᠡᠬᠦ ᠶᠢ ᠪᠡᠶᠡᠯᠡᠭᠦᠯᠦᠭᠰᠡᠨ ᠪᠠᠶᠢᠨ᠎ᠠ᠃ | ᠲᠤᠳᠤᠭᠠᠳᠦ ᠭᠠᠳᠠᠭᠠᠳᠦ ᠶᠢ ᠬᠤᠯᠪᠤᠭᠰᠠᠨ ︽ᠵᠠᠮ ᠬᠠᠷᠢᠯᠴᠠᠭᠠᠨ ᠤ ᠲᠤᠤᠷ︾ ᠤᠯᠠᠮ ᠨᠢᠠᠠᠳᠠᠷᠠᠨ᠂ ᠤᠷᠤᠨ | ᠪᠦᠰᠡ ᠶᠢᠨ ᠬᠠᠮᠵᠢᠯᠴᠠᠭ᠎ᠠ ᠶᠢᠨ ︽ᠬᠠᠷᠢᠴᠠᠭᠠᠨ ᠤ ᠲᠤᠤᠷ︾ ᠤᠯᠠᠮ ᠦᠷᠭᠡᠵᠢᠵᠦ᠂2022 ᠤᠨ ᠤ4 ᠰᠠᠷ᠎ᠠ | ᠶᠢᠨ28 ᠤ ᠡᠳᠦᠷ᠂ ᠮᠤᠩᠭᠤᠯ ᠤᠯᠤᠰ ᠠᠴᠠ ᠤᠷᠤᠭᠤᠯᠤᠭᠰᠠᠨ ᠨᠡᠭᠦᠷᠡᠰᠦ ᠲᠡᠭᠡᠭᠡᠭᠰᠡᠨ46 ᠴᠢᠩᠭᠡᠯᠢᠭ ᠤᠨ ᠭᠠᠯᠳᠦ | ᠲᠡᠷᠭᠡ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠪᠠᠶᠠᠨᠬᠤᠸᠠ ᠭᠠᠯᠳᠦ ᠲᠡᠷᠭᠡᠨ ᠤ ᠦᠷᠳᠡᠭᠡ ᠠᠴᠠ | ᠠᠯᠭᠤᠷᠬᠠᠨ ᠭᠠᠷᠤᠭᠰᠠᠨ ᠪᠠᠶᠢᠨ᠎ᠠ᠃ ᠡᠨᠡ ᠪᠤᠯ᠂ ᠪᠤᠭᠤᠳᠦ ᠠᠴᠠ ᠮᠠᠨᠳᠦᠯ ᠳᠤ ᠬᠦᠷᠬᠦ ᠲᠡᠮᠦᠷ ᠵᠠᠮ ᠪᠦᠬᠦ ᠱᠤᠭᠤᠮ | ᠢᠶᠠᠷ ᠨᠡᠪᠳᠡᠷᠡᠭᠰᠡᠨ ᠤ ᠲᠠᠷᠠᠭ᠎ᠠ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠠᠴᠠ ᠶᠠᠪᠤᠭᠤᠯᠤᠭᠰᠠᠨ ᠠᠩᠭᠬᠠᠨ | ᠤ ᠡᠭᠡᠯᠵᠢ ᠶᠢᠨ ᠭᠠᠯᠳᠦ ᠲᠡᠷᠭᠡ ᠨᠢ ᠮᠠᠨᠳᠤᠯ ᠪᠤᠭᠤᠮᠳᠠ ᠶᠢᠨ ᠭᠠᠳᠠᠭᠠᠳᠦ ᠠᠴᠠ ᠤᠷᠤᠭᠤᠯᠤᠭᠰᠠᠨ ᠨᠡᠭᠦᠷᠡᠰᠦ ᠶᠢ | ᠦᠩᠭᠡᠷᠡᠭᠰᠡᠨ ᠤ ᠵᠠᠰᠠᠮᠠᠯ ᠵᠠᠮ ᠤᠨ ᠲᠡᠭᠡᠭᠡᠪᠦᠷᠢ ᠠᠴᠠ ︽ᠵᠠᠰᠠᠮᠠᠯ ᠵᠠᠮ ᠤᠨ ᠲᠡᠮᠦᠷ ᠵᠠᠮ ᠤᠨ ᠬᠠᠮᠳᠤᠷᠠᠭᠰᠠᠨ | ᠲᠡᠭᠡᠭᠡᠪᠦᠷᠢ︾ ᠪᠤᠯᠤᠨ ᠦᠷᠭᠡᠵᠢᠭᠰᠡᠨ ᠢ ᠬᠠᠷᠠᠭᠤᠯᠵᠦ᠂ ᠮᠠᠨᠳᠤᠯ ᠪᠤᠭᠤᠮᠳᠠ ᠶᠢᠨ ︽ᠰᠤᠯᠠ ᠲᠡᠭᠡᠭᠡᠪᠦᠷᠢ ᠶᠢ | ᠲᠦᠪᠯᠡᠷᠡᠭᠦᠯᠦᠭᠰᠡᠨ ᠲᠡᠭᠡᠭᠡᠪᠦᠷᠢ︾ ᠪᠤᠯᠭᠠᠬᠤ ᠦᠭᠡᠷᠡᠴᠢᠯᠡᠯᠳᠡ ᠶᠢ ︽ᠵᠠᠰᠠᠮᠠᠯ ᠵᠠᠮ ᠠᠴᠠ ᠲᠡᠮᠦᠷ ᠵᠠᠮ ᠤᠨ ᠴᠠᠭ | ᠦᠶ᠎ᠡ︾ ᠳᠤ ᠤᠷᠤᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠶᠢ ᠪᠦᠬᠦ ᠤᠯᠤᠰ ᠤᠨ ᠲᠡᠮᠦᠷ ᠵᠠᠮ ᠤᠨ | ᠭᠤᠤᠯ ᠱᠤᠭᠤᠮ ᠤᠨ ᠲᠤᠤᠷ ᠲᠤ ᠤᠷᠤᠭᠤᠯᠵᠠᠢ᠃ | 2022 ᠤᠨ ᠳᠤ᠂ ᠮᠠᠨᠳᠤᠯ ᠪᠤᠭᠤᠮᠳᠠ ᠶᠢᠨ ᠭᠠᠳᠠᠭᠠᠳᠦ ᠠᠴᠠ ᠤᠷᠤᠭᠤᠯᠵᠦ ᠭᠠᠳᠠᠭᠠᠳᠦ ᠳᠤ ᠭᠠᠷᠭᠠᠬᠤ | ᠪᠤᠭᠤᠮᠳᠠ ᠳᠤ ᠮᠡᠳᠡᠭᠦᠯᠦᠭᠰᠡᠨ ᠪᠠᠷᠠᠭ᠎ᠠ310 ᠲᠦᠮᠡᠨ ᠲᠤᠨ ᠳᠤ ᠬᠦᠷᠴᠦ᠂ ᠠᠳᠠᠯᠢ ᠬᠤᠭᠤᠴᠠᠭᠠᠨ ᠤ ᠬᠢ | ᠠᠴᠠ90% ᠪᠠᠷ ᠨᠡᠮᠡᠭᠳᠡᠵᠦ᠂35.14 ᠳ᠋ᠦᠩᠰᠢᠭᠤᠷ ᠲᠦᠭᠦᠷᠢᠭ ᠤᠨ ᠠᠷᠠᠯᠵᠢᠶ᠎ᠠ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ160 ᠤᠪᠡᠷ ᠨᠡᠮᠡᠭᠳᠡᠵᠠᠢ᠃2023 ᠤᠨ ᠤ2 ᠳ᠋ᠤᠭᠠᠷ ᠰᠠᠷ᠎ᠠ ᠶᠢᠨ24 ᠤ ᠡᠳᠦᠷ᠂ | ᠦᠪᠡᠷᠳᠡᠭᠡᠨ ᠵᠠᠰᠠᠬᠤ ᠤᠷᠤᠨ ᠤ ᠪᠤᠭᠤᠮᠳᠠ ᠶᠢᠨ ᠬᠠᠮᠢᠶᠠᠷᠤᠯᠳᠠ ᠶᠢᠨ ᠠᠯᠪᠠᠨ ᠭᠡᠷ ᠠᠴᠠ ᠮᠠᠨᠳᠤᠯ ᠪᠤᠭᠤᠮᠳᠠ ᠶᠢᠨ | ᠪᠤᠬᠢᠷᠳᠤᠯ ᠦᠭᠡᠢ ᠤᠶᠤᠨᠳᠦ ᠬᠠᠭᠤᠷᠠᠢ ᠵᠠᠮ ᠤᠨ ᠭᠠᠷᠠᠮ ᠤᠨ ᠲᠤᠷᠰᠢᠯᠳᠠ ᠶᠢᠨ ᠴᠡᠭ ᠪᠠᠶᠢᠭᠤᠯᠬᠤ ᠶᠢ ᠲᠡᠮᠵᠢᠬᠦ ᠪᠠᠷ | ᠲᠤᠭᠳᠠᠪᠠ᠃2023 ᠤᠨ ᠳᠤ8 ᠭᠤᠤᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠬᠦ ᠪᠠᠷ ᠲᠦᠯᠦᠪᠯᠡᠵᠦ᠂ | ᠶᠡᠷᠦᠩᠭᠡᠢ ᠪᠡᠯᠡ ᠤᠷᠤᠭᠤᠯᠤᠯᠳᠠ ᠨᠢ27.5 ᠳ᠋ᠦᠩᠰᠢᠭᠤᠷ ᠲᠦᠭᠦᠷᠢᠭ ᠬᠦᠷᠬᠦ ᠪᠤᠯᠤᠨ᠎ᠠ᠃2023 ᠤᠨ ᠤ3 ᠰᠠᠷ᠎ᠠ | ᠶᠢᠨ20 ᠤ ᠡᠳᠦᠷ ᠪᠤᠯᠳᠠᠯ᠎ᠠ᠂ ᠪᠦᠬᠦ ᠵᠢᠯ ᠤᠨ ᠭᠠᠳᠠᠭᠠᠳᠦ ᠠᠴᠠ ᠤᠷᠤᠭᠤᠯᠵᠦ ᠭᠠᠳᠠᠭᠭᠠᠳᠦ ᠠᠴᠠ ᠤᠷᠤᠭᠤᠯᠵᠦ | ᠭᠠᠳᠠᠭᠠᠳᠦ ᠳᠤ ᠭᠠᠷᠭᠠᠬᠤ ᠠᠷᠠᠯᠵᠢᠶ᠎ᠠ9.97 ᠳ᠋ᠦᠩᠰᠢᠭᠤᠷ ᠲᠦᠭᠦᠷᠢᠭ ᠲᠤ ᠬᠦᠷᠴᠠᠢ᠂᠂᠂᠂ ᠡᠨᠡ ᠤᠯᠠᠨ ᠲᠤᠭ᠎ᠠ | ᠪᠠᠷᠢᠮᠳᠠ ᠨᠢ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠮᠠᠷᠠᠰᠢ ᠨᠡᠭᠡᠭᠡᠯᠳᠡ ᠬᠢᠭᠰᠡᠨ ᠡᠯᠪᠡᠭ ᠪᠠᠶᠠᠯᠢᠭ | ᠦᠷ᠎ᠡ ᠪᠦᠳᠦᠭᠡᠯ ᠢ ᠬᠠᠷᠠᠭᠤᠯᠵᠦ᠂ ᠤᠮᠠᠷᠠᠳᠦ ᠶᠢᠨ ᠡᠬᠡ ᠭᠠᠵᠠᠷ ᠤᠨ ᠨᠡᠭᠡᠭᠡᠯᠳᠡ ᠬᠢᠬᠦ ᠵᠠᠮ ᠢᠶᠠᠷ ᠨᠡᠩ ᠲᠦᠷᠭᠡᠨ | ᠤᠷᠤᠭᠰᠢᠯᠠᠬᠤ ᠶᠢ ᠬᠡᠷᠡᠴᠢᠯᠡᠭᠰᠡᠨ ᠪᠠᠶᠢᠨ᠎ᠠ᠃ | ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠠᠨᠳᠤᠯ ᠪᠤᠭᠤᠮᠳᠠ ᠶᠢᠨ ᠦᠢᠯᠡᠴᠢᠯᠡᠭᠡᠨ ᠤ ᠲᠦᠪ ᠤᠨ | ᠡᠷᠬᠢᠯᠡᠭᠴᠢ ᠬᠡᠰᠢᠭᠳᠦ ︽ᠤᠶᠢᠷ᠎ᠠ ᠶᠢᠨ ᠵᠢᠯ ᠠᠴᠠ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠪᠤᠭᠤᠮᠳᠠ ᠶᠢᠨ | ᠤᠷᠤᠨ ᠪᠠᠶᠢᠷᠢ ᠶᠢᠨ ᠲᠠᠪᠠᠭᠤᠯᠢᠭ ᠪᠤᠯᠤᠨ ᠬᠢᠯᠢ ᠶᠢᠨ ᠭᠠᠳᠠᠨᠠᠬᠢ ᠮᠤᠩᠭᠤᠯ ᠤᠯᠤᠰ ᠤᠨ ᠡᠯᠪᠡᠭ ᠪᠠᠶᠠᠯᠢᠭ ᠠᠭᠤᠷᠬᠠᠢ | ᠶᠢᠨ ᠭᠠᠷᠤᠯᠳᠠ ᠶᠢᠨ ᠡᠬᠢ ᠪᠠᠨᠯᠢᠭ ᠲᠤ ᠲᠦᠰᠢᠭᠯᠡᠨ᠂ ᠤᠯᠤᠰ ᠤᠨ ︿ᠨᠢᠭᠡ ᠪᠦᠰᠡ ᠨᠢᠭᠡ ᠵᠠᠮ﹀ ᠢ ᠬᠡᠷᠡᠭᠵᠢᠭᠦᠯᠬᠦ | ᠪᠠ ᠡᠷᠬᠢᠨ ᠲᠤᠭᠤᠷᠢᠨ ᠤ ᠤᠯᠤᠰ ᠯᠤᠭ᠎ᠠ ᠶᠢᠨ ᠰᠠᠭᠤᠷᠢ ᠲᠦᠬᠦᠭᠡᠷᠦᠮᠵᠢ ᠶᠢᠨ ︿ᠬᠤᠯᠪᠤᠯᠳᠤᠨ ᠨᠡᠪᠳᠡᠷᠡᠯᠴᠡᠬᠦ﹀ ᠶᠢ | ᠠᠬᠢᠭᠤᠯᠬᠤ ᠠᠵᠠ ᠲᠤᠬᠢᠶᠠᠯ ᠢ ᠴᠢᠩᠭ᠎ᠠ ᠠᠳᠬᠤᠵᠦ᠂ ᠤᠷᠢᠳ ᠬᠤᠵᠢᠳ13 ᠳ᠋ᠦᠩᠰᠢᠭᠤᠷ ᠲᠦᠭᠦᠷᠢᠭ ᠰᠢᠬᠠᠮ | ᠪᠡᠯᠡ ᠤᠷᠤᠭᠤᠯᠤᠨ᠂ ᠮᠠᠨᠳᠤᠯ ᠪᠤᠭᠤᠮᠳᠠ ᠶᠢᠨ ᠪᠦᠳᠦᠭᠡᠨ ᠪᠠᠶᠢᠭᠤᠯᠤᠯᠳᠠ ᠶᠢ ᠦᠨᠳᠦᠷ ᠪᠠᠷᠢᠮᠵᠢᠶ᠎ᠠ ᠪᠠᠷ | ᠠᠬᠢᠭᠤᠯᠵᠠᠢ᠃ ᠡᠭᠦᠨ ᠤ ᠬᠠᠮᠳᠦ ᠤᠮᠠᠷᠠᠳᠦ ᠶᠢᠨ ᠤᠯᠠᠨ ᠤᠯᠤᠰ᠂ ᠪᠤᠭᠤᠳᠦ ᠶᠢᠨ ᠪᠤᠯᠤᠳ ᠲᠡᠮᠦᠷ ᠤᠨ ᠺᠤᠮᠫᠠᠨᠢ | ᠶᠢᠨ ᠠᠭᠤᠷᠬᠠᠢ ᠶᠢᠨ ᠦᠢᠯᠡᠰ ᠵᠡᠷᠭᠡ ᠲᠤᠮᠤ ᠬᠡᠯᠪᠡᠷᠢ ᠶᠢᠨ ᠠᠵᠦ ᠠᠬᠤᠶᠢᠯᠠᠯ ᠢ ᠢᠳᠡᠪᠬᠢᠳᠡᠢ ᠪᠠᠷ ᠤᠷᠤᠭᠤᠯᠤᠨ | ᠠᠪᠴᠢᠷᠠᠵᠦ᠂ ᠤᠯᠤᠰ ᠤᠨ ᠦᠮᠴᠢᠯᠡᠯᠳᠦ ᠠᠵᠦ ᠠᠬᠤᠶᠢᠯᠠᠯ ᠢ ᠪᠠᠶᠢᠭᠤᠯᠤᠨ ᠬᠠᠮᠳᠤᠪᠠᠷ ᠪᠤᠭᠤᠮᠳᠠ ᠶᠢ ᠨᠡᠬᠡᠬᠡᠵᠦ᠂ | ᠤᠳᠤᠬᠠᠨ ᠳᠤ ᠲᠠᠩᠰᠠᠯᠠᠭᠤᠯᠤᠭᠰᠠᠨ ᠬᠢᠯᠢ ᠪᠠᠷ ᠪᠠᠷᠠᠭ᠎ᠠ ᠦᠩᠭᠡᠷᠡᠭᠦᠯᠬᠦ ᠠᠵᠦ ᠠᠬᠤᠶᠢᠯᠠᠯ ᠢ ᠪᠠᠶᠢᠭᠤᠯᠤᠨ ᠬᠠᠮᠳᠤᠪᠠᠷ | ᠪᠤᠭᠤᠮᠳᠠ ᠶᠢ ᠨᠡᠭᠡᠭᠡᠵᠦ᠂ ᠤᠳᠤᠬᠠᠨ ᠳᠤ ᠲᠠᠩᠰᠠᠯᠠᠭᠤᠯᠤᠭᠰᠠᠨ ᠬᠢᠯᠢ ᠪᠠᠷ ᠪᠠᠷᠠᠭ᠎ᠠ ᠦᠩᠭᠡᠷᠡᠭᠦᠯᠬᠦ ᠠᠵᠦ | ᠠᠬᠤᠶᠢᠯᠠᠯ60 ᠭᠠᠷᠤᠢ᠂ ᠪᠤᠭᠤᠮᠳᠠ ᠶᠢᠨ ᠬᠢᠨᠠᠨ ᠬᠠᠮᠢᠶᠠᠷᠤᠯᠳᠠ ᠶᠢᠨ ᠲᠠᠯᠠᠪᠤᠷ1᠂ ᠬᠦᠮᠦᠷᠭᠡ ᠶᠢᠨ ᠬᠦᠯᠡᠮᠵᠢ3 | ᠰᠠᠭᠤᠷᠢ᠂ ᠲᠤᠭᠳᠠᠩᠭᠤᠢ ᠬᠠᠳᠠᠭᠠᠯᠠᠬᠤ ᠴᠢᠳᠠᠪᠤᠷᠢ25 ᠲᠦᠮᠡᠨ ᠲᠤᠨ᠂ ᠵᠢᠯ ᠤᠨ ᠡᠷᠬᠢᠯᠳᠦᠭᠦᠯᠦᠨ ᠰᠦᠯᠵᠢᠭᠦᠯᠬᠦ | ᠴᠢᠳᠠᠪᠤᠷᠢ500 ᠲᠦᠮᠡᠨ ᠲᠤᠨ ᠬᠦᠷᠴᠦ᠂ ᠪᠤᠭᠤᠮᠳᠠ ᠶᠢᠨ ᠶᠡᠷᠦᠩᠭᠡᠶᠢᠯᠡᠭᠰᠡᠨ ᠦᠢᠯᠡᠴᠢᠯᠡᠭᠡᠨ ᠤ ᠴᠢᠳᠠᠪᠬᠢ ᠡᠳᠦᠷ | ᠢᠷᠡᠬᠦᠶ᠎ᠡ ᠪᠦᠷᠢᠨ ᠭᠦᠢᠴᠡᠳ ᠪᠤᠯᠪᠠ︾ ᠭᠡᠵᠦ ᠬᠡᠯᠡᠪᠡ᠃ | ᠤᠯᠤᠰ ᠤᠨ ᠤᠮᠠᠷᠠᠰᠢ ᠨᠡᠭᠡᠭᠡᠯᠳᠡ ᠬᠢᠬᠦ ᠴᠢᠬᠤᠯᠠ ᠪᠠᠬᠢᠯᠡᠯᠳᠡ ᠶᠢ ᠪᠦᠳᠦᠭᠡᠨ ᠪᠠᠶᠢᠭᠤᠯᠬᠤ ᠠᠶᠠᠨ ᠵᠠᠮ ᠳᠤ᠂ | ᠲᠠᠷᠬᠠᠨ ᠮᠤᠤᠮᠢᠩᠭᠠᠨ ᠬᠤᠰᠢᠭᠤᠨ ᠨᠡᠭᠡᠭᠡᠯᠳᠡ ᠶᠢ ᠤᠯᠠᠮ ᠭᠦᠨᠵᠡᠭᠡᠶᠢᠷᠡᠭᠦᠯᠦᠨ᠂ ᠨᠡᠩ ᠪᠤᠳᠠᠳᠠᠢ ᠡᠷᠬᠢᠮᠯᠡᠵᠦ | ᠭᠠᠳᠠᠭᠠᠳᠦ ᠨᠡᠭᠡᠭᠡᠯᠳᠡ ᠶᠢᠨ ᠬᠢᠷᠢ ᠲᠦᠪᠰᠢᠨ ᠢᠶᠠᠨ ᠪᠦᠬᠦ ᠲᠠᠯ᠎ᠠ ᠪᠠᠷ ᠲᠡᠭᠡᠭᠰᠢᠯᠡᠭᠦᠯᠦᠨ᠂ ᠨᠡᠭᠡᠭᠡᠯᠳᠡ ᠶᠢ ᠤᠯᠠᠮ | ᠬᠤᠯᠠ᠂ ᠨᠡᠩ ᠯᠠᠪᠳᠠᠭᠤᠨ ᠢᠶᠠᠷ ᠤᠷᠤᠭᠰᠢᠯᠠᠭᠤᠯᠬᠤ ᠪᠤᠯᠤᠨ᠎ᠠ᠃ |