5 ᠰᠠᠷ᠎ᠠ ᠶᠢᠨ18 ᠤ ᠡᠳᠦᠷ ᠪᠤᠯ ᠲᠡᠯᠡᠬᠡᠢ ᠶᠢᠨ ᠮᠦᠽᠸᠢ ᠶᠢᠨ ᠡᠳᠦᠷ ᠪᠤᠯᠤᠨ᠎ᠠ᠃ ᠲᠠᠷᠬᠠᠨ ᠮᠤᠤᠮᠢᠩᠭᠠᠨ | ᠬᠤᠯᠪᠤᠭᠠᠳᠦ ᠬᠤᠰᠢᠭᠤ ︽5.18 ᠤ ᠲᠡᠯᠡᠬᠡᠢ ᠶᠢᠨ ᠮᠦᠽᠸᠢ ᠤᠨ ᠡᠳᠦᠷ︾ ᠤᠨ ᠣᠬᠠᠭᠤᠯᠭ᠎ᠠ ᠶᠢᠨ ᠬᠦᠳᠡᠯᠬᠡᠬᠡᠨ | ᠦᠷᠨᠢᠭᠦᠯᠵᠦ᠂ ᠬᠤᠰᠢᠭᠤᠨ ᠤ ᠮᠤᠩᠭᠤᠯ ᠦᠨᠳᠦᠰᠦᠳᠡᠨ ᠤ ᠰᠤᠷᠭᠠᠭᠤᠯᠢ ᠶᠢᠨ ᠰᠤᠷᠤᠭᠴᠢᠳ ᠮᠠᠨ ᠤ ᠬᠤᠰᠢᠭᠤᠨ | ᠤ ᠮᠦᠽᠸᠢ ᠳᠤ ᠬᠦᠷᠴᠦ᠂ ᠨᠤᠳᠤᠭ ᠤᠰᠤᠨ ᠤ ᠪᠠᠨ ᠰᠤᠶᠤᠯ ᠤᠨ ᠤᠨᠴᠠᠯᠢᠭ᠂ ᠬᠠᠳᠠᠨ ᠵᠢᠷᠤᠭ ᠤᠨ | ᠦᠵᠡᠭᠦᠯᠦᠯᠭᠡ ᠶᠢ ᠰᠤᠨᠢᠷᠬᠠᠵᠦ᠂ ᠰᠤᠷᠤᠭᠴᠢᠳ ᠤᠨ ᠰᠤᠶᠣᠯ ᠤᠨ ᠢᠳᠡᠭᠡᠯ ᠪᠠ ᠲᠠᠷᠬᠠᠨ ᠨᠤᠳᠤᠭ ᠤᠨ ᠲᠤᠬᠠᠢ | ᠲᠤᠷ᠎ᠠ ᠰᠤᠨᠢᠷᠬᠠᠯ ᠢ ᠨᠢ ᠨᠡᠮᠡᠭᠳᠡᠭᠦᠯᠪᠡ᠃ | ᠮᠦᠽᠸᠢ ᠶᠢᠨ ︽ᠡᠷᠳᠡ ᠲᠡᠭᠡᠳᠦ ᠶᠢᠨ ᠨᠢᠭᠤᠴᠠ ᠲᠡᠮᠳᠡᠭ — ᠦᠪᠦᠷ ᠮᠤᠩᠭᠤᠯ ᠤᠨ ᠬᠠᠳᠠᠨ ᠵᠢᠷᠤᠭ︾ | ᠤᠨ ᠦᠵᠡᠭᠦᠯᠦᠯᠭᠡ ᠶᠢᠨ ᠲᠢᠩᠬᠢᠮ ᠳᠤ᠂ ᠰᠤᠷᠤᠭᠴᠢᠳ ᠲᠠᠶᠢᠯᠪᠤᠷᠢᠯᠠᠭᠴᠢ ᠶᠢᠨ ᠲᠠᠭᠠᠭᠤᠯᠭ᠎ᠠ ᠪᠠᠷ ᠠᠮᠢᠳᠤᠯᠢᠭ | ᠰᠤᠨᠢᠷᠬᠠᠯᠳᠠᠢ ᠰᠤᠳᠤᠯᠤᠨ ᠰᠤᠷᠤᠯᠴᠠᠬᠤ ᠬᠢᠴᠢᠶᠡᠯ ᠢᠶᠠᠨ ᠡᠬᠢᠯᠡᠭᠦᠯᠵᠡᠢ᠃ ᠬᠢᠴᠢᠶᠡᠯ ᠨᠢ ᠰᠤᠷᠤᠭᠴᠢᠳ ᠲᠤ ᠬᠠᠳᠠᠨ | ᠵᠢᠷᠤᠭ ᠢ ᠲᠠᠨᠢᠭᠤᠯᠵᠦ᠂ ᠬᠠᠳᠠᠨ ᠵᠢᠷᠤᠭ ᠤᠨ ᠠᠷᠭ᠎ᠠ ᠬᠡᠯᠪᠡᠷᠢ ᠲᠠᠢ ᠤᠶᠠᠯᠳᠤᠭᠤᠯᠵᠦ ᠡᠭᠦᠳᠦᠨ ᠪᠦᠳᠦᠭᠡᠯᠳᠡ | ᠬᠢᠯᠭᠡᠵᠦ᠂ ᠰᠤᠷᠤᠭᠴᠢᠳ ᠲᠤ ᠬᠠᠳᠠᠨ ᠵᠢᠷᠤᠭ ᠢ ᠵᠢᠷᠤᠬᠤ ᠬᠠᠪᠤ ᠴᠡᠩᠭᠡᠯ ᠢ ᠡᠳ᠋ᠯᠡᠭᠦᠯᠦᠭᠰᠡᠨ ᠪᠠᠶᠢᠨ᠎ᠠ᠃ | ᠲᠤᠰ ᠣᠳᠠᠭᠠᠨ ᠤ ᠲᠡᠯᠡᠬᠡᠢ ᠶᠢᠨ ᠮᠦᠽᠸᠢ ᠶᠢᠨ ᠡᠳᠦᠷ ᠤᠨ ᠬᠦᠳᠡᠯᠭᠡᠭᠡᠨ ᠢᠶᠠᠷ ᠲᠠᠮᠵᠢᠭᠤᠯᠤᠨ᠂ | ᠰᠤᠷᠤᠭᠴᠢᠳ ᠲᠤ ᠲᠡᠥᠬᠡ ᠰᠤᠶᠤᠯ ᠢ ᠤᠶᠢᠯᠠᠭᠠᠬᠤ ᠪᠠ ᠮᠡᠳᠡᠭᠦᠯᠵᠦ᠂ ᠲᠡᠥᠬᠡ ᠶᠢᠨ ᠲᠤᠷᠠᠰᠬᠠᠯᠳᠦ ᠵᠦᠢᠯᠡᠰ ᠤᠨ | ᠲᠤᠬᠠᠢ ᠤᠶᠢᠯᠠᠭᠠᠯᠳᠠ ᠨᠠ ᠬᠠᠶᠢᠷ᠎ᠠ ᠶᠢ ᠬᠦᠨᠵᠡᠭᠡᠶᠢᠷᠡᠭᠦᠯᠦᠨ᠂ ᠨᠡᠶᠢᠭᠡᠮ ᠲᠠᠶᠠᠭᠠᠷ ᠢᠶᠠᠨ ᠬᠠᠮᠳᠦ ᠪᠠᠷ ᠬᠠᠯᠠᠮᠵᠢᠯᠠᠵᠦ᠂ | ᠲᠠᠮᠵᠢᠵᠦ᠂ ᠲᠡᠥᠬᠡ ᠶᠢᠨ ᠲᠤᠷᠠᠰᠬᠠᠯᠳᠦ ᠵᠦᠢᠯᠡᠰ ᠤᠨ ᠬᠠᠮᠠᠭᠠᠯᠠᠯᠳᠠ ᠳᠤ ᠤᠷᠤᠯᠴᠠᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠤᠢ ᠪᠤᠯᠭᠠᠭᠰᠠᠨ ᠪᠠᠶᠢᠨ᠎ᠠ᠃ | | | | | | | | |