5 ᠰᠠᠷ᠎ᠠ ᠶᠢᠨ23 ᠤ ᠦᠳᠡ ᠶᠢᠨ ᠬᠤᠶᠢᠨ᠎ᠠ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ | ᠲᠤᠮᠳᠠᠳᠦ ᠪᠠᠭ᠎ᠠ ᠰᠤᠷᠭᠠᠭᠤᠯᠢ ᠶᠢᠨ ᠬᠦᠷᠢᠶᠡᠨ ᠤ ᠰᠡᠳᠬᠢᠴᠡ ᠶᠢᠨ ᠦᠵᠡᠭᠳᠡᠯᠳᠦ ᠵᠦᠴᠦᠭᠡ ᠶᠢᠨ ᠤᠷᠤᠯᠳᠤᠭᠠᠨ | ᠬᠠᠮ ᠵᠠᠭᠤᠴᠢᠯᠠᠭᠤᠷ ᠤᠨ ᠲᠦᠪ ᠤᠨ ᠲᠤᠭᠯᠠᠯᠳᠠ ᠶᠢᠨ ᠲᠢᠩᠬᠢᠮ ᠳᠤ ᠶᠠᠪᠤᠭᠳᠠᠪᠠ᠃ | ᠤᠷᠤᠯᠳᠤᠭᠠᠨ ᠳᠤ ᠤᠷᠤᠯᠴᠠᠭᠰᠨ7 ᠲᠤᠭᠤᠶᠢᠯᠠᠩ ᠨᠢ ᠰᠤᠷᠤᠯᠴᠠᠯᠭ᠎ᠠ᠂ ᠬᠦᠮᠦᠰ ᠤᠨ ᠬᠤᠭᠤᠷᠤᠨᠳᠤᠬᠢ | ᠬᠠᠷᠢᠴᠠᠭ᠎ᠠ᠂ ᠰᠦᠯᠵᠢᠶ᠎ᠡ᠂ ᠭᠡᠷ ᠪᠦᠯᠢ ᠵᠡᠷᠭᠡ ᠪᠠᠷ ᠰᠡᠳᠦᠪᠯᠡᠵᠦ᠂ ᠠᠮᠢᠳᠣᠷᠠᠯ᠂ ᠰᠤᠷᠤᠯᠴᠠᠯᠭ᠎ᠠ ᠶᠢᠨ ᠲᠤᠮᠳᠠ | ᠲᠤᠬᠢᠶᠠᠯᠳᠤᠭᠰᠠᠨ ᠡᠯ᠎ᠡ ᠵᠦᠢᠯ ᠤᠨ ᠠᠰᠠᠭᠤᠳᠠᠯ ᠢ ᠦᠵᠡᠭᠳᠡᠯᠳᠦ ᠵᠦᠴᠦᠭᠡ ᠶᠢᠨ ᠬᠡᠯᠪᠡᠷᠢ ᠪᠠᠷ ᠲᠤᠭᠯᠠᠵᠦ᠂ | ᠲᠤᠮᠳᠠᠳᠦ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠠᠶᠢᠩᠭᠤ ᠲᠤᠬᠢᠶᠠᠯᠳᠤᠳᠠᠭ ᠰᠡᠳᠭᠢᠴᠡ ᠠᠰᠠᠭᠤᠳᠠᠯ ᠪᠠ | ᠬᠠᠯᠠᠮᠰᠢᠯ ᠠᠰᠠᠭᠤᠳᠠᠯ ᠢ ᠲᠤᠰᠬᠠᠵᠦ᠂ ᠰᠤᠷᠤᠭᠴᠢᠳ ᠦᠪᠡᠷ ᠢᠶᠠᠨ ᠤᠳᠤᠷᠢᠳᠤᠨ ᠦᠪᠡᠷ ᠢᠶᠠᠨ ᠲᠤᠭᠯᠠᠭᠰᠠᠨ | ᠪᠠᠶᠢᠨ᠎ᠠ᠃ | | | | | ᠤᠷᠤᠯᠳᠤᠭᠠᠨ ᠤ ᠠᠬᠤᠢ ᠲᠠᠯᠠᠪᠠᠢ ᠶᠢᠨ ᠲᠤᠭᠯᠠᠯᠳᠠ ᠭᠤᠶᠢᠳᠠ ᠰᠠᠶᠢᠬᠠᠨ ᠪᠠᠶᠢᠵᠦ᠂ ᠡᠯ᠎ᠡ ᠡᠩᠨᠡᠬᠡᠨ ᠤ | ᠲᠤᠭᠯᠠᠭᠴᠢᠳ ᠤᠨ ᠲᠦᠷᠰᠦ ᠪᠦᠳᠦᠭᠡᠯᠳᠡ᠂ ᠵᠦᠴᠦᠭᠡ ᠶᠢᠨ ᠦᠬᠡ᠂ ᠭᠤᠴᠤᠯᠠᠯ ᠶᠠᠷᠢᠶ᠎ᠠ ᠵᠡᠷᠭᠡ ᠨᠢ ᠰᠤᠷᠤᠭᠴᠢᠳ | ᠤᠨ ᠠᠮᠢᠳᠤᠷᠠᠯ ᠳᠤ ᠤᠶᠢᠷᠠᠳᠦᠵᠦ᠂ ᠦᠵᠡᠭᠴᠢᠳ ᠤᠨ ᠰᠤᠨᠢᠷᠬᠠᠯ ᠢ ᠲᠠᠳᠠᠭᠰᠠᠨ ᠪᠦᠭᠡᠳ ᠰᠤᠷᠭᠠᠨ ᠬᠦᠮᠦᠵᠢᠯ ᠤᠨ | ᠦᠢᠯᠡᠳᠦᠯ ᠢᠵᠡᠭᠦᠯᠵᠡᠢ᠃ | ᠬᠤᠷᠴᠠ ᠰᠢᠷᠢᠬᠦᠨ ᠤᠷᠤᠯᠳᠤᠭᠠᠨ ᠢᠶᠠᠷ ᠲᠠᠮᠵᠢᠨ ᠪᠠᠳᠤᠬᠠᠭᠠᠯᠭ᠎ᠠ ᠶᠢᠨ ᠲᠤᠮᠳᠠᠳᠦ ᠰᠤᠷᠭᠠᠭᠤᠯᠢ᠂ | ᠪᠠᠳᠤᠬᠠᠭᠠᠯᠭ᠎ᠠ ᠶᠢᠨ ᠨᠢᠭᠡᠳᠦᠭᠡᠷ ᠪᠠᠭ᠎ᠠ ᠰᠤᠷᠭᠠᠭᠤᠯᠢ᠂ ᠪᠠᠳᠤᠬᠠᠭᠠᠯᠭ᠎ᠠ ᠶᠢᠨ ᠬᠤᠶᠠᠳᠤᠭᠠᠷ ᠲᠤᠮᠳᠠᠳᠦ ᠰᠤᠷᠭᠠᠭᠤᠯᠢ᠂ | ᠰᠢᠪᠡᠷᠬᠦ᠋ᠷᠢᠶ᠎ᠡ ᠪᠠᠯᠭᠠᠰᠤᠨ ᠤ ᠪᠠᠭ᠎ᠠ ᠰᠤᠷᠭᠠᠭᠤᠯᠢ ᠬᠤᠷᠪᠠᠳᠤᠭᠠᠷ ᠨᠡᠷᠡᠰ ᠲᠤ ᠤᠷᠤᠭᠰᠠᠨ ᠪᠠᠶᠢᠨ᠎ᠠ᠃ | ᠤᠶᠢᠯᠠᠭᠠᠭᠰᠠᠨ ᠢᠶᠠᠷ᠂ ᠪᠠᠭ᠎ᠠ ᠰᠤᠷᠭᠠᠭᠤᠯᠢ᠂ ᠲᠤᠮᠳᠠᠳ ᠰᠤᠷᠭᠠᠭᠤᠯᠢ ᠶᠢᠨ ᠲᠤᠭᠤᠶᠢᠯᠠᠩ ᠤᠨ ᠨᠢᠭᠡᠳᠦᠭᠡᠷ ᠨᠡᠷᠡᠰ | ᠪᠠᠰᠠ ᠬᠤᠳᠠ ᠶᠢᠨ ᠲᠤᠮᠳᠠᠳᠦ ᠪᠠᠭ᠎ᠠ ᠰᠤᠷᠭᠠᠭᠤᠯᠢ ᠶᠢᠨ ᠬᠦᠷᠢᠶᠡᠨ ᠤ ᠰᠡᠳᠭᠢᠴᠡ ᠶᠢᠨ ᠦᠵᠡᠭᠳᠡᠯᠳᠦ ᠵᠦᠴᠦᠭᠡ | ᠶᠢᠨ ᠤᠷᠤᠯᠳᠤᠭᠠᠨ ᠳᠤ ᠤᠷᠤᠯᠴᠠᠬᠤ ᠪᠤᠯᠤᠨ᠎ᠠ᠃ | | | | | | | | | | | | | | | | | |