ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ︽ᠬᠠᠶᠢᠷᠠᠭᠤᠴᠠᠢ ᠬᠤᠨᠳᠠᠭᠠᠳᠦ︾ ᠠᠵᠢᠯ ᠤᠨ ᠴᠢᠯᠦᠭᠡᠨ ᠤ ᠲᠠᠭᠤᠴᠢᠳ ᠤᠨ ᠤᠷᠤᠯᠳᠤᠭᠠᠨ ᠬᠦᠭᠵᠢᠶᠡᠨᠳᠡᠢ ᠶᠠᠪᠤᠭᠳᠠᠪᠠ
ᠨᠡᠶᠢᠲᠡᠯᠡᠭᠰᠡᠨ ᠴᠠᠭ᠄
2023/5/22
      ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ ᠶᠢ ᠬᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠦᠷᠭᠡᠨ ᠤᠯᠠᠨ ᠲᠦᠮᠡᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠨ᠂ ᠪᠦᠬᠦ ᠬᠤᠰᠢᠭᠤᠨ ᠤ ᠠᠷᠠᠳ ᠲᠦᠮᠡᠨ ᠤ ᠦᠭᠡᠳᠡᠯᠡᠨ ᠲᠠᠪᠰᠢᠬᠤ ᠤᠶᠤᠨ ᠰᠠᠨᠠᠭᠠᠨ ᠤ ᠲᠦᠷᠰᠦ ᠪᠠᠶᠢᠳᠠᠯ ᠢ ᠢᠯᠡᠷᠡᠭᠦᠯᠵᠦ᠂ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ  ᠶᠢᠨ ᠲᠦᠯᠦᠭᠡ5 ᠰᠠᠷ᠎ᠠ ᠶᠢᠨ20 ᠤ ᠡᠳᠦᠷ ᠠᠴᠠ21 ᠤ ᠡᠳᠦᠷ ᠪᠤᠯᠳᠠᠯ᠎ᠠ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ︽ᠬᠠᠶᠢᠷᠠᠭᠤᠴᠠᠢ ᠬᠤᠨᠳᠠᠭᠠᠳᠦ︾ ᠠᠵᠢᠯ ᠤᠨ ᠴᠢᠯᠦᠭᠡᠨ ᠤ ᠲᠠᠭᠤᠴᠢᠳ ᠤᠨ ᠤᠷᠤᠯᠳᠤᠭᠠᠨ ᠮᠠᠨ ᠤ ᠬᠤᠰᠢᠭᠤᠨ ᠤ ᠤᠷᠠᠨ ᠰᠠᠶᠢᠬᠠᠨ ᠤ ᠲᠤᠭᠯᠯᠠᠳᠠ ᠶᠢᠨ ᠲᠦᠪ ᠲᠤ ᠬᠦᠭᠵᠢᠶᠡᠨ ᠲᠠᠢ ᠶᠠᠪᠤᠭᠳᠠᠭᠰᠠᠨ ᠪᠠᠶᠢᠨ᠎ᠠ᠃
微信图片_20230523095452.jpg
      ᠲᠤᠰ ᠣᠳᠠᠭᠠᠨ ᠤ ᠠᠵᠢᠯ ᠤᠨ ᠴᠢᠯᠦᠭᠡᠨ ᠤ ᠲᠠᠭᠤᠴᠢᠳ ᠤᠨ ᠤᠷᠤᠯᠳᠤᠭᠠᠨ ᠢ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠤᠪᠴᠢᠶ᠎ᠠ ᠠᠴᠠ ᠭᠤᠤᠯᠯᠠᠨ ᠡᠷᠬᠢᠯᠡᠵᠦ᠂ ᠲᠡᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠯᠠᠨ ᠲᠦᠮᠡᠨ ᠤ ᠰᠤᠶᠤᠯ ᠤᠨ ᠦᠢᠯᠡᠴᠢᠯᠡᠭᠡᠨ ᠤ ᠲᠦᠪ ᠠᠴᠠ ᠲᠠᠭᠠᠭᠠᠴᠢᠯᠠᠨ ᠤᠷᠤᠯᠳᠤᠭᠠᠨ ᠳᠤ ᠣᠷᠤᠯᠴᠠᠵᠦ᠂ ᠰᠢᠭᠰᠢᠭᠡ ᠤᠷᠤᠯᠳᠤᠭᠠᠨ ᠢᠶᠠᠷ ᠲᠠᠮᠵᠢᠨ20 ᠨᠡᠷᠡᠰ ᠤᠷᠤᠯᠴᠠᠭᠴᠢ ᠰᠢᠢᠳᠪᠦᠷᠢᠳᠦ ᠤᠷᠤᠯᠳᠤᠭᠠᠨ ᠳᠤ ᠲᠤᠳᠤᠷᠠᠭᠰᠠᠨ ᠪᠠᠶᠢᠨ᠎ᠠ᠃      ᠤᠷᠤᠯᠳᠤᠭᠠᠨ ᠤ ᠠᠬᠤᠢ ᠲᠠᠯᠠᠪᠠᠢ ᠶᠢᠨ ᠠᠭᠤᠷ ᠠᠮᠢᠰᠬᠤᠯ ᠬᠦᠷ ᠬᠦᠭᠵᠢᠶᠡᠨ ᠲᠠᠢ ᠪᠠᠶᠢᠵᠦ᠂ ︽ᠮᠤᠩᠭᠤᠯ ᠮᠤᠷᠢ︾ ︽ᠬᠤᠨ ᠭᠠᠯᠠᠭᠤ︾ ︽ᠨᠤᠳᠤᠭ ᠤᠨ ᠲᠠᠭᠤᠤ ᠪᠠᠨ ᠨᠠᠮ ᠳᠠᠭᠠᠨ ᠡᠷᠭᠦᠶ᠎ᠡ︾ ᠵᠡᠷᠭᠡ ᠲᠠᠭᠤᠤ ᠨᠤᠭᠤᠳ  ᠨᠢ ᠤᠷᠤᠯᠳᠤᠭᠠᠨ ᠢ ᠬᠦᠭᠵᠢᠶᠡᠨ᠂ ᠤᠯᠠᠨ ᠤ ᠲᠠᠰᠢᠯᠳᠠ ᠶᠢ ᠬᠦᠷᠳᠡᠭᠰᠡᠨ ᠪᠠᠶᠢᠨ᠎ᠠ᠃      ᠬᠤᠷᠴᠠ ᠰᠢᠷᠦᠭᠦᠨ ᠦᠷᠢᠰᠦᠯᠳᠡᠭᠡᠨ ᠢᠶᠠᠷ ᠲᠠᠮᠵᠢᠨ᠂ ᠤᠷᠤᠯᠳᠤᠭᠠᠨ ᠨᠢ ᠨᠢᠭᠡᠳᠦᠭᠡᠷ ᠲᠡᠰ ᠤᠨ ᠱᠠᠩᠨᠠᠯ ᠨᠢᠭᠡ ᠨᠡᠷᠡᠰ᠂ ᠬᠤᠶᠠᠳᠤᠭᠠᠷ ᠲᠡᠰ ᠤᠨ ᠱᠠᠩᠨᠠᠯ ᠬᠤᠶᠠᠷ ᠨᠡᠷᠡᠰ᠂ ᠭᠤᠷᠪᠠᠳᠤᠭᠠᠷ ᠲᠡᠰ ᠤᠨ ᠱᠠᠩᠨᠠᠯ ᠭᠤᠷᠪᠠᠨ ᠨᠡᠷᠡᠰ ᠂ ᠰᠢᠯᠢᠳᠡᠭ ᠱᠠᠩᠨᠠᠯ ᠵᠢᠷᠭᠤᠭᠠᠨ ᠨᠡᠷᠡᠰ ᠢ ᠰᠢᠯᠭᠠᠷᠠᠭᠤᠯᠤᠭᠰᠠᠨ ᠪᠠᠶᠢᠨ᠎ᠠ᠃
微信图片_20230523095502.jpg
微信图片_20230523095512.jpg
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号