5 ᠰᠠᠷ᠎ᠠ ᠶᠢᠨ9 ᠤ ᠡᠳᠦᠷ᠂ ᠮᠠᠨᠳᠤᠯ ᠪᠤᠭᠤᠮᠳᠠ ᠶᠢᠨ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠦᠷᠳᠡᠭᠡ︾ ᠶᠢᠨ ᠫᠠᠶᠢᠰᠠ ᠰᠡᠬᠦᠬᠦ ᠶᠤᠰᠤᠯᠠᠯ ᠮᠠᠨᠳᠤᠯ ᠪᠠᠯᠭᠠᠰᠤᠨ ᠤ ᠤᠮᠠᠷᠠᠳᠦ ᠬᠢᠯᠢ ᠶᠢᠨ ᠬᠤᠯᠪᠤᠭᠠᠳᠦ ᠨᠠᠮ ᠤᠨ | ᠬᠤᠷᠢᠶ᠎ᠠ ᠶᠢᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠦᠪ ᠲᠤ ᠶᠠᠪᠤᠭᠳᠠᠪᠠ᠃ ᠬᠤᠳᠠ ᠶᠢᠨ ᠬᠢᠨᠠᠨ | ᠵᠢᠪᠰᠢᠶᠡᠷᠡᠬᠦ ᠦᠢᠯᠡᠴᠢᠯᠡᠭᠡᠨ ᠤ ᠲᠤᠪᠴᠢᠶ᠎ᠠ ᠶᠢᠨ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠲᠤᠪᠴᠢᠶᠠᠨ | ᠲᠠᠷᠤᠭ᠎ᠠ ᠭᠦᠸᠧ ᠬᠤᠢ ᠸᠧᠨ᠂ ᠬᠤᠳᠠ ᠶᠢᠨ ᠬᠢᠨᠡᠨ ᠵᠦᠪᠰᠢᠶᠡᠷᠡᠬᠦ ᠦᠢᠯᠡᠴᠢᠯᠡᠭᠡᠨ ᠤ ᠲᠤᠪᠴᠢᠶ᠎ᠠ ᠶᠢᠨ ᠨᠠᠮ ᠤᠨ | ᠤᠳᠤᠷᠢᠳᠬᠤ ᠲᠤᠭᠤᠶᠢᠯᠠᠩ ᠤᠨ ᠪᠦᠷᠢᠯᠳᠤᠭᠦᠨ᠂ ᠲᠡᠳ᠋ ᠲᠤᠪᠴᠢᠶᠠᠨ ᠲᠠᠷᠤᠭ᠎ᠠ ᠸᠠᠩ ᠬᠤᠢ᠂ ᠬᠤᠰᠢᠭᠤ ᠲᠡᠳ᠋ | ᠲᠠᠷᠤᠭ᠎ᠠ ᠯᠢ ᠪᠤᠤ ᠴᠦᠨ ᠫᠠᠶᠢᠰᠠ ᠰᠡᠬᠦᠬᠦ ᠶᠤᠰᠤᠯᠠᠯ ᠳᠤ ᠤᠷᠤᠯᠴᠠᠪᠠ᠃ | ᠶᠤᠰᠤᠯᠠᠯ ᠳᠤ ᠤᠷᠤᠯᠴᠠᠭᠰᠠᠳ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷᠳᠡᠭᠡ︾ ᠶᠢᠨ | ᠠᠵᠢᠯᠯᠠᠬᠤ ᠲᠤᠭᠤᠷᠢᠭ ᠢ ᠪᠠᠶᠢᠴᠠᠭᠠᠨ ᠦᠵᠡᠵᠦ᠂ ᠫᠠᠶᠢᠰᠠ ᠰᠡᠬᠦᠬᠦ ᠶᠤᠰᠤᠯᠠᠯ ᠲᠡᠭᠡᠷ᠎ᠡ ᠬᠦᠸᠧ ᠬᠤᠢ ᠸᠧᠨ᠂ ᠸᠠᠩ | ᠬᠤᠢ᠂ ᠯᠢ ᠪᠤᠤ ᠴᠦᠨ ᠬᠠᠮᠳᠦ ᠪᠠᠷ ᠮᠠᠨᠳᠤᠯ ᠪᠤᠭᠤᠮᠳᠠ ᠶᠢᠨ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠦᠷᠳᠡᠭᠡ︾ ᠶᠢᠨ ᠫᠠᠶᠢᠰᠠ ᠶᠢ ᠰᠡᠬᠦᠭᠰᠡᠨ ᠪᠠᠶᠢᠨ᠎ᠠ᠃ | | | | | ᠯᠢ ᠪᠤᠤ ᠴᠦᠨ ᠶᠠᠷᠢᠶᠠᠨ ᠳᠠᠭᠠᠨ᠂ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷᠳᠡᠭᠡ︾ ᠪᠤᠯ | ᠠᠷᠠᠳ ᠤᠨ ᠲᠦᠯᠦᠭᠡ ᠪᠤᠳᠠᠳᠠᠢ ᠠᠵᠢᠯ ᠬᠢᠵᠦ᠂ ᠠᠷᠠᠳ ᠤᠨ ᠵᠤᠪᠠᠨᠢᠯ ᠢ ᠦᠨᠡᠨᠬᠦ ᠲᠠᠶᠢᠯᠬᠤ ᠠᠷᠠᠳ ᠲᠤ ᠠᠰᠢᠭ | ᠬᠦᠷᠳᠡᠭᠡᠵᠦ ᠠᠵᠦ ᠠᠬᠤᠶᠢᠯᠠᠯ ᠳᠤ ᠠᠰᠢᠭ ᠬᠦᠷᠳᠡᠭᠡᠬᠦ ᠢᠨᠵᠧᠨᠧᠷᠢᠩ ᠮᠦᠨ᠃ ᠬᠤᠰᠢᠭᠤᠨ ᠤ ᠵᠠᠰᠠᠭ ᠤᠨ ᠶᠠᠪᠤᠳᠠᠯ | ᠤᠨ ᠦᠢᠯᠡᠴᠢᠯᠡᠭᠡᠨ ᠤ ᠲᠤᠪᠴᠢᠶ᠎ᠠ ᠪᠤᠯᠤᠨ ᠡᠯ᠎ᠡ ᠡᠭᠦᠷᠭᠡ ᠴᠢᠳᠠᠪᠤᠷᠢᠳᠦ ᠰᠠᠯᠠᠭ᠎ᠠ ᠮᠦᠴᠢᠷ ᠤᠨ ᠬᠢᠨ ᠠᠵᠢᠯ ᠤᠨ | ᠦᠷᠳᠡᠭᠡ ᠶᠢᠨ ᠬᠠᠮᠢᠶᠠᠷᠤᠯᠳᠠ ᠶᠢᠨ ᠲᠤᠭᠳᠠᠴᠠ᠂ ᠠᠵᠢᠯᠯᠠᠭᠠᠨ ᠤ ᠲᠤᠭᠳᠠᠴᠠ᠂ ᠦᠢᠯᠡᠴᠢᠯᠡᠭᠡᠨ ᠤ ᠲᠤᠭᠳᠠᠴᠠ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ︽ | ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠲᠤᠭᠠᠵᠢᠭᠤᠯᠬᠤ᠂ ᠲᠦᠭᠦᠮᠴᠢᠯᠡᠬᠦ᠂ ᠰᠢᠨ᠎ᠡ ᠶᠢ ᠡᠭᠦᠳᠬᠦ︾ ᠶᠢ ᠴᠢᠷᠮᠠᠶᠢᠨ | ᠪᠡᠶᠡᠯᠡᠭᠦᠯᠵᠦ᠂ ᠴᠢᠩᠭ᠎ᠠ ᠰᠤᠷᠳᠠᠯ᠂ ᠬᠦᠴᠦᠳᠡᠢ ᠠᠷᠭ᠎ᠠ ᠬᠡᠮᠵᠢᠶ᠎ᠡ ᠪᠠᠷ ᠮᠠᠨᠳᠤᠯ ᠪᠤᠭᠤᠮᠳᠠ ᠶᠢᠨ ︽ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠦᠷᠳᠡᠭᠡ︾ ᠶᠢ ᠪᠦᠬᠦ ᠬᠤᠳᠠ ᠶᠢᠨ ︽ᠵᠠᠰᠠᠭ ᠤᠨ ᠶᠠᠪᠤᠳᠠᠯ ᠤᠨ ᠦᠢᠯᠡᠴᠢᠯᠡᠭᠡᠨ | ᠤ ᠬᠡᠪ ᠲᠠᠭᠤᠷᠢᠶᠠᠯ︾ ᠪᠤᠯᠭᠠᠨ ᠪᠦᠳᠦᠭᠡᠨ ᠪᠠᠶᠢᠭᠤᠯᠬᠤ ᠶᠢ ᠬᠦᠰᠡᠵᠦ ᠪᠠᠶᠢᠨ᠎ᠠ ᠭᠡᠵᠡᠢ᠃ | ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷᠳᠡᠭᠡ︾ ᠶᠢ ᠪᠠᠶᠢᠭᠤᠯᠤᠭᠰᠠᠨ ᠨᠢ ᠵᠠᠰᠠᠭ ᠤᠨ ᠶᠠᠪᠤᠳᠠᠯ | ᠤᠨ ᠦᠢᠯᠡᠴᠢᠯᠡᠭᠡᠨ ᠤᠯᠠᠮ ᠨᠢᠭᠡ ᠠᠯᠬᠤᠮ ᠦᠷᠭᠡᠵᠢᠭᠰᠡᠨ ᠢ ᠬᠠᠷᠠᠭᠤᠯᠵᠦ᠂ ᠠᠵᠦ ᠠᠬᠤᠶᠢᠯᠠᠯ ᠳᠤ ᠦᠢᠯᠡᠴᠢᠯᠡᠬᠦ | ᠳᠤ ᠲᠦᠭᠦᠮ ᠦᠵᠡᠭᠦᠯᠬᠦ ᠵᠤᠷᠢᠯᠳᠠ ᠶᠢ ᠪᠡᠶᠡᠯᠡᠭᠦᠯᠪᠡ᠃ | ᠫᠠᠶᠢᠰᠠ ᠰᠡᠬᠦᠬᠦ ᠶᠤᠰᠤᠯᠠᠯ ᠤᠨ ᠲᠠᠷᠠᠭ᠎ᠠ᠂ ᠤᠯᠠᠨ ᠢᠶᠠᠷ ᠢᠶᠠᠨ ᠤᠮᠠᠷᠠᠳᠦ ᠬᠢᠯᠢ ᠶᠢᠨ ᠬᠤᠯᠪᠤᠭᠠᠳᠦ ᠨᠠᠮ ᠤᠨ | ᠬᠤᠷᠢᠶ᠎ᠠ ᠶᠢᠨ ᠬᠤᠪᠢᠰᠬᠠᠯᠳᠦ ᠬᠦᠮᠦᠵᠢᠯ ᠤᠨ ᠦᠵᠡᠭᠦᠯᠦᠯᠭᠡ ᠶᠢᠨ ᠲᠢᠩᠬᠢᠮ ᠢ ᠲᠤᠭᠤᠷᠢᠨ ᠦᠵᠡᠭᠰᠡᠨ ᠪᠠᠶᠢᠨ᠎ᠠ᠃ | | | | | | | | | | |