ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠳᠤᠭᠤᠨ ᠤ ᠭᠤᠤᠯ ᠰᠡᠳᠦᠪᠳᠦ ᠭᠡᠷᠡᠯ ᠵᠢᠷᠤᠭ ᠤᠨ ᠦᠵᠡᠭᠦᠯᠦᠯᠭᠡ ᠡᠬᠢᠯᠡᠪᠡ
ᠨᠡᠶᠢᠲᠡᠯᠡᠭᠰᠡᠨ ᠴᠠᠭ᠄
2023/5/21
      5 ᠰᠠᠷ᠎ᠠ ᠶᠢᠨ21 ᠤ ᠡᠳᠦᠷ᠂ ᠲᠠᠷᠠᠬᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠳᠤᠭᠤᠨ ᠤ ᠭᠤᠤᠯ ᠰᠡᠳᠦᠪᠳᠦ ᠭᠡᠷᠡᠯ ᠵᠢᠷᠤᠭ ᠤᠨ ᠦᠵᠡᠰᠭᠦᠯᠡᠩ ᠮᠠᠨ ᠤ ᠬᠤᠰᠢᠭᠤᠨ ᠤ ᠲᠤᠷᠠᠰᠬᠠᠯ ᠤᠨ ᠤᠷᠳᠤᠨ ᠤ ᠲᠠᠪᠤᠳᠤᠭᠠᠷ ᠲᠠᠪᠬᠤᠷᠭ᠎ᠠ ᠳᠤ ᠶᠠᠪᠤᠭᠳᠠᠭᠰᠠᠨ ᠪᠠᠶᠢᠨ᠎ᠠ᠃ ᠭᠡᠷᠡᠯ ᠵᠢᠷᠤᠭ ᠤᠨ ᠦᠵᠡᠭᠦᠯᠦᠯᠭᠡ ᠶᠢ ᠪᠤᠭᠤᠳᠤ ᠬᠤᠳ ᠶᠢᠨ ᠤᠳᠬ᠎ᠠ ᠤᠷᠠᠯᠢᠭ ᠤᠨ ᠬᠤᠯᠪᠤᠭ᠎ᠠ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠠᠴᠠ ᠲᠠᠭᠠᠭᠠᠴᠢᠯᠠᠨ ᠡᠷᠬᠢᠯᠡᠵᠦ᠂ ᠪᠤᠭᠤᠳᠦ ᠬᠤᠳᠠ ᠶᠢᠨ ᠭᠡᠷᠡᠯ ᠵᠢᠷᠤᠭᠴᠢᠳ ᠤᠨ ᠨᠡᠶᠢᠭᠡᠮᠯᠢᠭ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠳᠬ᠎ᠠ ᠤᠷᠠᠯᠢᠭ ᠤᠨ ᠬᠤᠯᠪᠤᠭ᠎ᠠ ᠬᠠᠮᠵᠢᠯᠴᠠᠨ ᠡᠷᠬᠢᠯᠡᠵᠦ᠂ ᠪᠤᠭᠤᠳᠦ ᠬᠤᠳᠠ ᠶᠢᠨ ᠬᠤᠳᠠ ᠶᠢᠨ ᠪᠠᠶᠢᠭᠤᠯᠤᠯᠳᠠ ᠶᠢᠨ ᠪᠡᠯᠡ ᠤᠷᠤᠭᠤᠯᠤᠯᠳᠠ ᠶᠢᠨ ᠺᠤᠮᠫᠠᠨᠢ ᠠᠴᠠ ᠲᠠᠮᠵᠢᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠪᠠᠶᠢᠩᠭᠤ ᠶᠢᠨ ᠶᠠᠪᠤᠳᠠᠯ ᠤᠨ ᠬᠤᠰᠢᠭᠤ ᠲᠡᠳ᠋ ᠲᠠᠷᠤᠭ᠎ᠠ ᠵᠠᠩ ᠪᠠᠭᠠᠨ᠎ᠠ ᠡᠬᠢᠯᠡᠯᠳᠡ ᠶᠢᠨ ᠶᠤᠰᠤᠯᠠᠯ ᠳᠤ ᠤᠷᠤᠯᠴᠠᠪᠠ᠃
微信图片_20230523095258.jpg
      ᠭᠡᠷᠡᠯ ᠵᠢᠷᠤᠭ ᠤᠨ ᠦᠵᠡᠭᠦᠯᠦᠯᠭᠡ ᠨᠢ ᠮᠤᠩᠭᠤᠯ ᠮᠤᠷᠢ ᠶᠢ ᠪᠦᠬᠦ ᠲᠠᠯ᠎ᠠ᠂ ᠤᠯᠠᠨ ᠬᠠᠷᠠᠭᠠᠰᠦ᠂ ᠬᠦᠨ ᠲᠠᠪᠬᠤᠷᠭ᠎ᠠ ᠶᠢᠨ ᠬᠡᠯᠪᠡᠷᠢ ᠪᠠᠷ ᠲᠡᠯᠭᠡᠨ ᠦᠵᠡᠭᠦᠯᠵᠦ᠂ ᠭᠡᠷᠡᠯ ᠵᠢᠷᠤᠭ ᠤᠨ ᠤᠷᠠᠯᠢᠭ ᠤᠨ ᠪᠦᠳᠦᠭᠡᠯ ᠤᠨ ᠭᠦᠨ ᠠᠭᠤᠯᠬᠤᠨ ᠢ ᠬᠠᠷᠠᠭᠤᠯᠤᠭᠰᠠᠨ ᠪᠠᠶᠢᠨ᠎ᠠ᠃ ᠭᠡᠷᠡᠯ ᠵᠢᠷᠤᠭᠴᠢᠳ ᠰᠡᠭᠦᠳᠡᠷᠯᠡᠬᠦ ᠮᠠᠰᠢᠨ ᠢᠶᠠᠷ ᠲᠠᠯ᠎ᠠ ᠨᠤᠳᠤᠭ ᠢ ᠲᠡᠮᠳᠡᠭᠯᠡᠵᠦ᠂ ᠮᠤᠩᠭᠤᠯ ᠮᠤᠷᠢ ᠶᠢᠨ ︽ᠵᠤᠪᠠᠭᠤᠷᠢ ᠵᠦᠳᠡᠭᠦᠷᠢ ᠶᠢ ᠲᠡᠰᠪᠦᠷᠢᠯᠡᠬᠦ ᠬᠠᠷᠠᠮ ᠦᠭᠡᠢ ᠵᠤᠷᠢᠭᠤᠯᠬᠤ ᠰᠠᠨᠠᠭ᠎ᠠ᠂ ᠤᠷᠤᠭᠰᠢᠯᠠᠨ ᠲᠠᠪᠰᠢᠬᠤ ᠵᠤᠷᠢᠭ ᠰᠠᠨᠠᠭ᠎ᠠ᠂ ᠵᠤᠷᠢᠯᠭ᠎ᠠ ᠳᠠᠭᠠᠨ ᠬᠦᠷᠬᠦ ᠦᠭᠡᠢ ᠪᠤᠯ ᠶᠠᠭᠠᠬᠢᠭᠰᠠᠨ ᠴᠦ ᠵᠤᠭᠰᠤᠬᠤ ᠦᠭᠡᠢ ᠲᠡᠮᠡᠴᠡᠬᠦ ᠵᠤᠷᠢᠭ ᠰᠠᠨᠠᠭ᠎ᠠ︾ ᠪᠠᠷ ᠴᠤᠴᠠᠯᠳᠠ ᠦᠭᠡᠢ ᠤᠷᠤᠭᠰᠢᠯᠠᠬᠤ ᠴᠤᠭ ᠪᠠᠳᠠᠷᠠᠩᠭᠤᠢ ᠬᠦᠳᠡᠯᠭᠡᠬᠦ ᠬᠦᠴᠦᠨ ᠢ ᠲᠡᠯᠭᠡᠨ ᠦᠵᠡᠭᠦᠯᠵᠦ᠂ ᠠᠬᠤᠢ ᠶᠢᠨ ᠲᠠᠯᠠᠪᠠᠢ ᠶᠢᠨ ᠦᠵᠡᠭᠴᠢᠳ ᠲᠤ ᠭᠡᠷᠡᠯ ᠵᠢᠷᠤᠭ ᠤᠨ ᠤᠷᠠᠯᠢᠭ ᠤᠨ ᠬᠢᠵᠠᠭᠠᠯᠠᠰᠢ ᠦᠭᠡᠢ ᠷᠢᠳᠢ ᠰᠢᠳᠢ ᠶᠢ ᠭᠦᠨᠵᠡᠭᠡᠢ ᠮᠡᠳᠡᠷᠡᠭᠦᠯᠦᠭᠰᠡᠨ ᠪᠠᠶᠢᠨ᠎ᠠ᠃      ᠤᠶᠢᠯᠠᠭᠠᠭᠰᠠᠨ ᠢᠶᠠᠷ᠂ ᠠᠳᠣᠭᠤᠨ ᠤ ᠭᠤᠤᠯ ᠰᠡᠳᠦᠪᠳᠦ ᠭᠡᠷᠡᠯ ᠵᠢᠷᠤᠭ ᠤᠨ ᠦᠵᠡᠭᠦᠯᠦᠯᠭᠡ8 ᠰᠠᠷ᠎ᠠ ᠶᠢᠨ ᠡᠴᠦᠰ ᠪᠤᠯᠳᠠᠯ᠎ᠠ ᠦᠷᠭᠦᠯᠵᠢᠯᠡᠵᠦ᠂ ᠲᠤᠰ ᠣᠳᠠᠭᠠᠨ ᠤ ᠦᠵᠡᠭᠦᠯᠦᠯᠭᠡ ᠳᠤ ᠬᠤᠰᠢᠭᠤᠨ ᠤ ᠲᠤᠳᠤᠨ᠎ᠠ ᠭᠠᠳᠠᠨ᠎ᠠ  ᠶᠢᠨ20 ᠭᠠᠷᠤᠢ ᠨᠡᠷᠡᠳᠦ ᠭᠡᠷᠡᠯ ᠵᠢᠷᠤᠭᠴᠢᠳ ᠤᠨ ᠰᠡᠭᠦᠳᠡᠷᠯᠡᠭᠰᠡᠨ ᠠᠳᠤᠭᠤᠨ ᠤ ᠭᠤᠤᠯ ᠰᠡᠳᠦᠪ ᠪᠠ ᠲᠠᠯ᠎ᠠ ᠨᠤᠳᠤᠭ ᠤᠨ ᠦᠩᠭᠡ ᠦᠵᠡᠮᠵᠢ ᠶᠢ ᠬᠠᠷᠠᠭᠤᠯᠤᠭᠰᠠᠨ ᠲᠠᠯᠠᠭᠠᠳ ᠪᠦᠳᠦᠭᠡᠯ ᠢ ᠦᠵᠡᠭᠦᠯᠦᠭᠰᠡᠨ ᠪᠠᠶᠢᠨ᠎ᠠ᠃
 
微信图片_20230523095330.jpg
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号