ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ28 ᠳ᠋ᠤᠭᠠᠷ ᠬᠤᠭᠤᠴᠠᠭᠠᠨ ᠤ ᠵᠠᠯᠠᠭᠤ ᠺᠠᠳ᠋ᠷᠴᠤᠳ ᠤᠨ ᠪᠤᠯᠪᠠᠰᠤᠷᠠᠯ ᠤᠨ ᠠᠩᠭᠢ ᠠᠮᠵᠢᠯᠳᠠ ᠲᠠᠢ ᠲᠡᠭᠦᠰᠪᠡ
ᠨᠡᠶᠢᠲᠡᠯᠡᠭᠰᠡᠨ ᠴᠠᠭ᠄
2023/5/18
      5 ᠰᠠᠷ᠎ᠠ ᠶᠢᠨ16 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ28 ᠳ᠋ᠤᠭᠠᠷ ᠬᠤᠭᠤᠴᠠᠭᠠᠨ ᠤ ᠵᠠᠯᠠᠭᠤ ᠺᠠᠳ᠋ᠷᠴᠤᠳ ᠤᠨ ᠪᠤᠯᠪᠠᠰᠤᠷᠠᠯ ᠤᠨ ᠠᠩᠭᠢ ᠶᠢᠨ ᠲᠡᠭᠦᠰᠬᠦ ᠶᠤᠰᠤᠯᠠᠯ ᠬᠠᠮ ᠵᠠᠭᠤᠴᠢᠯᠠᠭᠤᠷ  ᠤᠨ ᠲᠦᠪ ᠤᠨ ᠲᠤᠭᠯᠠᠯᠳᠠ ᠶᠢᠨ ᠲᠢᠩᠭᠢᠮ ᠳᠤ ᠶᠠᠪᠤᠭᠳᠠᠪᠠ᠃ ᠨᠢᠭᠡ ᠰᠠᠷ᠎ᠠ ᠶᠢᠨ ᠪᠤᠯᠪᠠᠰᠤᠷᠠᠯ ᠢᠶᠠᠷ ᠲᠠᠮᠵᠢᠨ ᠪᠦᠬᠦ ᠬᠤᠰᠢᠭᠤᠨ ᠤ ᠡᠯ᠎ᠡ ᠰᠠᠯᠠᠭ᠎ᠠ ᠮᠦᠴᠢᠷ᠂ ᠡᠯ᠎ᠡ ᠪᠠᠶᠢᠭᠤᠯᠭ᠎ᠠ ᠶᠢᠨ42 ᠨᠡᠷᠡᠰ ᠰᠢᠯᠢᠳᠡᠭ ᠵᠠᠯᠠᠭᠤ ᠺᠠᠳ᠋ᠷ ᠤᠨ ᠲᠦᠯᠦᠭᠡᠯᠡᠭᠴᠢ ᠦᠵᠡᠯ ᠰᠠᠨᠠᠭ᠎ᠠ᠂ ᠨᠠᠮᠴᠢ ᠴᠢᠨᠠᠷ ᠤᠨ ᠪᠤᠯᠪᠠᠰᠤᠷᠠᠯ ᠳᠤ ᠤᠷᠤᠯᠴᠠᠭᠰᠠᠨ ᠪᠠᠶᠢᠨ᠎ᠠ᠃ ᠬᠤᠰᠢᠭᠤ ᠨᠠᠮ  ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠯᠢᠦ ᠷᠦᠢ ᠯᠦᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠴᠢᠦᠢ ᠨᠢᠩ᠂ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠲᠠᠢ ᠬᠠᠢ ᠶᠠᠨ ᠰᠤᠷᠤᠯᠭ᠎ᠠ ᠲᠡᠭᠦᠰᠬᠦ ᠶᠤᠰᠤᠯᠠᠯ ᠳᠤ ᠤᠷᠤᠯᠴᠠᠪᠠ᠃
      ᠬᠤᠰᠢᠭᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠤᠨ ᠲᠡᠳ᠋ ᠲᠠᠷᠤᠭ᠎ᠠ᠂ ᠬᠤᠰᠢᠭᠤᠨ ᠤ ︽ᠬᠤᠶᠠᠷ ᠰᠢᠨ᠎ᠡ︾ ᠵᠤᠬᠢᠶᠠᠨ ᠪᠠᠶᠢᠭᠤᠯᠤᠯᠳᠠ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ ᠸᠧᠨ ᠬᠤᠩ ᠰᠢᠶᠠ ᠰᠤᠷᠤᠭᠴᠢᠳ ᠤᠨ ᠪᠤᠯᠪᠠᠰᠤᠷᠠᠯ ᠤᠨ ᠬᠤᠭᠤᠴᠠᠭᠠᠨ ᠳᠠᠬᠢ ᠰᠠᠶᠢᠨ ᠰᠠᠶᠢᠬᠠᠨ ᠰᠤᠷᠤᠯᠴᠠᠬᠤ ᠤᠪᠤᠷ ᠪᠠ ᠤᠶᠤᠨ ᠰᠠᠨᠠᠭᠠᠨ ᠤ ᠲᠦᠷᠰᠦ ᠪᠠᠶᠢᠳᠠᠯ ᠢ ᠭᠦᠢᠴᠡᠳ ᠨᠤᠳᠠᠯᠠᠵᠦ᠂ ᠤᠯᠠᠨ ᠢᠶᠠᠷ ᠢᠶᠠᠨ ᠲᠤᠰ ᠤᠳᠠᠭᠠᠨ ᠤ ᠰᠤᠷᠤᠭᠰᠠᠨ ᠵᠦᠢᠯ ᠢᠶᠠᠨ ᠬᠤᠶᠢᠰᠢᠳᠠ ᠶᠢᠨ ᠠᠵᠢᠯ ᠤᠨ ᠦᠵᠡᠯ ᠰᠠᠨᠠᠭᠠᠨ ᠤ ᠬᠦᠴᠦᠨ ᠪᠠ ᠬᠦᠴᠦᠷᠬᠡᠭ ᠶᠡᠭᠡ ᠬᠦᠳᠡᠯᠬᠡᠭᠦ ᠬᠦᠴᠦᠨ ᠪᠤᠯᠭᠠᠨ ᠬᠤᠪᠢᠷᠠᠭᠤᠯᠬᠤ ᠶᠢ ᠬᠦᠰᠡᠵᠦ ᠪᠠᠶᠢᠨ᠎ᠠ ᠭᠡᠵᠡᠢ᠃ ᠲᠠᠷᠠᠭ᠎ᠠ ᠨᠢ᠂ ᠡᠯ᠎ᠡ ᠲᠤᠭᠤᠶᠢᠯᠠᠩ ᠤᠨ ᠬᠢᠨ ᠴᠠᠬᠢᠯᠭᠠᠨ ᠬᠤᠯᠪᠤᠭ᠎ᠠ ᠰᠦᠯᠵᠢᠶᠡᠨ ᠤ ᠰᠢᠨ᠎ᠡ ᠬᠡᠯᠪᠡᠷᠢ ᠶᠢᠨ ᠶᠠᠯᠠᠳᠦ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ᠂ ᠨᠠᠮ ᠤᠨ ᠡᠭᠦᠷ ᠲᠠᠭᠠᠭᠤᠯᠤᠨ ᠬᠤᠷᠰᠢᠶᠠᠵᠢᠯ ᠡᠷᠬᠢᠯᠡᠬᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠳᠦᠭᠡᠭᠳᠡᠭᠦᠨ  ᠤ ᠲᠦᠷᠦᠯ ᠲᠡᠮᠳᠡᠭ ᠤᠨ ᠪᠠᠶᠢᠭᠤᠯᠤᠯᠳᠠ ᠵᠢᠴᠢ ᠪᠤᠭᠤᠮᠳᠠ ᠶᠢ ᠰᠢᠯᠢᠳᠡᠭᠵᠢᠭᠦᠯᠦᠨ ᠲᠡᠰ ᠲᠡᠪᠰᠢᠭᠦᠯᠬᠦ ᠵᠡᠷᠭᠡ ᠠᠯᠢ ᠤᠯᠠᠨ ᠠᠳᠠᠯᠢ ᠪᠤᠰᠤ ᠬᠦᠷᠢᠶ᠎ᠡ ᠳᠤ ᠬᠤᠯᠪᠤᠭᠳᠠᠭᠰᠠᠨ ᠪᠠᠶᠢᠴᠠᠭᠠᠨ ᠰᠤᠳᠤᠯᠤᠯᠳᠠ ᠶᠢᠨ ᠦᠷ᠎ᠡ ᠪᠦᠳᠦᠭᠡᠯ ᠤᠨ ᠬᠠᠷᠢᠭᠤ ᠮᠡᠳᠡᠭᠦᠯᠦᠯᠳᠡ ᠬᠢᠭᠰᠡᠨ ᠮᠦᠷᠳᠡᠭᠡᠨ ᠤᠷᠠᠨ ᠰᠠᠶᠢᠬᠠᠨ ᠤ ᠲᠤᠭᠯᠠᠯᠳᠠ ᠭᠠᠷᠭᠠᠵᠠᠢ᠃ ᠶᠤᠰᠤᠯᠯ᠎ᠠ ᠳᠤ ᠤᠷᠤᠯᠴᠠᠭᠰᠠᠨ ᠤᠳᠤᠷᠢᠳᠤᠯᠭ᠎ᠠ ᠠᠴᠠ ᠢᠯᠡᠷᠡᠯ ᠨᠢ ᠲᠤᠪᠤᠶᠢᠮ᠎ᠠ ᠰᠢᠯᠢᠳᠡᠭ ᠠᠩᠭᠢ ᠶᠢᠨ ᠺᠠᠳ᠋ᠷ ᠪᠤᠯᠤᠨ ᠰᠢᠯᠢᠳᠡᠭ ᠰᠤᠷᠤᠭᠴᠢᠳ ᠲᠤ ᠦᠨᠡᠮᠡᠯ ᠤᠯᠭᠤᠭᠰᠠᠨ ᠪᠠᠶᠢᠨ᠎ᠠ᠃
      ᠲᠤᠰ ᠬᠤᠭᠤᠴᠠᠭᠠᠨ ᠤ ᠵᠠᠯᠠᠭᠤ ᠺᠠᠳ᠋ᠷᠴᠤᠳ ᠤᠨ ᠪᠤᠯᠪᠠᠰᠤᠷᠠᠯ ᠤᠨ ᠠᠩᠭᠢ ᠨᠢ ᠤᠨᠤᠯ ᠤᠨ ᠬᠢᠴᠢᠶᠡᠯ ᠤᠷᠤᠬᠤ᠂ ᠲᠤᠬᠠᠢ ᠶᠢᠨ ᠲᠠᠯᠠᠪᠤᠷ ᠲᠤ ᠵᠢᠭᠠᠨ ᠰᠤᠷᠭᠠᠬᠤ᠂ ᠲᠤᠬᠠᠢ ᠶᠢᠨ ᠭᠠᠵᠠᠷ ᠲᠤᠨᠢ ᠲᠤᠭᠤᠷᠢᠨ ᠦᠵᠡᠬᠦ᠂ ︽ᠭᠤᠷᠪᠠᠨ ᠬᠠᠮᠳᠦ︾ ᠶᠢᠨ ᠬᠦᠮᠦᠵᠢᠯ ᠬᠢᠬᠦ᠂ ᠶᠠᠷᠢᠯᠴᠠᠨ ᠰᠤᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠲᠦᠪᠯᠡᠷᠡᠭᠦᠯᠦᠨ ᠪᠤᠯᠪᠠᠰᠤᠷᠠᠭᠤᠯᠵᠦ ᠰᠤᠷᠤᠯᠴᠠᠭᠤᠯᠬᠤ ᠪᠠᠷ ᠲᠠᠮᠵᠢᠨ᠂ ᠰᠤᠷᠤᠭᠴᠢᠳ ᠬᠢᠴᠢᠶᠡᠯ ᠤᠨ ᠲᠠᠩᠬᠢᠮ ᠠᠴᠠ ᠮᠡᠳᠡᠯᠭᠡ ᠰᠢᠩᠭᠡᠭᠡᠨ ᠠᠪᠴᠦ᠂ ᠦᠢᠯᠡᠳᠦᠯᠬᠡ ᠶᠢᠨ ᠲᠤᠮᠳᠠ ᠮᠡᠳᠡᠯᠭᠡ ᠰᠤᠷᠴᠦ᠂ ᠪᠠᠶᠢᠴᠠᠭᠠᠨ ᠰᠤᠳᠤᠯᠤᠯᠳᠠ ᠬᠢᠬᠦ ᠳᠡᠭᠡᠨ ᠦᠨᠳᠦᠰᠦᠨ ᠱᠠᠳᠤᠨ ᠳᠤ ᠭᠦᠨᠵᠡᠭᠡᠶᠢᠷᠡᠵᠦ᠂ ᠨᠢᠭᠡ ᠤᠳᠠᠭᠠᠨ ᠤ ᠦᠵᠡᠯ ᠰᠠᠨᠠᠭᠠᠨ ᠤ ᠲᠡᠰ ᠲᠠᠪᠰᠢᠯᠳᠠ ᠶᠢ ᠪᠡᠶᠡᠯᠡᠭᠦᠯᠪᠡ᠃      ᠰᠤᠷᠤᠯᠭ᠎ᠠ ᠲᠡᠭᠦᠰᠬᠦ ᠪᠤᠯ ᠪᠤᠯᠪᠠᠰᠤᠷᠠᠯ ᠤᠨ ᠲᠡᠭᠦᠰᠭᠡᠯ ᠤᠨ ᠴᠡᠭ᠂ ᠪᠠᠰᠠ ᠴᠦ ᠰᠢᠨ᠎ᠡ ᠡᠬᠢᠯᠡᠯᠳᠡ ᠮᠦᠨ᠃ ᠰᠢᠨ᠎ᠡ ᠰᠢᠯᠠᠭᠠᠯᠳᠠ ᠳᠤ ᠤᠷᠤᠯᠴᠠᠬᠤ ᠵᠠᠮ ᠲᠡᠭᠡᠷ᠎ᠡ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠵᠠᠯᠠᠭᠤ ᠺᠠᠳ᠋ᠷᠴᠤᠳ ᠤᠨ ᠪᠤᠯᠪᠠᠰᠤᠷᠠᠯ ᠤᠨ ᠠᠩᠭᠢ ᠶᠢᠨ ᠰᠤᠷᠤᠭᠴᠢᠳ ᠦᠪᠡᠷ ᠦᠪᠡᠷ ᠤᠨ ᠠᠵᠢᠯ ᠤᠨ ᠪᠠᠶᠢᠷᠢ ᠳᠠᠭᠠᠨ ᠬᠦᠷᠴᠦ᠂ ᠨᠡᠩ ᠤᠷᠬᠢᠯᠤᠮ᠎ᠠ ᠬᠠᠯᠠᠭᠤᠨ ᠠᠵᠢᠯ ᠤᠨ ᠰᠡᠳᠭᠢᠯᠭᠡ ᠪᠠᠷ ᠬᠦᠴᠢᠷ ᠢ ᠲᠤᠭᠤᠯᠤᠨ ᠪᠡᠷᠬᠡ ᠶᠢ ᠲᠠᠪᠠᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠦ᠂ ᠰᠢᠨ᠎ᠡ ᠴᠠᠭ ᠦᠶ᠎ᠡ ᠶᠢᠨ ᠲᠠᠷᠬᠠᠨ ᠮᠤᠤᠮᠢᠩᠭᠠᠨ ᠤ ᠵᠠᠯᠠᠭᠤᠴᠤᠳ ᠤᠨ ᠰᠢᠯᠭᠠᠯᠳᠠ ᠳᠤ ᠤᠷᠤᠯᠴᠠᠬᠤ ᠵᠠᠮ ᠢᠶᠠᠷ ᠰᠠᠶᠢᠳᠤᠷ ᠵᠠᠮᠨᠠᠵᠦ᠂ ᠲᠠᠷᠬᠠᠨ ᠮᠤᠤᠮᠢᠩᠭᠠᠨ ᠤ ᠴᠢᠨᠠᠷ ᠰᠠᠶᠢᠳᠠᠢ ᠬᠦᠭᠵᠢᠯᠳᠡ  ᠶᠢᠨ ᠰᠢᠨ᠎ᠡ ᠬᠠᠭᠤᠳᠠᠰᠦ ᠶᠢ ᠪᠢᠴᠢᠭᠯᠡᠬᠦ ᠶᠢᠨ ᠲᠦᠯᠦᠭᠡ ᠴᠢᠷᠮᠠᠶᠢᠨ ᠲᠡᠮᠡᠴᠡᠬᠦ ᠪᠤᠯᠤᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号