ᠮᠤᠩᠭᠤᠯ ᠦᠨᠳᠦᠰᠦᠳᠡᠨ ᠤ ᠬᠡᠥᠬᠡᠳ ᠤᠨ ᠴᠡᠴᠡᠷᠯᠢᠭ ᠤᠨ ︽ᠰᠡᠳᠬᠢᠯ ᠵᠢᠷᠦᠬᠡ ᠪᠠᠨ ᠨᠢᠭᠡᠳᠭᠡᠵᠦ᠂ ᠠᠨᠠᠷ ᠤᠨ ᠦᠷ᠎ᠡ ᠰᠢᠭ ᠨᠢᠠᠠᠳᠠᠷᠠᠨ ᠪᠦᠯᠬᠦᠮᠳᠡᠬᠦ︾ ᠭᠤᠤᠯ ᠰᠡᠳᠦᠪᠳᠦ ᠰᠢᠷᠢᠰ ᠠᠵᠢᠯᠯᠠᠭ᠎ᠠ — ᠤᠷᠠᠨ ᠵᠢᠷᠤᠭ ᠤᠨ ᠦᠵᠡᠰᠭᠦᠯᠡᠩ
ᠨᠡᠶᠢᠲᠡᠯᠡᠭᠰᠡᠨ ᠴᠠᠭ᠄
2023/5/26
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠦ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠭ  ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠨᠠᠮ ᠤᠨ ᠰᠤᠷᠭᠠᠨ ᠬᠦᠮᠦᠵᠢᠯ ᠤᠨ ᠴᠢᠭᠯᠡᠯᠳᠡ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠶᠤᠰᠤ ᠮᠤᠷᠠᠯ ᠢᠶᠠᠷ ᠬᠦᠮᠦᠨ ᠢ ᠬᠦᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠦ᠂ ᠲᠤᠮᠳᠠᠳᠦ ᠶᠢᠨ ᠰᠢᠯᠢᠳᠡᠭ ᠤᠯᠠᠮᠵᠢᠯᠯᠠᠳᠦ ᠰᠤᠶᠤᠯ ᠢ ᠭᠦᠨ ᠵᠤᠵᠠᠭᠠᠨ ᠦᠨᠳᠦᠰᠦᠯᠡᠭᠦᠯᠬᠦ ᠶᠢ ᠪᠠᠷᠢᠮᠳᠠᠯᠠᠨ᠂ ᠭᠤᠸ᠎ᠠ ᠰᠠᠶᠢᠬᠠᠨ ᠢᠶᠠᠷ ᠬᠦᠮᠦᠨ ᠢ ᠬᠦᠮᠦᠵᠢᠭᠦᠯᠵᠦ᠂ ᠰᠤᠷᠤᠭᠴᠢᠳ ᠢ ᠵᠢᠯᠤᠭᠤᠳᠴᠦ ᠵᠦᠪ ᠤᠨᠤᠪᠴᠢᠳᠠᠢ ᠭᠤᠸ᠎ᠠ ᠲᠠᠭᠠᠰᠢᠶᠠᠯ ᠤᠨ ᠦᠵᠡᠯᠳᠡ ᠲᠠᠢ ᠪᠤᠯᠭᠠᠬᠤ ᠪᠠᠷ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠤᠷᠭᠠᠨ ᠬᠦᠮᠦᠵᠢᠯ ᠤᠨ ᠰᠢᠰᠲ᠋ᠧᠮ ᠨᠢ22 ᠳ᠋ᠤᠭᠠᠷ ᠬᠤᠤᠭᠴᠠᠭᠠᠨ ᠤ ᠪᠠᠭᠠᠴᠤᠳ ᠬᠡᠥᠬᠡᠳ ᠤᠷᠠᠯᠢᠭ ᠤᠨ ᠨᠠᠶᠢᠷ ᠢᠶᠠᠨ ᠵᠤᠬᠢᠶᠠᠨ ᠪᠠᠶᠢᠭᠤᠯᠤᠨ ᠶᠠᠪᠤᠭᠳᠠᠭᠤᠯᠵᠦ ᠪᠠᠶᠢᠨ᠎ᠠ᠃      ᠡᠭᠦᠨ ᠳᠤ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠤᠩᠭᠤᠯ ᠦᠨᠳᠦᠰᠦᠳᠡᠨ ᠤ ᠬᠡᠥᠬᠡᠳ ᠤᠨ ᠴᠡᠴᠡᠷᠯᠢᠭ ᠨᠢ ︽ᠰᠡᠳᠬᠢᠯ ᠵᠢᠷᠦᠬᠡ ᠪᠠᠨ ᠨᠢᠭᠡᠳᠭᠡᠵᠦ᠂ ᠠᠨᠠᠷ ᠤᠨ ᠦᠷ᠎ᠡ ᠰᠢᠭ ᠨᠢᠠᠠᠳᠠᠷᠠᠨ ᠪᠦᠯᠬᠦᠮᠳᠡᠬᠦ︾ ᠭᠤᠤᠯ ᠰᠡᠳᠦᠪᠳᠦ ᠤᠷᠠᠨ ᠵᠢᠷᠤᠭ ᠤᠨ ᠦᠵᠡᠰᠭᠦᠯᠡᠩ ᠵᠤᠬᠢᠶᠠᠨ ᠪᠠᠶᠢᠭᠤᠯᠤᠭᠰᠠᠨ ᠪᠠᠶᠢᠨ᠎ᠠ᠃ ᠡᠨᠡᠬᠦ ᠤᠷᠠᠨ ᠵᠢᠷᠤᠭ ᠤᠨ ᠦᠵᠡᠰᠭᠦᠯᠡᠩ ᠳᠤ ᠪᠦᠬᠦ ᠴᠡᠴᠡᠷᠯᠢᠭ ᠤᠨ ᠪᠠᠭᠠᠴᠣᠳ ᠬᠡᠥᠬᠡᠳ ᠴᠦᠮ ᠢᠳᠡᠪᠬᠢᠯᠡᠨ ᠤᠷᠤᠯᠴᠠᠵᠦ᠂ ᠪᠢᠴᠢᠬᠠᠨ ᠪᠦᠥᠪᠡᠢ ᠨᠠᠷ ᠤᠨ ᠭᠡᠷ ᠤᠨ ᠠᠬᠠᠮᠠᠳ ᠲᠠᠢ ᠪᠠᠨ ᠬᠠᠮᠳᠤᠪᠠᠷ ᠵᠢᠷᠤᠵᠦ ᠪᠦᠳᠦᠭᠡᠭᠰᠡᠨ ᠡᠬᠡ ᠤᠯᠤᠰ ᠢᠶᠠᠨ ᠬᠠᠶᠢᠷᠠᠯᠠᠵᠦ ᠂ ᠠᠨᠠᠷ ᠤᠨ ᠦᠷ᠎ᠡ ᠰᠢᠭ ᠨᠢᠠᠠᠳᠠᠷᠠᠨ ᠪᠦᠯᠬᠦᠮᠳᠡᠵᠦ᠂ ᠲᠤᠭᠯᠠᠵᠦ ᠪᠠᠶᠢᠭ᠎ᠠ ᠠᠭᠤᠯᠭ᠎ᠠ ᠶᠢ ᠬᠠᠷᠠᠭᠤᠯᠤᠭᠰᠠᠨ ᠤᠷᠠᠨ ᠵᠢᠷᠤᠭ ᠤᠨ ᠪᠦᠳᠦᠭᠡᠯ ᠤᠳ ᠨᠢ ᠪᠠᠭᠰᠢ ᠰᠤᠷᠤᠭᠴᠢ᠂ ᠭᠡᠷ ᠤᠨ ᠠᠬᠠᠮᠠᠳ ᠤᠨ ᠠᠩᠬᠠᠷᠤᠯ ᠢ ᠶᠡᠬᠡᠪᠡᠷ ᠲᠠᠳᠠᠵᠦ ᠪᠠᠶᠢᠨ᠎ᠠ᠃ ᠮᠤᠩᠭᠤᠯ ᠦᠨᠳᠦᠰᠦᠳᠡᠨ ᠤ ᠬᠡᠥᠬᠡᠳ ᠤᠨ ᠴᠡᠴᠡᠷᠯᠢᠭ ᠤᠨ ︽ᠰᠡᠳᠬᠢᠯ ᠵᠢᠷᠦᠬᠡ ᠪᠠᠨ ᠨᠢᠭᠡᠳᠭᠡᠵᠦ᠂ ᠠᠨᠠᠷ ᠤᠨ ᠦᠷ᠎ᠡ ᠰᠢᠭ ᠨᠢᠠᠠᠳᠠᠷᠠᠨ ᠪᠦᠯᠬᠦᠮᠳᠡᠬᠦ︾ ᠭᠤᠤᠯ ᠰᠡᠳᠦᠪᠳᠦ ᠰᠢᠷᠢᠰ ᠠᠵᠢᠯᠯᠠᠭ᠎ᠠ ᠨᠢ ᠤᠳᠬ᠎ᠠ ᠠᠭᠤᠯᠭ᠎ᠠ ᠲᠠᠢ ᠦᠷᠭᠦᠯᠵᠢᠯᠡᠵᠦ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号