ᠮᠤᠩᠭᠤᠯ ᠦᠨᠳᠦᠰᠦᠳᠡᠨ ᠤ ᠬᠡᠥᠬᠡᠳ ᠤᠨ ᠴᠡᠴᠡᠷᠯᠢᠭ ᠤᠨ ︽ᠰᠡᠳᠬᠢᠯ ᠵᠢᠷᠦᠬᠡ ᠪᠠᠨ ᠨᠢᠭᠡᠳᠭᠡᠵᠦ᠂ ᠠᠨᠠᠷ ᠤᠨ ᠦᠷ᠎ᠡ ᠰᠢᠭ ᠨᠢᠠᠠᠳᠠᠷᠠᠨ ᠪᠦᠯᠬᠦᠮᠳᠡᠬᠦ︾ ᠭᠤᠤᠯ ᠰᠡᠳᠦᠪᠳᠦ ᠰᠢᠷᠢᠰ ᠠᠵᠢᠯᠯᠠᠭ᠎ᠠ — ᠤᠷᠠᠨ ᠤᠩᠰᠢᠯᠭ᠎ᠠ ᠶᠢᠨ ᠦᠵᠡᠭᠦᠯᠡᠪᠦᠷᠢ
ᠨᠡᠶᠢᠲᠡᠯᠡᠭᠰᠡᠨ ᠴᠠᠭ᠄
2023/5/27
      ᠮᠤᠩᠭᠤᠯ ᠦᠨᠳᠦᠰᠦᠳᠡᠨ ᠤ ᠬᠡᠥᠬᠡᠳ ᠤᠨ ᠴᠡᠴᠡᠷᠯᠢᠭ ᠨᠢ ᠦᠨᠳᠦᠰᠦᠳᠡᠨ ᠤ ᠪᠦᠯᠬᠦᠮᠳᠡᠯ ᠤᠨ ᠰᠤᠷᠭᠠᠨ ᠬᠦᠮᠦᠵᠢᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠦ᠂ ᠪᠠᠭᠰᠢ ᠰᠤᠷᠤᠭᠴᠢᠳ ᠤᠨ ᠦᠨᠳᠦᠰᠦᠳᠡᠨ ᠤ ᠪᠦᠯᠬᠦᠮᠳᠡᠯ ᠤᠨ ᠤᠬᠠᠮᠰᠠᠷ ᠢ ᠲᠡᠭᠡᠭᠰᠢᠯᠡᠭᠦᠯᠵᠦ᠂ ᠬᠡᠥᠬᠡᠳ ᠢ ᠵᠢᠯᠤᠭᠤᠳᠴᠦ ᠬᠠᠷᠠᠬᠠᠨ ᠪᠠᠭ᠎ᠠ ᠠᠴᠠ ᠨᠢ ᠵᠦᠪ ᠤᠨᠤᠪᠴᠢᠳᠠᠢ ᠤᠯᠤᠰ ᠢᠶᠠᠨ ᠬᠠᠶᠢᠷᠠᠯᠠᠬᠤ ᠦᠵᠡᠯᠳᠡ᠂ ᠦᠨᠳᠦᠰᠦᠳᠡᠨ ᠢᠶᠠᠨ ᠬᠠᠶᠢᠷᠠᠯᠠᠬᠤ ᠦᠵᠡᠯᠳᠡ ᠶᠢ ᠪᠤᠢ ᠪᠤᠯᠭᠠᠬᠤ ᠶᠢᠨ ᠲᠦᠯᠦᠭᠡ᠂5 ᠰᠠᠷ᠎ᠠ ᠶᠢᠨ25 ᠤ ᠡᠳᠦᠷ ︽ᠦᠨᠳᠦᠰᠦᠳᠡᠨ ᠨᠦᠭᠦᠳ ᠤᠨ ᠰᠡᠳᠬᠢᠯᠬᠡ ᠶᠢ ᠨᠢᠠᠠᠳᠠᠷᠠᠭᠤᠯᠵᠦ᠂ ᠪᠦᠯᠬᠦᠮᠳᠡᠯ ᠤᠨ ᠲᠠᠭᠤᠨ ᠢ ᠤᠯᠠᠮᠵᠢᠯᠠᠨ᠎ᠠ ︾ ᠭᠡᠬᠦ ᠤᠷᠠᠨ ᠤᠩᠰᠢᠯᠭ᠎ᠠ ᠶᠢᠨ ᠦᠵᠡᠭᠦᠯᠡᠪᠦᠷᠢ  ᠶᠢᠨ ᠲᠤᠭᠯᠠᠯᠳᠠ ᠶᠢ ᠡᠷᠬᠢᠯᠡᠨ ᠶᠠᠪᠤᠭᠳᠠᠭᠤᠯᠤᠭᠰᠠᠨ ᠪᠠᠶᠢᠨ᠎ᠠ᠃
微信图片_20230529100839.jpg
      ᠲᠤᠰ ᠤᠳᠠᠭᠠᠨ ᠤ ᠤᠷᠤᠯᠳᠤᠭᠠᠨ ᠳᠤ ᠶᠡᠭᠡ᠂ ᠲᠤᠮᠳᠠ᠂ ᠪᠠᠭ᠎ᠠ ᠠᠩᠭᠢ ᠶᠢᠨ ᠪᠦᠬᠦ ᠰᠤᠷᠤᠭᠴᠢᠳ ᠠᠩᠭᠢ ᠨᠢᠭᠡᠴᠡ ᠪᠠᠷ ᠢᠶᠠᠨ ᠤᠷᠤᠯᠴᠠᠵᠦ᠂ ︽ᠪᠢ ᠡᠬᠡ ᠤᠯᠤᠰ ᠲᠠᠢ ᠪᠠᠨ︾ ︽ᠮᠢᠨᠤ ᠡᠬᠡ ᠤᠯᠤᠰ ᠪᠤᠯ ᠮᠢᠨᠤ ᠡᠵᠢ︾᠂ ︽ᠪᠢᠳᠡ ᠡᠬᠡ ᠤᠯᠤᠰ ᠢᠶᠠᠨ  ᠬᠠᠶᠢᠷᠠᠯᠠᠨ᠎ᠠ︾ ᠵᠡᠷᠭᠡ ᠰᠢᠯᠦᠭ ᠢᠶᠠᠨ ᠬᠦᠭᠡᠷᠦᠬᠦᠨ ᠴᠤᠪᠤᠭᠤᠯᠢᠭ ᠤᠶᠠᠩᠭᠠᠯᠠᠨ ᠰᠤᠨᠢᠷᠬᠠᠭᠤᠯᠤᠭᠰᠠᠨ ᠪᠠᠶᠢᠨ᠎ᠠ᠃      ᠮᠤᠩᠭᠤᠯ ᠦᠨᠳᠦᠰᠦᠳᠡᠨ ᠤ ᠬᠡᠥᠬᠡᠳ ᠤᠨ ᠴᠡᠴᠡᠷᠯᠢᠭ ᠤᠨ ︽ᠰᠡᠳᠬᠢᠯ ᠵᠢᠷᠦᠬᠡ ᠪᠠᠨ ᠨᠢᠭᠡᠳᠭᠡᠵᠦ᠂ ᠠᠨᠠᠷ  ᠤᠨ ᠦᠷ᠎ᠡ ᠰᠢᠭ ᠨᠢᠠᠠᠳᠠᠷᠠᠨ ᠪᠦᠯᠬᠦᠮᠳᠡᠬᠦ︾ ᠭᠤᠤᠯ ᠰᠡᠳᠦᠪ ᠤᠨ ᠲᠤᠭᠤᠷᠢᠨ ᠳᠤ ᠶᠠᠪᠤᠭᠳᠠᠭᠤᠯᠤᠭᠰᠠᠨ ᠤᠷᠠᠨ ᠵᠢᠷᠤᠭ ᠤᠨ ᠦᠵᠡᠰᠭᠦᠯᠡᠩ᠂ ᠤᠷᠠᠨ ᠤᠩᠰᠢᠯᠭ᠎ᠠ ᠶᠢᠨ ᠦᠵᠡᠭᠦᠯᠡᠪᠦᠷᠢ ᠵᠡᠷᠭᠡ ᠨᠢ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠤᠷᠭᠠᠨ ᠬᠦᠮᠦᠵᠢᠯ ᠤᠨ ᠰᠢᠰᠲ᠋ᠧᠮ ᠤᠨ22 ᠳ᠋ᠤᠭᠠᠷ ᠬᠤᠤᠭᠴᠠᠭᠠᠨ ᠤ ᠪᠠᠭᠠᠴᠣᠳ ᠬᠡᠥᠬᠡᠳ ᠤᠨ ᠤᠷᠠᠯᠢᠭ ᠤᠨ ᠨᠠᠶᠢᠷ ᠲᠤ ᠵᠤᠷᠢᠭᠤᠯᠤᠨ ᠶᠠᠪᠤᠭᠳᠠᠭᠤᠯᠤᠭᠰᠠᠨ ᠰᠢᠷᠢᠰ ᠠᠵᠢᠯᠯᠠᠭ᠎ᠠ ᠶᠢᠨ ᠨᠢᠭᠡ ᠪᠤᠯᠤᠨ᠎ᠠ ᠃ ᠡᠨᠡᠬᠦ ᠬᠦᠳᠡᠯᠭᠡᠭᠡᠨ ᠨᠢ ᠮᠤᠩᠭᠤᠯ ᠦᠨᠳᠦᠰᠦᠳᠡᠨ ᠤ ᠬᠡᠥᠬᠡᠳ ᠤᠨ ᠴᠡᠴᠡᠷᠯᠢᠭ ᠤᠨ ᠡᠶ᠎ᠡ ᠵᠤᠬᠢᠴᠠᠯᠳᠦ ᠰᠤᠶᠤᠯ  ᠤᠨ ᠠᠮᠢᠳᠤᠷᠠᠯ ᠢ ᠤᠯᠠᠮ ᠪᠠᠶᠠᠯᠢᠭᠵᠢᠭᠤᠯᠤᠭᠰᠠᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号